ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/31

       1 ᠰᠠᠷ᠎ᠠ ᠶᠢᠨ 25 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ︽ᠴᠠᠭ ᠢᠮᠠᠭᠲᠠ ᠰᠠᠨᠠᠭ᠎ᠠ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠶᠢᠰᠦᠨ ᠵᠢᠵᠢᠭ︾ ᠲᠠᠯᠠᠪᠤᠷ ᠭᠠᠵᠠᠷ᠂ ᠬᠤᠳᠠᠯᠳᠤᠭᠠᠨ ᠳᠤ ᠬᠡᠷᠡᠭᠯᠡᠬᠦ ᠪᠠ ᠣᠷᠣᠨ ᠰᠠᠭᠤᠴᠠ ᠬᠤᠯᠢᠯᠳᠤᠭᠰᠠᠨ ᠠᠰᠠᠷ᠂ ᠬᠤᠳᠠᠯᠳᠤᠭᠠᠨ ᠤ ᠲᠠᠯᠠᠪᠠᠢ ᠬᠠᠮ ᠳᠡᠯᠭᠡᠭᠦᠷ᠂ ᠪᠣᠯᠪᠠᠰᠤᠷᠠᠯ ᠤᠨ ᠪᠠᠶᠢᠭᠤᠯᠤᠮᠵᠢ᠂ ᠡᠮᠨᠡᠯᠭᠡ ᠶᠢᠨ ᠬᠤᠷᠢᠶ᠎ᠠ᠂ ᠲᠠᠮᠢᠷ ᠤᠨ ᠬᠥᠳᠡᠯᠭᠡᠭᠡᠨ ᠤ ᠲᠠᠯᠠᠪᠤᠷ ᠣᠷᠳᠣᠨ ᠵᠡᠷᠭᠡ ᠭᠠᠵᠠᠷ ᠤᠨ ᠭᠡᠮ ᠰᠣᠭᠤᠭ ᠢ ᠪᠠᠶᠢᠴᠠᠭᠠᠨ ᠴᠡᠭᠴᠡᠯᠡᠵᠦ ᠵᠠᠰᠠᠬᠤ ᠶᠢ ᠴᠢᠩᠭᠠᠳᠬᠠᠵᠤ᠂ ᠣᠨᠴᠠᠭᠠᠶᠢᠯᠠᠨ ︽ᠠᠮᠢ ᠠᠪᠤᠷᠠᠬᠤ ᠵᠠᠮ︾ ᠢ ᠰᠠᠭᠠᠳ ᠦᠭᠡᠢ ᠨᠠᠪᠲᠠᠷᠡᠭᠦᠯᠵᠦ᠂ ᠠᠳᠠᠯᠢ ᠲᠦᠷᠦᠯ ᠤᠨ ᠠᠳᠡᠯ ᠠᠬᠢᠨ ᠲᠠᠭᠢᠨ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠵᠤ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠡᠳ᠋ᠰᠢᠭᠦᠯᠦᠨ ᠪᠤᠯᠪᠠᠰᠤᠷᠠᠭᠤᠯᠵᠤ ᠣᠨᠳᠣᠣᠰᠢᠭᠤᠯᠬᠤ᠂ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠶᠢᠨ ᠪᠣᠭᠤᠮᠢ ᠪᠣᠯᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠦᠨᠡᠨ ᠪᠣᠳᠠᠲᠠᠢ ᠠᠬᠢᠴᠠ ᠲᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 7 ᠲᠠᠯ᠎ᠠ ᠶᠢᠨ ᠬᠡᠷᠡᠭᠵᠢᠭᠦᠯᠬᠦ ᠲᠥᠰᠥᠯ ᠪᠣᠯᠣᠨ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠨᠢᠭᠡᠳ ᠨᠢᠭᠡ ᠪᠠᠷ ᠠᠩᠬᠠᠷᠴᠤ᠂ ᠦᠨᠡᠨ ᠪᠣᠳᠠᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠠᠵᠢᠯ ᠤᠨ ᠲᠥᠰᠥᠯ᠂ ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠴᠢᠯᠦᠭᠡᠲᠦ ᠠᠷᠠᠯᠵᠢᠶᠠᠨ ᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢᠨ ᠨᠠᠷᠢᠨ ᠲᠠᠩᠰᠠ ᠶᠢ ᠰᠤᠳᠤᠯᠵᠤ᠂ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠴᠡᠭ ᠣᠷᠣᠨ ᠪᠠᠶᠢᠷᠢ ᠶᠢ ᠡᠷᠢᠵᠦ᠂ ᠪᠦᠯᠭᠦᠮ ᠴᠣᠭᠴᠠ ᠶᠢ ᠡᠷᠢᠵᠦ᠂ ᠵᠠᠭᠪᠤᠷ ᠢ ᠡᠷᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠦᠷᠢᠯᠳᠦᠭᠦᠯᠬᠦ ᠭᠡᠷᠡᠭᠳᠠᠢ︔ ᠬᠤᠳᠠ ᠶᠢ ᠰᠢᠨᠡᠳᠬᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠵᠠᠰᠠᠨ ᠰᠢᠨᠡᠳᠬᠡᠬᠦ᠂ ᠰᠢᠲᠠᠭᠠᠯᠭ᠎ᠠ ᠶᠢᠨ ᠨᠡᠭᠦᠷᠡᠰᠦ ᠶᠢ ᠵᠠᠳᠠᠭᠠᠢ ᠪᠠᠷ ᠰᠢᠲᠠᠭᠠᠬᠤ ᠶᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠢ ᠳᠤᠯᠠᠭᠠᠬᠠᠨ ᠡᠪᠦᠯᠵᠢᠭᠦᠯᠬᠦ ᠭᠡᠷᠡᠭᠳᠠᠢ︔ ᠴᠢᠯᠦᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠪᠠᠶᠢᠭᠤᠯᠬᠤ ᠠᠵᠢᠯ ᠳᠤ ᠥᠭᠡᠷᠡᠴᠢᠯᠡᠯᠲᠡ ᠬᠢᠬᠦ ᠡᠨᠡ ᠬᠦ ᠭᠤᠣᠯᠳᠠᠯᠭ᠎ᠠ ᠶᠢ ᠠᠳᠬᠤᠵᠤ᠂ ᠳᠦᠷᠢᠮ ᠤᠨ ᠰᠢᠨ᠎ᠡ ᠶᠢ ᠡᠭᠦᠳᠬᠦ ᠶᠢ ᠬᠦᠴᠦᠯᠡᠨ ᠥᠷᠨᠢᠭᠦᠯᠵᠦ᠂ ᠤᠯᠤᠰ ᠤᠨ ᠡᠷᠬᠡ ᠲᠤᠰᠢᠶᠠᠯ ᠳᠤ ᠬᠠᠷᠢᠶᠠᠯᠠᠭᠳᠠᠬᠤ ᠶᠢ ᠨᠢ ᠤᠯᠤᠰ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠡᠷᠬᠡ ᠲᠤᠰᠢᠶᠠᠯ ᠳᠤ ᠬᠠᠷᠢᠶᠠᠯᠠᠭᠳᠠᠬᠤ ᠶᠢ ᠨᠢ ᠱᠠᠯᠠᠪᠳᠠᠭᠤᠯᠤᠨ ᠰᠤᠳᠤᠯᠵᠤ ᠡᠷᠲᠡᠬᠡᠨ ᠨᠡᠶᠢᠲᠡᠯᠡᠬᠦ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠵᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠲᠥᠰᠥᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠲᠥᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ᠂ ᠨᠠᠨ ᠹᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠰᠥᠯ ᠵᠡᠷᠭᠡ ᠵᠦᠢᠯᠡᠰ ᠢ ᠬᠢᠨᠠᠨ ᠵᠥᠪᠯᠡᠵᠦ ᠪᠠᠲᠤᠯᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ