ᠲᠠᠸᠠᠷ ᠬᠡᠳᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/1/15

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ

ᠲᠠᠸᠠᠷ ᠬᠡᠳᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

︽ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠪᠡ᠃

ᠨᠢᠭᠡ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠦᠬᠦ ᠬᠡᠯᠬᠢᠶᠡᠨ ᠤ ᠵᠠᠰᠠᠯᠲᠠ ᠶᠢ ᠴᠢᠩᠭᠠᠳᠬᠠᠨ᠎ᠠ

︵ᠨᠢᠭᠡ︶ ᠪᠣᠭᠤᠳᠠᠯᠯᠠᠵᠤ ᠪᠠᠭᠯᠠᠬᠤ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠪᠦᠬᠦ ᠣᠷᠣᠨ ᠤ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠢᠯ ᠲᠥᠷᠥᠯ ᠤᠨ ᠳᠣᠲᠣᠭᠠᠳᠤᠬᠢ ᠵᠢᠷᠤᠭ ᠲᠥᠯᠥᠪᠯᠡᠭᠡ ᠨᠢ ᠵᠦᠢ ᠵᠣᠬᠢᠰᠲᠠᠢ᠂ ᠮᠠᠲ᠋ᠧᠷᠢᠶᠠᠯ ᠬᠡᠷᠡᠭᠯᠡᠬᠦ ᠨᠢ ᠠᠷᠪᠢᠲᠠᠢ᠂ ᠡᠭᠡᠭᠦᠯᠦᠨ ᠬᠤᠷᠢᠶᠠᠬᠤ ᠳᠤ ᠳᠥᠭᠦᠮ᠂ ᠬᠢᠮᠳᠠ ᠲᠣᠬᠢᠯᠢᠭ ᠪᠠᠶᠢᠬᠤ ᠲᠠᠯ᠎ᠠ ᠪᠠᠷ ᠬᠢ ᠵᠢᠱᠢᠶ᠎ᠡ ᠦᠵᠡᠭᠦᠯᠬᠦ ᠴᠢᠨᠠᠷ ᠪᠠ ᠬᠥᠲᠥᠯᠥᠨ ᠵᠢᠯᠤᠭᠤᠳᠬᠤ ᠴᠢᠨᠠᠷ ᠲᠠᠢ ᠲᠥᠰᠥᠯ ᠢ ᠦᠨᠳᠦᠰᠦᠯᠡᠵᠦ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠦᠢᠯᠡᠳᠪᠦᠷᠢᠯᠡᠬᠦ᠂ ᠪᠣᠭᠤᠳᠠᠯᠯᠠᠵᠤ ᠪᠠᠭᠯᠠᠬᠤ ᠮᠠᠲ᠋ᠧᠷᠢᠶᠠᠯ ᠵᠢᠴᠢ ᠦᠢᠯᠡᠳᠪᠦᠷᠢᠯᠡᠯ ᠤᠨ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠦᠵᠦᠭᠦᠷ ᠠᠴᠠ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ ᠢ ᠡᠬᠢ ᠢᠷᠡᠯᠲᠡ ᠠᠴᠠ ᠨᠢ ᠦᠢᠯᠡᠳᠦᠯᠭᠡᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠬᠤᠶᠠᠷ︶ ᠲᠠᠸᠠᠷ ᠦᠢᠯᠡᠳᠪᠦᠷᠢᠯᠡᠬᠦ ᠭᠤᠭᠴᠣᠭᠠᠨ ᠳᠤ ᠬᠡᠲᠦ ᠪᠣᠭᠤᠳᠠᠯᠯᠠᠵᠤ ᠪᠠᠭᠯᠠᠬᠤ ᠶᠢ ᠰᠡᠷᠭᠡᠶᠢᠯᠡᠨ᠎ᠡ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠡᠲᠦ ᠪᠣᠭᠤᠳᠠᠯᠯᠠᠵᠤ ᠪᠠᠭᠯᠠᠬᠤ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠲᠠᠸᠠᠷ ᠤᠨ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢᠯᠡᠳᠬᠦ ᠪᠠ ᠬᠡᠷᠡᠭᠯᠡᠬᠦ ᠵᠡᠷᠭᠡ ᠲᠠᠯ᠎ᠠ ᠪᠠᠷ ᠬᠢ ᠮᠡᠳᠡᠭᠡ ᠵᠠᠩᠭᠢ ᠶᠢᠨ ᠲᠡᠮᠳᠡᠭᠯᠡᠯ ᠤᠨ ᠳᠠᠩᠰᠠ ᠡᠪᠬᠡᠮᠡᠯ ᠢ ᠪᠠᠶᠢᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠥᠭᠦᠮ ᠪᠣᠷᠣᠭᠵᠢᠭᠤᠨ ᠪᠥᠭᠡᠳ ᠪᠣᠬᠢᠷᠲᠤᠯ ᠦᠭᠡᠢ ᠪᠣᠭᠤᠳᠠᠯ ᠪᠠᠭᠯᠠᠭ᠎ᠠ ᠶᠢ ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠢᠮᠵᠢᠶᠠᠵᠢᠭᠤᠯᠤᠯᠲᠠ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠡᠳᠡᠨ ᠤ ᠭᠦᠢᠴᠡᠳᠬᠡᠨ ᠬᠡᠷᠡᠭᠵᠢᠭᠦᠯᠵᠦ ᠪᠠᠶᠢᠭ᠎ᠠ ᠪᠣᠭᠤᠳᠠᠯ ᠪᠠᠭᠯᠠᠭ᠎ᠠ ᠲᠠᠢ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ᠪᠤᠶᠤ ᠠᠵᠤ ᠠᠬᠤᠶᠢᠯᠠᠯ ᠤᠨ ᠪᠠᠷᠢᠮᠵᠢᠶᠠᠨ ᠤ ᠳ᠋ᠤᠭᠠᠷᠯᠠᠯ ᠪᠠ ᠨᠡᠷᠡᠶᠢᠳᠦᠯ ᠢ ᠨᠢ ᠬᠠᠤᠯᠢ ᠶᠣᠰᠣᠭᠠᠷ ᠢᠯᠡ ᠪᠣᠯᠭᠠᠵᠤ᠂ ᠱᠠᠭᠠᠷᠳᠠᠯᠭ᠎ᠠ ᠶᠣᠰᠣᠭᠠᠷ ᠢᠯᠡ ᠪᠣᠯᠭᠠᠭᠰᠠᠨ ᠦᠭᠡᠢ ᠪᠤᠶᠤ ᠪᠦᠲᠦᠭᠡᠭᠳᠡᠬᠦᠨ ᠨᠢ ᠪᠠᠷᠢᠮᠵᠢᠶ᠎ᠠ ᠱᠠᠭᠠᠷᠳᠠᠯᠭ᠎ᠠ ᠳᠤ ᠥᠯᠥ ᠨᠡᠶᠢᠴᠡᠭᠰᠡᠨ ᠠᠵᠤ ᠠᠬᠤᠶᠢᠯᠠᠯ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠪᠠ ᠤᠵᠢᠭ ᠡᠪᠡᠳᠴᠢᠨ ᠵᠡᠷᠭᠡ ᠠᠳᠠᠯᠢ ᠪᠤᠰᠤ ᠠᠬᠤᠢ ᠪᠠᠶᠢᠳᠠᠯ ᠪᠠ ᠲᠥᠷᠥᠯ ᠬᠡᠯᠪᠡᠷᠢ ᠳᠤ ᠬᠠᠨᠳᠤᠭᠤᠯᠤᠨ ᠪᠣᠳᠠᠲᠠᠢ ᠳᠤ ᠨᠡᠶᠢᠴᠡᠭᠰᠡᠨ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶᠠᠨ ᠤ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶ᠎ᠠ ᠶᠢ ᠰᠢᠯᠢᠳᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠭᠤᠷᠪᠠ︶ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠪᠣᠷᠣᠯᠠᠭᠤᠯᠤᠨ ᠬᠤᠳᠠᠯᠳᠤᠬᠤ ᠠᠴᠠ ᠵᠠᠶᠢᠯᠠᠰᠬᠢᠨ᠎ᠡ᠃ ᠪᠣᠷᠣᠯᠠᠭᠤᠯᠤᠨ ᠬᠤᠳᠠᠯᠳᠤᠬᠤ ᠭᠤᠭᠴᠣᠭᠠᠨ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠦᠢᠯᠡ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠬᠠᠤᠯᠢ ᠠᠴᠠ ᠵᠥᠷᠢᠴᠡᠨ ᠪᠣᠷᠣᠯᠠᠭᠤᠯᠵᠤ ᠬᠤᠳᠠᠯᠳᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠬᠡᠵᠦ ᠲᠣᠷᠭᠠᠨ᠎ᠠ᠃ ᠲᠠᠸᠠᠷ ᠪᠣᠷᠣᠯᠠᠭᠤᠯᠤᠭᠴᠢ ᠬᠢᠭᠡᠳ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ ᠬᠠᠮᠵᠢᠯᠴᠠᠨ ᠪᠠᠶᠢᠵᠤ ᠪᠣᠬᠢᠷᠳᠤᠯ ᠦᠭᠡᠢ᠂ ᠳᠥᠭᠦᠮ ᠪᠣᠷᠣᠭᠵᠢᠭᠤᠨ ᠢᠶᠠᠷ ᠪᠣᠭᠤᠳᠠᠯᠯᠠᠵᠤ ᠪᠠᠭᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠨᠢ ᠵᠣᠷᠢᠭᠵᠢᠭᠤᠯᠤᠯ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠵᠡᠩᠨᠡᠭᠴᠢᠳ ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠤᠬᠠᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠱᠠᠭᠠᠷᠳᠠᠯᠭ᠎ᠠ ᠨᠢᠭᠡᠳᠦᠯᠲᠡᠢ ᠪᠠᠶᠢᠬᠤ ᠶᠢ ᠠᠬᠢᠭᠤᠯᠤᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠮᠧᠢ ᠲᠤᠸᠠᠨ ᠵᠡᠷᠭᠡ ᠭᠠᠳᠠᠭᠰᠢ ᠪᠠᠨ ᠬᠤᠳᠠᠯᠳᠤᠬᠤ ᠲᠠᠪᠴᠠᠩ ᠢ ᠰᠢᠮᠳᠠᠭᠤᠯᠵᠤ ᠪᠠᠶᠢᠭᠠᠳ ᠲᠠᠪᠴᠠᠩ ᠤᠨ ᠳᠦᠷᠢᠮ ᠢᠶᠠᠨ ᠲᠡᠭᠦᠯᠳᠡᠷᠵᠢᠭᠦᠯᠦᠨ᠂ ︽ᠬᠤᠭᠤᠯᠠᠨ ᠤ ᠰᠠᠪᠠ ᠬᠡᠷᠡᠭᠰᠡᠯ ᠦᠯᠦ ᠬᠡᠷᠡᠭᠰᠡᠬᠦ︾ ᠰᠣᠩᠭᠤᠯᠲᠠ ᠶᠢ ᠲᠣᠬᠢᠷᠠᠭᠤᠯᠤᠨ ᠨᠡᠭᠡᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ ᠢᠳᠡᠭᠡᠨ ᠤᠮᠳᠠᠭᠠᠨ ᠡᠵᠡᠩᠨᠡᠭᠴᠢᠳ ᠢ ᠰᠢᠮᠳᠠᠭᠤᠯᠤᠨ ᠵᠢᠯᠤᠭᠤᠳᠴᠤ ᠪᠠᠶᠢᠭᠠᠳ ᠭᠠᠳᠠᠭᠰᠢ ᠪᠠᠨ ᠬᠤᠳᠠᠯᠳᠤᠬᠤ ᠪᠣᠭᠤᠳᠠᠯ ᠪᠠᠭᠯᠠᠭ᠎ᠠ ᠶᠢᠨ ᠲᠦᠷᠦᠯ ᠬᠡᠯᠪᠡᠷᠢ ᠶᠢ ᠨᠢ ᠲᠣᠳᠣᠷᠬᠠᠢ ᠲᠣᠭᠲᠠᠭᠠᠯᠭᠠᠬᠤ ᠶᠢᠨ ᠬᠠᠮᠲᠤ ᠬᠠᠤᠯᠢ ᠶᠣᠰᠣᠭᠠᠷ ᠦᠨ᠎ᠡ ᠬᠠᠩᠰᠢ ᠶᠢ ᠨᠢ ᠢᠯᠡ ᠬᠠᠳᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠳᠥᠷᠪᠡ︶ ᠲᠠᠸᠠᠷ ᠢ ᠲᠤᠰᠢᠶᠠᠨ ᠥᠭᠬᠦ ᠭᠤᠭᠴᠣᠭᠠᠨ ᠳᠠᠬᠢ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠪᠠᠭᠠᠰᠬᠠᠬᠤ ᠪᠠᠨ ᠠᠬᠢᠭᠤᠯᠤᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠨᠢ ᠪᠠᠶᠢᠭᠤᠯᠤᠨ ᠪᠦᠷᠢᠨᠰᠢᠭᠦᠯᠵᠦ᠂ ᠠᠵᠢᠯ ᠡᠷᠬᠢᠯᠡᠭᠰᠡᠳ ᠲᠤ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ ᠪᠠᠨ ᠴᠢᠩᠭᠠᠳᠬᠠᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠰᠢᠤᠳᠠᠨ ᠤ ᠵᠦᠢᠯ ᠲᠦᠷᠭᠡᠨ ᠢᠯᠡᠭᠡᠯᠲᠡ ᠶᠢᠨ ᠵᠦᠢᠯ ᠤᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠪᠦᠷᠢᠳᠬᠡᠨ ᠳᠠᠩᠰᠠᠯᠠᠵᠣ ᠬᠠᠮᠢᠶᠠᠷᠬᠤ ᠠᠵᠢᠯ ᠢ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠬᠤ ᠳᠤ ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠬᠡᠷᠡᠭᠯᠡᠬᠦ ᠶᠢ ᠨᠢ ᠵᠣᠷᠢᠭᠵᠢᠭᠤᠯᠵᠤ᠂ ᠬᠦᠨᠳᠦᠴᠡ ᠪᠠᠭᠠᠲᠠᠢ ᠳᠠᠭᠠᠭᠠᠴᠠ ᠶᠡᠬᠡᠲᠡᠢ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭᠠᠲᠤ ᠴᠠᠭᠠᠰᠤᠨ ᠬᠠᠶᠢᠷᠴᠠᠭ᠂ ᠴᠠᠪᠠᠤ ᠦᠭᠡᠢ ᠴᠠᠭᠠᠰᠤᠨ ᠬᠠᠶᠢᠷᠴᠠᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠦᠯᠢᠶᠥᠦ ᠴᠢᠭᠵᠢᠶᠡᠰᠦ ᠶᠢᠨ ᠵᠦᠢᠯ ᠢ ᠬᠡᠷᠡᠭᠯᠡᠬᠦ ᠶᠢ ᠨᠢ ᠪᠠᠭᠠᠰᠬᠠᠨ᠎ᠠ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠢᠯᠡᠭᠡᠨ ᠬᠦᠷᠭᠡᠬᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠭᠡᠷᠡᠴᠢᠯᠡᠭᠡ ᠪᠠᠷ ᠪᠠᠲᠤᠯᠠᠭᠳᠠᠭᠰᠠᠨ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠢ ᠤᠷᠢᠳ ᠢᠶᠠᠷ ᠬᠤᠳᠠᠯᠳᠤᠨ ᠠᠪᠴᠤ ᠬᠡᠷᠡᠭᠯᠡᠭᠦᠯᠦᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ ᠪᠣᠭᠤᠳᠠᠯᠯᠠᠵᠤ ᠪᠠᠭᠯᠠᠬᠤ ᠭᠤᠭᠴᠣᠭᠠᠨ ᠳᠤ ᠪᠠᠷᠢᠮᠵᠢᠶᠠᠵᠢᠭᠤᠯᠤᠨ ᠠᠵᠢᠯᠯᠠᠭᠤᠯᠵᠤ᠂ ᠬᠤᠪᠠᠨᠴᠢᠷ ᠲᠠᠶᠢᠫ ᠬᠡᠷᠡᠭᠯᠡᠬᠦ ᠶᠢ ᠪᠠᠭᠠᠰᠬᠠᠵᠤ᠂ ᠬᠠᠭᠠᠷᠠᠵᠤ ᠬᠡᠮᠬᠡᠷᠡᠬᠦ ᠵᠦᠢᠯ ᠠᠴᠠ ᠪᠤᠰᠤᠳ ᠢ ᠳᠠᠬᠢᠵᠤ ᠬᠤᠶᠠᠳᠠᠭᠢ ᠤᠳᠠᠭ᠎ᠠ ᠪᠣᠭᠤᠳᠠᠯᠯᠠᠨ ᠪᠠᠭᠯᠠᠬᠤ ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠢᠯᠡᠭᠡᠨ ᠬᠦᠷᠭᠡᠬᠦ᠂ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠶᠢᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ ᠬᠠᠮᠵᠢᠯᠴᠠᠬᠤ ᠶᠢ ᠦᠷᠭᠦᠯᠵᠢᠯᠡᠨ ᠠᠬᠢᠭᠤᠯᠵᠤ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ᠂ ᠪᠣᠷᠣᠯᠠᠭᠤᠯᠤᠯᠲᠠ ᠶᠢᠨ ᠪᠣᠭᠤᠳᠠᠯ ᠪᠠᠭᠯᠠᠭ᠎ᠠ ᠪᠠ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠡᠯᠧᠺᠲᠷᠣᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠵᠦᠢᠯ ᠢ ᠤᠤᠯ ᠪᠣᠭᠤᠳᠠᠯ ᠪᠠᠭᠯᠠᠭ᠎ᠠ ᠪᠠᠷ ᠨᠢ ᠰᠢᠭᠤᠳ ᠶᠠᠪᠤᠭᠤᠯᠬᠤ᠂ ᠳᠡᠭᠡᠳᠦ ᠬᠡᠯᠬᠢᠶ᠎ᠡ ᠲᠡᠶᠢᠰᠢ ᠪᠠᠨ ᠤᠷᠢᠳᠠᠴᠢ ᠪᠣᠭᠤᠳᠠᠯᠯᠠᠵᠤ ᠪᠠᠭᠯᠠᠬᠤ ᠦᠢᠯᠡᠴᠢᠯᠡᠭᠡᠨ ᠬᠠᠩᠭᠠᠬᠤ ᠵᠡᠷᠭᠡ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠬᠢᠭᠡᠳ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠠᠮᠵᠢᠯᠴᠠᠭ᠎ᠠ ᠶᠢ ᠵᠣᠷᠢᠭᠵᠢᠭᠤᠯᠤᠨ᠂ ᠬᠡᠷᠡᠭᠯᠡᠭᠴᠢᠳ ᠲᠤ ᠪᠣᠬᠢᠷᠳᠤᠯ ᠦᠭᠡᠢ ᠪᠣᠭᠤᠳᠠᠯ ᠪᠠᠭᠯᠠᠭᠠᠲᠤ ᠪᠦᠲᠦᠭᠡᠭᠳᠡᠬᠦᠨ ᠤ ᠰᠣᠩᠭᠤᠯᠲᠠ ᠶᠢ ᠴᠤᠭᠭᠠᠷ ᠬᠠᠩᠭᠠᠬᠤ ᠶᠢᠨ ᠬᠠᠮᠲᠤ᠂ ᠨᠡᠶᠢᠲᠡ ᠬᠤᠪᠢ ᠪᠠᠷ ᠤᠷᠮᠠᠰᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠲᠥᠯᠥᠨ ᠵᠢᠯᠤᠭᠤᠳᠴᠤ ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠲᠠᠪᠤ︶ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠶᠢ ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠳ ᠢ ᠲᠠᠲᠠᠨ ᠣᠷᠣᠭᠤᠯᠬᠤ ᠶᠢ ᠵᠣᠷᠢᠭᠵᠢᠭᠤᠯᠵᠤ᠂ ᠬᠤᠲᠠ ᠶᠢᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠵᠤ ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠴᠡᠭ ᠤᠨ ᠨᠡᠶᠢᠭᠡᠮ ᠲᠣᠭᠤᠷᠢᠭ ᠲᠤ ᠣᠷᠣᠵᠤ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠳ ᠢ ᠡᠭᠡᠭᠦᠯᠦᠨ ᠬᠤᠷᠢᠶᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ ᠠᠬᠤᠶᠢᠯᠠᠯ ᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ᠣᠳᠣᠬᠢ ᠪᠠᠶᠢᠳᠠᠯ ᠢ ᠮᠥᠷᠳᠡᠨ ᠵᠠᠳᠠᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠠᠵᠢᠯ ᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠡᠬᠢ ᠢᠷᠡᠯᠲᠡ ᠠᠴᠠ ᠨᠢ ᠲᠥᠷᠥᠯ ᠬᠤᠪᠢᠶᠠᠬᠤ ᠯᠤᠭ᠎ᠠ ᠲᠣᠬᠢᠷᠠᠯᠴᠠᠭᠰᠠᠨ ᠲᠥᠷᠥᠯ ᠬᠤᠪᠢᠶᠠᠨ ᠴᠤᠭᠯᠠᠭᠤᠯᠬᠤ ᠪᠡᠯᠡᠳᠬᠡᠮᠵᠢ ᠪᠠ ᠲᠥᠷᠥᠯ ᠬᠤᠪᠢᠶᠠᠨ ᠵᠥᠭᠡᠭᠡᠪᠦᠷᠢᠯᠡᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠤ ᠪᠠᠭᠯᠠᠭᠰᠠᠨ ᠪᠣᠳᠠᠰ ᠢ ᠡᠭᠡᠭᠦᠯᠦᠨ ᠬᠤᠷᠢᠶᠠᠵᠤ ᠴᠡᠪᠡᠷᠯᠡᠨ ᠵᠥᠭᠡᠭᠡᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ

︵ᠵᠢᠷᠭᠤᠭ᠎ᠠ︶ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠸᠠᠷ ᠦᠢᠯᠡᠳᠪᠦᠷᠢᠯᠡᠬᠦ᠂ ᠪᠣᠷᠣᠯᠠᠭᠤᠯᠬᠤ᠂ ᠲᠤᠰᠢᠶᠠᠨ ᠥᠭᠬᠦ ᠵᠡᠷᠭᠡ ᠭᠤᠭᠴᠣᠭᠠᠨ ᠳᠠᠬᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠳᠤ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠭᠡᠨ ᠢᠯᠡᠭᠡᠯᠲᠡ ᠶᠢᠨ ᠡᠯ᠎ᠡ ᠭᠤᠭᠴᠣᠭᠠᠨ ᠳᠠᠬᠢ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭᠠᠢ ᠪᠣᠳᠠᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠭᠤᠳᠠᠯᠯᠠᠵᠤ ᠪᠠᠭᠯᠠᠬᠤ ᠤᠭᠤᠲᠠ᠂ ᠬᠡᠲᠦ ᠪᠣᠭᠤᠳᠠᠯᠯᠠᠵᠤ ᠪᠠᠭᠯᠠᠬᠤ ᠪᠠ ᠲᠠᠪᠠ ᠪᠠᠷ ᠪᠣᠭᠤᠳᠠᠯᠯᠠᠵᠤ ᠪᠠᠭᠯᠠᠬᠤ ᠬᠤᠶᠠᠷ ᠲᠤᠰᠬᠠᠢ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠵᠥᠪᠯᠡᠯᠴᠡᠭᠡᠷ ᠲᠣᠭᠲᠠᠭᠰᠠᠨ ᠬᠡᠷᠡᠭᠯᠡᠭᠴᠢ ᠳᠤ ᠥᠪᠡᠰᠦᠪᠡᠨ ᠪᠣᠭᠤᠳᠠᠯ ᠪᠠᠭᠯᠠᠭ᠎ᠠ ᠪᠡᠯᠡᠳᠬᠡᠬᠦ ᠶᠢ ᠪᠢᠴᠢᠭ ᠢᠶᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠨᠢ ᠪᠠᠭᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ ᠵᠡᠷᠭᠡ ᠱᠠᠭᠠᠷᠳᠠᠯᠭ᠎ᠠ ᠶᠢ ᠢᠯᠡᠭᠡᠯᠲᠡ ᠶᠢᠨ ᠵᠦᠢᠯ ᠢ ᠬᠦᠯᠢᠶᠡᠨ ᠠᠪᠬᠤ ᠦᠢᠯᠡᠴᠢᠯᠡᠭᠡᠨ ᠤ ᠵᠥᠪᠯᠡᠯᠴᠡᠭᠡᠷ ᠲᠤ ᠪᠠᠨ ᠣᠷᠤᠭᠤᠯᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠭᠯᠠᠬᠤ ᠳᠤ ᠠᠮᠠᠷᠬᠠᠨ ᠪᠣᠭᠤᠳᠠᠯ ᠪᠠᠭᠯᠠᠭ᠎ᠠ ᠶᠢ ᠡᠩ ᠲᠡᠷᠢᠭᠦᠨ ᠳᠤ ᠬᠡᠷᠡᠭᠯᠡᠭᠦᠯᠦᠨ᠂ ᠬᠦᠢᠲᠡᠨ ᠬᠡᠯᠬᠢᠶᠡᠨ ᠳᠤ ᠣᠷᠴᠢᠯᠳᠤᠭᠤᠯᠤᠨ ᠬᠡᠷᠡᠭᠯᠡᠵᠦ ᠪᠣᠯᠬᠤ ᠪᠣᠬᠢᠷᠳᠤᠯ ᠦᠭᠡᠢ ᠳᠠᠮᠵᠢᠭᠤᠯᠬᠤ ᠬᠠᠶᠢᠷᠴᠠᠭ ᠢ ᠬᠡᠷᠡᠭᠯᠡᠭᠦᠯᠦᠨ᠎ᠡ᠃ ᠤᠯᠤᠰ ᠤᠨ ᠬᠡᠳᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠳ ᠢ ᠪᠣᠭᠤᠳᠠᠯ ᠪᠠᠭᠯᠠᠭ᠎ᠠ ᠶᠢᠨ ᠡᠵᠡᠯᠡᠬᠦᠨ ᠬᠦᠨᠳᠦᠴᠡ ᠶᠢ ᠪᠠᠭᠤᠷᠠᠭᠤᠯᠵᠤ᠂ ᠪᠣᠭᠤᠳᠠᠯᠯᠠᠵᠤ ᠪᠠᠭᠯᠠᠬᠤ ᠥᠪᠡᠷ ᠤᠨ ᠦᠷᠲᠡᠭ ᠢᠶᠠᠨ ᠠᠷᠪᠢᠯᠠᠭᠤᠯᠬᠤ ᠪᠠᠷ ᠬᠥᠲᠥᠯᠥᠨ ᠵᠢᠯᠤᠭᠤᠳᠴᠤ᠂ ᠤᠯᠤᠰ ᠤᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ ᠪᠣᠯᠵᠣᠨ ᠬᠡᠯᠡᠯᠴᠡᠬᠦ ᠵᠡᠷᠭᠡ ᠵᠠᠰᠠᠭ ᠵᠠᠬᠢᠷᠭᠠᠨ ᠤ ᠵᠢᠯᠤᠭᠤᠳᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶

︵ᠳᠣᠯᠤᠭ᠎ᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠭᠴᠢᠳ ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶᠠᠨ ᠤ ᠪᠣᠯᠪᠠᠰᠤᠷᠠᠯ ᠬᠦᠷᠲᠡᠭᠡᠬᠦ ᠪᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠤ ᠪᠠᠭᠯᠠᠭᠰᠠᠨ ᠢ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢᠯᠡᠳᠪᠦᠷᠢᠯᠡᠨ ᠪᠣᠷᠣᠯᠠᠭᠤᠯᠬᠤ ᠠᠵᠤ ᠠᠬᠤᠶᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠬᠤᠯᠠ ᠴᠠᠭ ᠤᠯᠠᠷᠢᠯ᠂ ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠤᠳ ᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ ᠡᠷᠡᠭᠦᠯᠵᠢᠯ ᠤᠨ ᠢᠳᠡᠭᠡᠨ ᠤ ᠵᠦᠢᠯᠡᠰ᠂ ᠵᠠᠰᠠᠯ ᠴᠢᠮᠡᠭᠯᠡᠯ ᠤᠨ ᠡᠳ᠋ ᠵᠡᠷᠭᠡ ᠭᠤᠣᠯ ᠪᠣᠯᠬᠤ ᠲᠠᠸᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ ᠬᠡᠷᠡᠭ ᠤᠳ ᠢ ᠭᠦᠨ ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃ ᠬᠤᠨᠤᠭ ᠪᠠᠭᠤᠳᠠᠯ᠂ ᠬᠤᠭᠤᠯᠠᠨ ᠭᠡᠷ ᠵᠡᠷᠭᠡ ᠶᠢᠨ ᠳᠡᠭᠡᠳᠦ ᠳᠡᠰ ᠤᠨ ᠵᠠᠬᠢᠶᠠᠯᠠᠭᠰᠠᠨ ᠪᠡᠯᠡᠭ ᠰᠡᠯᠲᠡ ᠬᠠᠩᠭᠠᠬᠤ ᠶᠠᠪᠤᠴᠠ ᠳᠠᠬᠢ ᠬᠡᠳᠦ ᠪᠣᠭᠤᠳᠠᠯᠯᠠᠵᠤ ᠪᠠᠭᠯᠠᠬᠤ ᠦᠢᠯᠡ ᠠᠵᠢᠯᠯᠠᠭ᠎ᠠ ᠵᠢᠴᠢ ᠰᠣᠶᠣᠯ ᠤᠨ ᠡᠭᠦᠳᠦᠨ ᠪᠦᠲᠦᠭᠡᠯᠭᠡ ᠶᠢᠨ ᠨᠡᠷ᠎ᠡ ᠪᠠᠷ ᠲᠠᠸᠠᠷ ᠬᠡᠳᠦ ᠪᠣᠭᠤᠳᠠᠯᠯᠠᠵᠤ ᠪᠠᠭᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠯᠧᠺᠲᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ ᠲᠡᠳᠡᠨ ᠢ ᠰᠢᠮᠳᠠᠭᠤᠯᠵᠤ ᠪᠠᠶᠢᠭᠠᠳ ᠲᠠᠪᠴᠠᠩ ᠳᠠᠬᠢ ᠡᠵᠡᠩᠨᠡᠭᠴᠢ ᠶᠢᠨ ᠭᠤᠣᠯ ᠴᠣᠭᠴᠠᠲᠤ ᠬᠢᠷᠢ ᠬᠡᠮ ᠪᠠ ᠲᠠᠸᠠᠷ ᠤᠨ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠪᠠᠨ ᠴᠢᠩᠭᠠᠳᠬᠠᠯᠭᠠᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠢᠳᠡᠪᠬᠢᠲᠡᠢ ᠬᠠᠮᠵᠢᠯᠴᠠᠭᠤᠯᠤᠨ᠎ᠠ᠃ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠶᠢ ᠪᠠᠷᠢᠮᠲᠠᠯᠠᠨ᠂ ᠡᠯᠧᠺᠲᠷᠣᠨ ᠬᠤᠳᠠᠯᠳᠤᠭᠠᠨ ᠤ ᠠᠷᠭ᠎ᠠ ᠵᠠᠮ ᠢᠶᠠᠷ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠬᠤ ᠲᠠᠯ᠎ᠠ ᠪᠠᠷ ᠬᠢ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠳᠤ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠤᠨ ᠬᠤᠳᠠᠯᠳᠤᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠬᠡᠷᠡᠭᠯᠡᠭᠴᠢᠳ ᠤᠨ ᠵᠠᠭᠠᠯᠳᠤᠬᠤ ᠵᠠᠮ ᠮᠥᠷ ᠢ ᠰᠢᠯᠤᠭᠤᠳᠬᠠᠨ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠡᠯ᠎ᠡ ᠲᠥᠷᠥᠯ ᠤᠨ ᠰᠦᠪᠡᠭᠴᠢ ᠶᠢ ᠭᠦᠢᠴᠡᠳ ᠠᠭᠤᠳᠠᠯᠵᠤ᠂ ᠬᠡᠷᠡᠭᠯᠡᠭᠴᠢᠳ ᠤᠨ ᠲᠤᠰᠬᠠᠯ ᠶᠡᠭᠡ ᠪᠠᠶᠢᠭ᠎ᠠ ᠲᠣᠪᠣᠶᠢᠮ᠎ᠠ ᠠᠰᠠᠭᠤᠳᠠᠯ ᠤᠳ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠪᠣᠭᠤᠳᠠᠯ ᠪᠠᠭᠯᠠᠭ᠎ᠠ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢ ᠢᠯᠡ ᠪᠠᠷ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠨ᠎ᠠ᠃ ᠴᠠᠭ ᠲᠤ ᠨᠢ ᠲᠣᠬᠢᠷᠠᠭᠤᠯᠵᠤ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠨᠡᠶᠢᠭᠡᠮ ᠳᠤ ᠢᠯᠡᠷᠡᠭᠦᠯᠦᠨ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠯᠭᠠᠵᠦ᠂ ᠱᠠᠩᠨᠠᠵᠤ ᠵᠠᠯᠬᠠᠭᠠᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠰᠠᠭᠤᠳᠠᠯ ᠢᠶᠠᠨ ᠴᠡᠭᠴᠡᠯᠡᠨ ᠵᠠᠯᠠᠷᠠᠭᠤᠯᠬᠤ ᠶᠢ ᠰᠢᠮᠳᠠᠭᠤᠯᠵᠤ᠂ ᠲᠡᠷᠢᠭᠦᠨ ᠤ ᠬᠢ ᠶᠢ ᠨᠢ ᠨᠡᠪᠲᠡᠷᠡᠭᠦᠯᠦᠨ ᠰᠠᠶᠢᠰᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯ᠎ᠡ ᠠᠶᠢᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠵᠦ ᠪᠠᠶᠢᠭ᠎ᠠ ᠠᠵᠢᠯ ᠤᠨ ᠠᠬᠢᠴᠠ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠨᠡᠶᠢᠭᠡᠮ ᠤᠨ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠪᠠᠶᠢᠩᠭᠤᠵᠢᠭᠰᠠᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠤᠨ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠠᠶᠢᠯᠭᠠᠬᠤ︾ ᠵᠠᠷᠴᠢᠮ ᠶᠣᠰᠣᠭᠠᠷ᠂ ᠢᠯᠡᠭᠡᠨ ᠬᠦᠷᠭᠡᠬᠦ ᠠᠵᠤ ᠠᠬᠤᠶᠢᠯᠠᠯ ᠪᠦᠭᠦᠨ ᠳᠤ ᠣᠨ ᠤ ᠥᠪᠡᠷ ᠢ ᠪᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠠᠵᠢᠯ ᠢ ᠬᠠᠮᠤᠷᠠᠭᠤᠯᠤᠨ ᠪᠡᠶᠡᠯᠡᠭᠦᠯᠵᠦ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠭᠤᠷᠪᠠ᠂ ᠲᠤᠯᠭᠠᠭᠤᠷᠢᠯᠠᠵᠤ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ

︵ᠨᠠᠢᠮᠠ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠨ᠎ᠠ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠳᠦᠷᠢᠮ ᠤᠨ ᠱᠠᠭᠠᠷᠳᠠᠯᠭ᠎ᠠ ᠶᠣᠰᠣᠭᠠᠷ᠂ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ᠲᠦᠷᠭᠡᠨ ᠢᠯᠡᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠨ ᠤ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠬᠠᠤᠯᠢ ᠴᠠᠭᠠᠵᠠ ᠶᠢᠨ ᠤᠬᠠᠮᠰᠠᠷ᠂ ᠨᠡᠶᠢᠭᠡᠮ ᠨᠡᠶᠢᠲᠡ ᠶᠢᠨ ᠬᠢᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠶᠢᠰᠦ︶ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠢᠳᠡᠰᠢᠨ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠯᠡᠭᠡᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠢᠳᠡᠭᠡᠨ ᠤ ᠵᠦᠢᠯ ᠪᠠ ᠵᠠᠰᠠᠯ ᠴᠢᠮᠡᠭᠯᠡᠯ ᠤᠨ ᠡᠳ᠋ ᠵᠡᠷᠭᠡ ᠶᠢᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠨᠡᠪᠲᠡᠷᠬᠡᠢ ᠳᠦᠷᠢᠮ ᠤᠨ ᠪᠠᠷᠢᠮᠵᠢᠶ᠎ᠠ ᠶᠢ ᠲᠣᠭᠲᠠᠭᠠᠭᠰᠠᠨ ︵ᠵᠠᠰᠠᠪᠤᠷᠢ ᠣᠷᠣᠭᠤᠯᠤᠭᠰᠠᠨ︶ ᠪᠠᠶᠢᠳᠠᠯ ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠠᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠣᠨ ᠤ ᠲᠥᠰᠥᠪ ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ᠂ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯ ᠢ ᠤᠷᠤᠭᠰᠢᠲᠠᠢ ᠡᠮᠬᠢ ᠵᠢᠷᠤᠮ ᠲᠠᠢ ᠪᠠᠷ ᠥᠷᠨᠢᠭᠦᠯᠬᠦ ᠶᠢ ᠪᠠᠲᠤᠯᠠᠬᠤ ᠳᠤ ᠬᠡᠷᠡᠭᠯᠡᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠭᠠᠨ ᠵᠢᠯᠤᠭᠤᠳᠴᠤ ᠪᠠᠶᠢᠭᠠᠳ ᠬᠠᠶᠠᠭᠳᠠᠮᠠᠯ ᠪᠣᠭᠤᠳᠠᠯ ᠪᠠᠭᠯᠠᠭ᠎ᠠ ᠶᠢᠨ ᠪᠣᠳᠠᠰ ᠢ ᠡᠬᠢ ᠪᠠᠶᠠᠯᠢᠭᠵᠢᠭᠤᠯᠬᠤ ᠪᠠ ᠤᠷᠴᠢᠯᠳᠤᠭᠤᠯᠤᠨ ᠠᠰᠢᠭᠯᠠᠬᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠲᠥᠪ ᠤᠨ ᠲᠥᠰᠥᠪ ᠲᠠᠬᠢ ᠪᠡᠯᠡ ᠮᠥᠩᠭᠦᠨ ᠤ ᠣᠷᠤᠭᠤᠯᠤᠯᠲᠠ ᠬᠢᠬᠦ ᠬᠠᠨᠳᠤᠰᠢ ᠶᠢ ᠦᠨᠳᠦᠰᠦᠯᠡᠨ᠂ ᠳᠡᠮᠵᠢᠯᠭᠡ ᠣᠯᠬᠤ ᠪᠠᠷ ᠢᠳᠡᠪᠬᠢᠲᠡᠢ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ ᠵᠠᠰᠠᠭ ᠤᠨ ᠣᠷᠳᠣᠨ ᠤ ᠪᠣᠬᠢᠷᠳᠤᠯ ᠦᠭᠡᠢ ᠶᠢᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ ︽ᠲᠠᠸᠠᠷ ᠤᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠵᠢᠷᠤᠮᠯᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋  ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ ᠪᠠ ᠡᠨᠧᠷᠭᠢ ᠶᠢᠨ ᠬᠤᠷᠣᠭᠳᠠᠯ ᠪᠠᠭ᠎ᠠ ᠣᠶᠤᠨᠯᠢᠭ ᠪᠠᠷᠠᠭᠠᠨ ᠤ ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠶᠢᠨ ᠬᠢ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶

︵ᠠᠷᠪᠠᠨ ᠨᠢᠭᠡ︶ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠢ ᠰᠢᠮᠳᠠᠭᠤᠯᠤᠨ ᠵᠢᠯᠤᠭᠤᠳᠴᠤ ᠪᠠᠶᠢᠭᠠᠳ ᠠᠵᠢᠯ ᠲᠥᠷᠥᠯ ᠳᠤ ᠭᠦᠨᠵᠡᠭᠡᠶᠢᠷᠡᠬᠦ᠂ ᠠᠵᠤ ᠠᠬᠤᠶᠢᠯᠠᠯ ᠳᠤ ᠦᠢᠯᠡᠴᠢᠯᠡᠬᠦ᠂ ᠨᠡᠶᠢᠯᠡᠮᠡᠯ ᠬᠦᠴᠦᠨ ᠢᠶᠠᠨ ᠨᠢᠭᠲᠠᠷᠠᠭᠤᠯᠬᠤ ᠳᠠᠬᠢ ᠣᠨᠴᠠᠭᠠᠢ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠤᠨ᠂ ᠠᠵᠢᠯ ᠲᠥᠷᠥᠯ ᠤᠨ ᠳᠣᠲᠣᠭᠠᠳᠤᠬᠢ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠤᠬᠠᠭᠤᠯᠤᠨ ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠳᠥᠭᠦᠮ ᠪᠣᠷᠣᠭᠵᠢᠭᠤᠨ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠠᠯᠬᠤᠮ ᠠᠯᠬᠤᠮ ᠢᠶᠠᠷ ᠪᠣᠢ ᠪᠣᠯᠭᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ ᠳᠣᠲᠣᠭᠠᠳᠤᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠪᠠᠶᠢᠳᠠᠯ ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠣᠨᠣᠪᠴᠢᠲᠠᠢ ᠪᠠᠷ ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠠᠩᠭᠠᠵᠤ᠂ ᠨᠡᠶᠢᠭᠡᠮ ᠳᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠤᠷᠢᠭᠯᠠᠨ ᠵᠣᠭᠰᠣᠭᠠᠭᠰᠠᠨ ᠮᠡᠳᠡᠭᠦᠯᠦᠯᠲᠡ ᠶᠢ ᠨᠡᠶᠢᠲᠡᠯᠡᠨ᠂ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠠᠨ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠨ ᠴᠢᠩᠭᠠᠳᠬᠠᠨ᠎ᠠ

︵ᠠᠷᠪᠠᠨ ᠬᠤᠶᠠᠷ︶ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠎ᠠ᠃ ᠰᠠᠯᠠᠭ᠎ᠠ ᠮᠥᠴᠢᠷ ᠤᠨ ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠵᠠᠰᠠᠭᠰᠠᠨ ᠠᠵᠢᠯ ᠤᠨ ᠠᠬᠢᠴᠠ ᠪᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠤᠳ ᠲᠤ ᠴᠢᠭᠯᠡᠭᠦᠯᠦᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠪᠣᠯᠬᠤ ᠠᠵᠢᠯ ᠢᠶᠠᠨ ᠬᠠᠷᠠᠯᠲᠠ ᠬᠠᠨᠳᠤᠯᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠮᠡᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

︵ᠠᠷᠪᠠᠨ ᠭᠤᠷᠪᠠ︶ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠵᠢᠯ ᠢ ᠶᠡᠷᠦᠩᠬᠡᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

︵ᠠᠷᠪᠠᠨ ᠳᠥᠷᠪᠡ︶ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠣᠨᠢᠨ ᠮᠡᠳᠡᠭᠡᠨ ᠤ ᠵᠠᠭᠤᠴᠢᠯᠠᠭᠤᠷ ᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠤᠨ ᠲᠠᠶᠢᠯᠤᠮᠵᠢ ᠬᠢᠵᠦ᠂ ᠪᠣᠬᠢᠷᠳᠤᠯ ᠦᠭᠡᠢ ᠠᠷᠪᠢᠴᠢ ᠭᠠᠮᠲᠠᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠨᠡᠶᠢᠲᠡᠯᠢᠭ ᠠᠷᠭ᠎ᠠ ᠬᠢᠳᠡᠯ᠂ ᠲᠡᠷᠢᠭᠦᠨ ᠤ ᠨᠢᠭᠡᠴᠢ ᠪᠠ ᠬᠤᠪᠢ ᠬᠥᠮᠥᠨ ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠳ ᠢ ᠳᠡᠰ ᠳᠠᠷᠠᠭᠠᠯᠠᠯ ᠶᠣᠰᠣᠭᠠᠷ ᠴᠠᠭ ᠲᠤ ᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠡᠰᠡᠷᠭᠦᠴᠡᠨ ᠬᠤᠷᠢᠭᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2023 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ