ᠬᠥᠬᠡᠬᠤᠲᠠ ᠪᠤᠭᠤᠲᠤ ᠶᠢᠨ ᠬᠤᠭᠤᠷᠣᠨᠳᠣᠬᠢ ᠲᠦᠷᠭᠡᠨ ᠱᠤᠭᠤᠮ ᠢ ᠲᠤᠷᠰᠢᠨ ᠠᠵᠢᠯᠯᠠᠭᠤᠯᠵᠤ ᠡᠬᠢᠯᠡᠪᠡ
ᠨᠡᠶᠢᠲᠡᠯᠡᠭᠰᠡᠨ ᠴᠠᠭ᠄
2024/1/30

ᠬᠥᠬᠡᠬᠤᠲᠠ ᠪᠤᠭᠤᠲᠤ ᠬᠤᠶᠠᠷ ᠤᠨ ᠵᠠᠮ ᠲᠡᠭᠡᠭᠡᠪᠦᠷᠢ ᠶᠢᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠬᠤ ᠶᠢᠨ ᠲᠥᠯᠥᠭᠡ᠂ ᠬᠥᠬᠡᠬᠤᠲᠠ ᠪᠤᠭᠤᠲᠤ ᠬᠤᠶᠠᠷ ᠭᠠᠵᠠᠷ ᠤᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠶᠢ ᠦᠨᠳᠦᠰᠦᠯᠡᠨ᠂ 1 ᠳ᠋ᠦ᠋ᠭᠡᠷ ᠰᠠᠷ᠎ᠠ ᠶᠢᠨ 26 ᠤ ᠡᠳᠦᠷ ᠬᠥᠬᠡᠬᠤᠲᠠ ᠪᠤᠭᠤᠲᠤ ᠶᠢᠨ ᠬᠤᠭᠤᠷᠣᠨᠳᠣᠬᠢ ᠲᠦᠷᠭᠡᠨ ᠱᠤᠭᠤᠮ ᠢ ᠲᠤᠷᠰᠢᠨ ᠠᠵᠢᠯᠯᠠᠭᠤᠯᠪᠠ᠃

ᠲᠠᠨᠢᠯᠴᠠᠭᠤᠯᠤᠭᠰᠠᠨ ᠢᠶᠠᠷ᠂ ᠬᠥᠬᠡᠬᠤᠲᠠ ᠪᠤᠭᠤᠲᠤ ᠶᠢᠨ ᠬᠤᠭᠤᠷᠣᠨᠳᠣᠬᠢ ᠲᠦᠷᠭᠡᠨ ᠱᠤᠭᠤᠮ ᠳᠤ ᠵᠠᠬᠢᠶᠠᠯᠠᠨ ᠦᠢᠯᠡᠳᠦᠭᠰᠡᠨ ᠨᠡᠶᠢᠲᠡ ᠶᠢᠨ ᠮᠠᠰᠢᠨ ᠤ ᠵᠠᠭᠪᠤᠷ ᠢ ᠬᠡᠷᠡᠭᠯᠡᠵᠦ᠂ ᠬᠤᠲᠠ ᠶᠢᠨ ᠠᠷᠠᠳ ︽ᠮᠧᠩ ᠺᠤᠸᠠᠢ ᠺᠧ︾ ᠸᠢᠴᠠᠲ ᠤᠨ ᠵᠢᠵᠢᠭ ᠫᠷᠣᠭ᠍ᠷᠠᠮ ᠢᠶᠠᠷ ᠵᠠᠬᠢᠶᠠᠯᠠᠵᠤ᠂ ᠴᠡᠭ ᠠᠴᠠ ᠴᠡᠭ᠂ ᠡᠭᠦᠳᠡ ᠠᠴᠠ ᠡᠭᠦᠳᠡ ᠬᠦᠷᠬᠦ ᠲᠡᠭᠡᠭᠡᠪᠦᠷᠢ ᠶᠢ ᠪᠡᠶᠡᠯᠡᠭᠦᠯᠵᠦ ᠪᠣᠯᠣᠨ᠎ᠠ᠃ ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠬᠤᠶᠠᠷ ᠬᠤᠲᠠ ᠲᠤᠰ ᠲᠤᠰ 2 ᠲᠡᠷᠭᠡ ᠲᠣᠬᠢᠷᠠᠭᠤᠯᠵᠤ᠂ ᠥᠭᠡᠳᠡ ᠥᠭᠡᠳᠡ ᠠᠴᠠ ᠪᠠᠨ ᠶᠠᠪᠤᠭᠤᠯᠤᠨ᠎ᠠ᠃ ᠰᠡᠭᠦᠯ ᠳᠤ ᠨᠢ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠡᠭᠡᠭᠡᠪᠦᠷᠢᠯᠡᠬᠦ ᠬᠦᠴᠦᠨ ᠢ ᠲᠣᠬᠢᠷᠠᠭᠤᠯᠤᠨ᠎ᠠ᠃

ᠳᠠᠷᠠᠭ᠎ᠠ ᠪᠠᠷ᠂ ᠬᠥᠬᠡᠬᠤᠲᠠ ᠪᠤᠭᠤᠲᠤ ᠬᠤᠶᠠᠷ ᠬᠤᠲᠠ ᠬᠥᠬᠡᠬᠤᠲᠠ ᠪᠤᠭᠤᠲᠤ ᠶᠢᠨ ᠬᠤᠭᠤᠷᠣᠨᠳᠣᠬᠢ ᠤᠳᠠᠭᠠᠨ ᠱᠤᠭᠤᠮ ᠪᠠ ᠵᠡᠷᠭᠡᠯᠡᠳᠡᠭᠡ ᠬᠤᠰᠢᠭᠤ ᠰᠢᠶᠠᠨ ᠤ ᠬᠤᠭᠤᠷᠣᠨᠳᠣᠬᠢ ᠬᠤᠣᠰ ᠬᠤᠲᠠ ᠶᠢᠨ ᠨᠡᠶᠢᠲᠡ ᠶᠢᠨ ᠮᠠᠰᠢᠨ ᠤ 4 ᠱᠤᠭᠤᠮ ᠢ ᠨᠡᠪᠲᠡᠷᠡᠭᠦᠯᠦᠨ᠎ᠡ᠃ ᠬᠥᠬᠡᠬᠤᠲᠠ ᠪᠤᠭᠤᠲᠤ ᠶᠢᠨ ᠬᠤᠭᠤᠷᠣᠨᠳᠣᠬᠢ ᠤᠳᠠᠭᠠᠨ ᠱᠤᠭᠤᠮ ᠳᠤ 6 ᠮᠠᠰᠢᠨ ᠲᠠᠯᠪᠢᠵᠤ᠂ ᠬᠤᠶᠠᠷ ᠭᠠᠵᠠᠷ ᠥᠭᠡᠳᠡ ᠥᠭᠡᠳᠡ ᠠᠴᠠ ᠪᠠᠨ ᠶᠠᠪᠤᠭᠤᠯᠵᠤ᠂ ᠲᠣᠰ ᠲᠣᠰ 3 ᠮᠠᠰᠢᠨ ᠲᠡᠷᠭᠡ ᠲᠣᠬᠢᠷᠠᠭᠤᠯᠤᠨ᠂ ᠤᠯᠤᠰ ᠤᠨ ᠵᠠᠮ ᠤᠨ 110 ᠱᠤᠭᠤᠮ ᠳᠠᠭᠠᠤ ᠠᠶᠠᠯᠠᠵᠤ᠂ ᠵᠠᠮ ᠳᠠᠭᠠᠤ ᠳᠤ 16 ᠥᠷᠲᠡᠭᠡ ᠴᠡᠭ ᠭᠠᠷᠭᠠᠬᠤ ᠪᠠᠷ ᠲᠥᠯᠥᠪᠯᠡᠵᠦ᠂ ᠵᠢᠱᠢᠯᠲᠡ ᠪᠠᠷ 2025 ᠣᠨ ᠳᠤ ᠳᠠᠭᠤᠰᠬᠠᠨ᠎ᠠ᠃ ᠵᠡᠷᠭᠡᠯᠡᠳᠡᠭᠡ ᠬᠤᠰᠢᠭᠤ ᠰᠢᠶᠠᠨ ᠤ ᠬᠤᠭᠤᠷᠣᠨᠳᠣᠬᠢ ᠬᠤᠣᠰ ᠬᠤᠲᠠ ᠶᠢᠨ ᠨᠡᠶᠢᠲᠡ ᠶᠢᠨ ᠮᠠᠰᠢᠨ ᠤ 4 ᠱᠤᠭᠤᠮ ᠳᠤ ᠰᠠᠭᠠᠯᠢᠴᠢᠨ ᠪᠠ ᠴᠠᠭᠠᠰᠤᠴᠢ᠂ ᠰᠠᠭᠠᠯᠢᠴᠢᠨ ᠪᠠ ᠲᠣᠭᠲᠠᠬᠤ ᠰᠢᠶᠠᠨ᠂ ᠭᠦᠶᠠᠩ ᠰᠢᠶᠠᠨ ᠪᠠ ᠦᠴᠦᠸᠠᠨ ᠰᠢᠶᠠᠨ᠂ ᠪᠠᠲᠤᠬᠠᠭᠠᠯᠭ᠎ᠠ ᠪᠠᠯᠭᠠᠰᠤ ᠪᠠ ᠦᠴᠦᠸᠠᠨ ᠰᠢᠶᠠᠨ ᠢ ᠪᠠᠭᠲᠠᠭᠠᠨ᠎ᠠ᠂ 2025 ᠣᠨ ᠤ ᠡᠴᠦᠰ ᠠᠴᠠ ᠡᠮᠦᠨ᠎ᠡ ᠳᠠᠭᠤᠰᠬᠠᠬᠤ ᠪᠠᠷ ᠵᠢᠱᠢᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ