ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/2

12 ᠰᠠᠷ᠎ᠠ ᠶᠢᠨ 28 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃

ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠲᠦᠷᠦᠭᠦᠯᠡᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠣᠨ ᠤ ᠲᠥᠯᠥᠪᠯᠡᠭᠡ ᠪᠠ ᠭᠤᠣᠯᠳᠠᠯᠭ᠎ᠠ ᠶᠢ ᠲᠣᠭᠲᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠡᠳᠦᠷ ᠲᠤᠲᠤᠮ ᠤᠨ ᠠᠵᠢᠯ ᠳᠠᠭᠠᠨ ᠦᠨᠡᠨ ᠬᠦ ᠠᠭᠤᠰᠬᠠᠵᠤ᠂ ᠪᠠᠶᠢᠩᠭᠤᠵᠢᠭᠤᠯᠤᠨ ᠦᠷ᠎ᠡ ᠪᠦᠳᠦᠮᠵᠢ ᠭᠠᠷᠭᠠᠵᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ︽ᠵᠢᠷᠭᠤᠭᠠᠨ ᠢᠨᠵᠧᠨᠧᠷᠢᠩ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠰᠡᠳᠬᠢᠴᠡ ᠶᠢ ᠰᠤᠳᠤᠯᠵᠤ᠂ ᠲᠤᠰᠬᠠᠢ ᠪᠠᠶᠢᠷᠢᠯᠠᠭᠤᠯᠤᠯᠲᠠ ᠬᠢᠵᠦ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠨ ᠵᠣᠬᠢᠶᠠᠨ ᠪᠠᠶᠢᠭᠤᠯᠵᠤ ᠰᠠᠶᠢᠲᠤᠷ ᠭᠤᠣᠯ ᠳᠠᠭᠠᠷᠢᠬᠴᠢ᠂ ᠭᠤᠣᠯ ᠬᠦᠴᠦᠨ ᠪᠣᠯᠵᠤ᠂ ᠲᠤᠰᠬᠠᠢ ᠪᠠᠭ ᠢᠶᠠᠷ ᠠᠬᠢᠭᠤᠯᠵᠤ᠂ ᠡᠷᠲᠡᠬᠡᠨ ᠦᠷ᠎ᠡ ᠪᠦᠲᠦᠭᠡᠯ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠲᠦᠷᠦ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠲᠡᠷᠢᠭᠦᠨ ᠤ ᠠᠷᠭ᠎ᠠ ᠬᠢᠳᠡᠯ ᠢ ᠰᠤᠷᠤᠯᠴᠠᠵᠤ᠂ ᠬᠡᠰᠡᠭ ᠲᠣᠭᠤᠷᠢᠭ ᠤᠨ ᠲᠣᠬᠢᠷᠠᠭᠤᠯᠤᠯᠲᠠ ᠶᠢᠨ ᠲᠥᠰᠥᠯ ᠪᠣᠯᠣᠨ ᠳᠦᠷᠢᠮ ᠤᠨ ᠰᠢᠨ᠎ᠡ ᠶᠢ ᠡᠭᠦᠳᠬᠦ ᠨᠠᠷᠢᠨ ᠲᠠᠩᠰᠠ ᠶᠢ ᠱᠠᠯᠠᠪᠳᠠᠨ ᠳᠤᠷᠠᠳᠴᠤ᠂ ᠨᠡᠩ ᠤᠯᠠᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠵᠤ᠂ ᠨᠠᠶᠢᠳᠠᠪᠤᠷᠢᠵᠢᠭᠤᠯᠵᠤ ᠳᠡᠶᠢᠯᠭᠦ ᠶᠢ ᠨᠢ ᠤᠷᠢᠳ ᠢᠶᠠᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢᠨ ᠬᠡᠷᠡᠭᠵᠢᠭᠦᠯᠬᠦ ᠲᠥᠰᠥᠯ ᠢ ᠰᠤᠳᠤᠯᠤᠨ ᠪᠠᠲᠤᠯᠠᠵᠤ᠂ ᠥᠭᠡᠷᠡᠴᠢᠯᠡᠯᠲᠡ ᠦᠢᠯᠡᠴᠢᠯᠡᠭᠡ ᠶᠢ ᠵᠡᠷᠭᠡ ᠪᠠᠷ ᠠᠳᠬᠤᠵᠤ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ ᠵᠡᠷᠭᠡ ᠲᠠᠯ᠎ᠠ ᠪᠠᠷ ᠬᠠᠩᠭᠠᠨ ᠪᠣᠷᠣᠯᠠᠭᠤᠯᠬᠤ ᠰᠢᠰᠲ᠋ᠧᠮ ᠤᠨ ᠦᠢᠯᠡᠳᠦᠯ ᠢ ᠨᠠᠩ ᠶᠡᠭᠡ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠶᠡᠷᠦᠩᠬᠡᠶᠢᠯᠡᠭᠰᠡᠨ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠣᠯᠣᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠪᠠᠲᠤᠯᠠᠵᠤ᠂ ᠳᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠪᠣᠭᠤᠮᠲᠠ ᠶᠢ ᠰᠠᠬᠢᠬᠤ ᠪᠠ ᠡᠳᠦᠷ ᠳᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠢᠯᠢᠳᠡᠭ ᠢ ᠨᠢ ᠦᠯᠡᠳᠡᠭᠡᠵᠦ ᠰᠢᠭᠠᠷᠤ ᠶᠢ ᠨᠢ ᠰᠢᠭᠰᠢᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠤ ᠴᠢᠨᠠᠭᠰᠢᠳᠠ ᠳᠦᠷᠢᠮᠵᠢᠬᠦ ᠶᠢ ᠠᠬᠢᠭᠤᠯᠵᠤ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ︾ ᠶᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠢᠢᠳᠪᠦᠷᠢᠯᠡᠬᠦ ᠵᠡᠷᠭᠡ ᠶᠠᠪᠤᠳᠠᠯ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ