|
ᠤᠯᠠᠭᠠᠨᠬᠠᠳᠠ ᠬᠤᠲᠠ ᠳᠤ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠨᠢᠭᠡ ᠨᠡᠮᠡᠭᠳᠡᠪᠡ |
|
|
ᠨᠡᠶᠢᠲᠡᠯᠡᠭᠰᠡᠨ ᠴᠠᠭ᠄
2024/1/18
|
|
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠥᠷ ᠮᠣᠩᠭᠤᠯ ᠤᠨ ᠥᠯᠵᠡᠶᠢᠮᠥ᠋ᠷᠡᠨ ᠨᠤᠭᠤ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ︾ ᠳᠤ ᠣᠷᠣᠭᠤᠯᠬᠤ ᠪᠠᠷ ᠲᠣᠭᠲᠠᠪᠠ᠃ ᠥᠯᠵᠡᠶᠢᠮᠥ᠋ᠷᠡᠨ ᠨᠤᠭᠤ ᠭᠠᠵᠠᠷ ᠪᠣᠯ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠳᠤ ᠪᠠᠶᠢᠷᠢᠯᠠᠵᠤ᠂ ᠨᠡᠭᠦᠳᠡᠯ ᠤᠨ ᠰᠢᠪᠠᠭᠤᠳ ᠤᠨ ︽ᠵᠡᠭᠦᠨ ᠠᠽᠢᠶ᠎ᠠ – ᠠᠦ᠋ᠰᠳ᠋ᠷᠠᠯᠢᠰᠢᠶᠠ︾ ᠨᠡᠭᠦᠳᠡᠯᠯᠡᠬᠦ ᠵᠠᠮ ᠤᠨ ᠴᠢᠬᠤᠯᠠ ᠥᠷᠲᠡᠭᠡ ᠪᠠᠶᠢᠵᠤ᠂ ᠭᠤᠣᠯᠳᠠᠭᠤ ᠬᠤᠪᠣᠷ ᠴᠤᠬᠠᠭ ᠬᠡᠭᠡᠷ᠎ᠡ ᠶᠢᠨ ᠨᠡᠭᠦᠳᠡᠯ ᠤᠨ ᠰᠢᠪᠠᠭᠤᠳ ᠵᠢᠴᠢ ᠲᠡᠳᠡᠭᠡᠷ ᠤᠨ ᠣᠷᠣᠩᠨᠠᠬᠤ ᠭᠠᠵᠠᠷ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠎ᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠨᠤᠭᠤ ᠭᠠᠵᠠᠷ ᠲᠤ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ 24 ᠵᠦᠢᠯ ᠤᠨ ᠬᠡᠭᠡᠷ᠎ᠡ ᠶᠢᠨ ᠠᠮᠢᠲᠠᠨ ᠢ ᠣᠷᠣᠭᠤᠯᠵᠤ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ 3 ᠵᠦᠢᠯ ᠤᠨ ᠤᠷᠭᠤᠮᠠᠯ ᠲᠠᠷᠬᠠᠵᠤ ᠪᠠᠶᠢᠨ᠎ᠠ᠃ ᠨᠤᠭᠤ ᠭᠠᠵᠠᠷ ᠲᠤ ᠠᠮᠢᠳᠤ ᠪᠣᠳᠠᠰ ᠤᠨ ᠪᠦᠯᠦᠭᠯᠡᠯ ᠨᠢ ᠤᠤᠭᠠᠯ ᠴᠢᠨᠠᠷ ᠢᠶᠠᠨ ᠬᠠᠳᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠨᠢ ᠬᠠᠷᠢᠴᠠᠩᠭᠤᠢ ᠲᠣᠭᠲᠠᠭᠤᠨ᠂ ᠠᠮᠢᠳᠤ ᠪᠣᠳᠠᠰ ᠤᠨ ᠭᠢᠨᠵᠢ ᠨᠢ ᠦᠨᠳᠦᠰᠦᠨ ᠳᠤ ᠪᠠᠨ ᠪᠦᠷᠢᠨ ᠪᠦᠲᠦᠨ᠂ ᠠᠮᠢ ᠠᠬᠤᠢ ᠶᠢᠨ ᠰᠢᠰᠲ᠋ᠧᠮ ᠨᠢ ᠨᠡᠯᠢᠶᠡᠳ ᠡᠷᠡᠭᠦᠯ ᠪᠠᠶᠢᠵᠤ᠂ ᠨᠡᠯᠢᠶᠡᠳ ᠴᠢᠩᠭ᠎ᠠ ᠪᠠᠶᠢᠭᠠᠵᠢ ᠴᠢᠨᠠᠷ ᠲᠠᠢ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ ᠤᠨ ᠨᠡᠷᠡᠰ ᠲᠤ ᠵᠢᠭᠰᠠᠭᠠᠭᠳᠠᠭᠰᠠᠨ ᠨᠢ ᠨᠤᠭᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠬᠦ ᠪᠠ ᠨᠤᠭᠤ ᠭᠠᠵᠠᠷ ᠤᠨ ᠬᠠᠮᠠᠭᠠᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|