︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/1/9

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

            ᠥᠪᠥᠷ ᠵᠠᠰᠠᠭ ᠠᠯᠪᠠᠨ ᠲᠠᠷᠬᠠᠭᠠᠭᠰᠠᠨ ﹇2023﹈ 16 ᠳ᠋ᠤᠭᠠᠷ ᠲᠣᠭᠠᠲᠤ

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃

      2023 ᠣᠨ ᠤ 2 ᠳ᠋ᠤᠭᠠᠷ ᠰᠠᠷ᠎ᠠ ᠶᠢᠨ 6 ᠤ ᠡᠳᠦᠷ

                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶

 

      ᠨᠢᠭᠡᠳᠦᠭᠡᠷ ᠪᠦᠯᠦᠭ    ᠶᠡᠷᠦᠩᠬᠡᠢ ᠳᠦᠷᠢᠮ

      ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ︵ᠳᠣᠷᠣᠭᠰᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ︶ ᠤᠨ ᠠᠵᠢᠯᠯᠠᠭ᠎ᠠ ᠶᠢ ᠵᠢᠷᠤᠮᠵᠢᠭᠤᠯᠤᠨ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ  ᠶᠢᠨ ᠬᠠᠤᠯᠢ︾ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ᠵᠢᠴᠢ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠡᠪᠯᠡᠯ ᠤᠨ ᠠᠯᠪᠠᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠯᠪᠠᠨ ᠲᠢᠩᠬᠢᠮ ᠤᠨ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ︿ᠲᠤᠰᠬᠠᠶᠢᠵᠢᠭᠰᠠᠨ ᠨᠠᠷᠢᠯᠢᠭ ᠥᠪᠡᠷᠮᠢᠴᠡ ᠰᠢᠨ᠎ᠡ﹀ ᠲᠤᠰᠬᠠᠢ ᠰᠠᠮᠪᠠᠷ᠎ᠠ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ︵ᠲᠡᠮᠳᠡᠭᠲᠦ ᠬᠢᠨᠠᠯᠲᠠ ᠠᠯᠪᠠᠨ ᠵᠠᠬᠢᠳᠠᠯ ﹇2022﹈ 840 ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠨᠠᠷᠢᠨ ᠳᠦᠷᠢᠮ ᠢ ᠲᠣᠭᠲᠠᠭᠠᠪᠠ᠃

      ᠬᠤᠶᠠᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠤ ᠠᠬᠤᠶᠢᠯᠠᠯ ᠤᠨ ᠲᠡᠮᠳᠡᠭᠲᠦ ᠶᠢ ᠢᠯᠡ ᠪᠤᠰᠤ ᠪᠠᠷ ᠲᠠᠷᠬᠠᠭᠠᠬᠤ᠂ ᠰᠢᠯᠵᠢᠭᠦᠯᠦᠨ ᠥᠭᠬᠦ᠂ ᠰᠲ᠋ᠣᠺ ᠤᠨ ᠡᠷᠬᠡ ᠶᠢ ᠳᠡᠩᠰᠡᠯᠡᠵᠦ ᠨᠠᠶᠢᠳᠠᠨ ᠬᠠᠮᠢᠶᠠᠷᠤᠭᠤᠯᠬᠤ ᠵᠢᠴᠢ ᠬᠤᠯᠪᠣᠭᠳᠠᠯ ᠪᠦᠬᠦᠢ ᠠᠵᠢᠯᠯᠠᠭ᠎ᠠ ᠳᠤ ᠪᠡᠯᠡᠳᠬᠡᠮᠵᠢ ᠬᠢᠭᠡᠳ ᠦᠢᠯᠡᠴᠢᠯᠡᠭᠡᠨ ᠤ ᠲᠠᠯᠠᠪᠤᠷ ᠭᠠᠵᠠᠷ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠪᠦᠬᠦᠢ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠪᠣᠯᠣᠨ᠎ᠠ᠃

      ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠤᠰᠤᠳ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ᠂ ᠪᠠᠶᠢᠭᠤᠯᠤᠮᠵᠢ ᠨᠢ ᠲᠡᠮᠳᠡᠭᠲᠦ ᠲᠠᠷᠬᠠᠭᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠣᠯᠬᠤ ᠦᠭᠡᠢ᠃

      ᠭᠤᠷᠪᠠᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠰᠲ᠋ᠣᠺ᠂ ᠰᠲ᠋ᠣᠺ ᠪᠣᠯᠭᠠᠨ ᠰᠣᠯᠢᠵᠤ ᠪᠣᠯᠬᠤ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠪᠤᠰᠤᠳ ᠲᠡᠮᠳᠡᠭᠲᠦ ᠶᠢ ᠢᠯᠡ ᠪᠤᠰᠤ ᠪᠠᠷ ᠲᠠᠷᠬᠠᠭᠠᠬᠤ ᠪᠠ ᠰᠢᠯᠵᠢᠭᠦᠯᠦᠨ ᠥᠭᠬᠦ ᠵᠢᠴᠢ ᠫᠠᠶᠢᠰᠠ ᠡᠯᠭᠦᠵᠦ ᠳᠡᠯᠭᠡᠨ ᠦᠵᠡᠭᠦᠯᠬᠦ᠂ ᠠᠵᠤ ᠠᠬᠤᠶᠢᠯᠠᠯ ᠢ ᠪᠣᠶᠢᠵᠢᠭᠤᠯᠬᠤ᠂ ᠰᠲ᠋ᠣᠺ ᠤᠨ ᠡᠷᠬᠡ ᠶᠢ ᠳᠠᠩᠰᠠᠯᠠᠵᠤ ᠨᠠᠶᠢᠳᠠᠨ ᠬᠠᠮᠢᠶᠠᠷᠤᠭᠤᠯᠬᠤ᠂ ᠠᠷᠠᠯᠵᠢᠶᠠᠨ ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠥᠷᠨᠢᠭᠦᠯᠬᠦ ᠳᠤ ᠲᠤᠰ ᠨᠠᠷᠢᠨ ᠳᠦᠷᠢᠮ ᠢ ᠲᠣᠬᠢᠷᠠᠭᠤᠯᠤᠨ ᠬᠡᠷᠡᠭᠯᠡᠨ᠎ᠡ᠃

      ᠳᠥᠷᠪᠡᠳᠦᠭᠡᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠶᠢ ᠢᠯᠡ ᠪᠤᠰᠤ ᠪᠠᠷ ᠲᠠᠷᠬᠠᠭᠠᠬᠤ᠂ ᠰᠢᠯᠵᠢᠭᠦᠯᠦᠨ ᠥᠭᠬᠦ ᠵᠢᠴᠢ ᠫᠠᠶᠢᠰᠠ ᠡᠯᠭᠦᠵᠦ ᠳᠡᠯᠭᠡᠨ ᠦᠵᠡᠭᠦᠯᠬᠦ᠂ ᠰᠲ᠋ᠣᠺ ᠤᠨ ᠡᠷᠬᠡ ᠶᠢ ᠳᠠᠩᠰᠠᠯᠠᠵᠤ ᠨᠠᠶᠢᠳᠠᠨ ᠬᠠᠮᠢᠶᠠᠷᠤᠭᠤᠯᠬᠤ᠂ ᠠᠷᠠᠯᠵᠢᠶᠠᠨ ᠤ ᠳ᠋ᠦᠩᠨᠡᠨ ᠪᠣᠳᠣᠯᠲᠠ ᠵᠡᠷᠭᠡ ᠬᠠᠮᠢᠶ᠎ᠠ ᠪᠦᠬᠦᠢ ᠠᠵᠢᠯᠯᠠᠭ᠎ᠠ ᠬᠢᠬᠦ ᠳᠤ ᠪᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠬᠢᠨᠠᠯᠲᠠ ᠬᠠᠮᠢᠶᠠᠷᠤᠯᠲᠠ ᠶᠢᠨ ᠳᠦᠷᠢᠮ ᠵᠡᠷᠭᠡ ᠲᠣᠭᠲᠠᠭᠠᠯ ᠢ ᠵᠢᠷᠤᠮᠯᠠᠵᠤ᠂ ᠲᠥᠪ ᠭᠤᠣᠯᠴᠢ ᠰᠠᠶᠢᠨ ᠳᠤᠷ᠎ᠠ ᠶᠢᠨ᠂ ᠦᠨᠡᠨᠴᠢ ᠢᠲᠡᠭᠡᠮᠵᠢᠲᠡᠢ᠂ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ ᠵᠠᠷᠴᠢᠮ ᠢ ᠵᠢᠷᠤᠮᠯᠠᠨ᠂ ᠮᠡᠬᠡᠯᠡᠨ ᠬᠢᠬᠠᠬᠤ᠂ ᠳᠠᠯᠳᠠ ᠪᠠᠷ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠷᠬᠡᠰᠢᠶᠡᠨ ᠡᠵᠡᠮᠳᠡᠬᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠦᠢᠯᠡ ᠠᠵᠢᠯᠯᠠᠭ᠎ᠠ ᠶᠢ ᠴᠠᠭᠠᠵᠠᠯᠠᠬᠤ ᠬᠡᠷᠡᠭᠲᠡᠢ᠃

      ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠤᠬᠠᠶᠢᠯᠠᠭᠰᠠᠨ ᠠᠵᠢᠯ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠯ᠎ᠡ ᠠᠶᠢᠮᠠᠭ ᠬᠤᠲᠠ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠪᠢᠶᠠᠷᠢ ᠰᠠᠯᠪᠤᠷᠢ ᠪᠠᠶᠢᠭᠤᠯᠤᠮᠵᠢ ᠵᠢᠴᠢ ᠳᠡᠯᠭᠡᠨ ᠦᠵᠡᠭᠦᠯᠵᠦ ᠫᠠᠶᠢᠰᠠ ᠡᠯᠭᠦᠭᠰᠡᠨ ᠠᠵᠤ ᠠᠬᠤᠶᠢᠯᠠᠯ ᠢᠶᠠᠨ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ ᠢ ᠰᠠᠶᠢᠲᠤᠷ ᠬᠢᠯᠭᠡᠵᠦ᠂ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃

      ᠵᠢᠷᠭᠤᠳᠤᠭᠠᠷ ᠵᠦᠢᠯ   ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠤᠯᠢ ᠶᠣᠰᠣᠭᠠᠷ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠤᠭᠤᠳᠬᠤ᠂ ᠵᠣᠬᠢᠴᠠᠭᠤᠯᠬᠤ ᠪᠠ ᠬᠢᠨᠠᠯᠲᠠ ᠬᠢᠵᠦ᠂ ᠵᠠᠬ᠎ᠠ ᠳᠡᠯᠭᠡᠭᠦᠷ ᠤᠨ ᠵᠢᠷᠤᠮᠵᠢᠭᠰᠠᠨ ᠠᠵᠢᠯᠯᠠᠭᠠᠨ ᠤ ᠪᠠᠶᠢᠳᠠᠯ ᠳᠤ ᠬᠢᠨᠠᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠳᠤ ᠰᠡᠷᠡᠮᠵᠢᠯᠡᠭᠦᠯᠦᠨ ᠰᠠᠨᠠᠭᠤᠯᠭ᠎ᠠ ᠬᠢᠬᠦ ᠪᠠ ᠰᠢᠢᠳᠪᠦᠷᠢᠯᠡᠵᠦ ᠰᠢᠮᠳᠠᠭᠤᠯᠤᠨ ᠵᠢᠯᠣᠭᠤᠳᠤᠨ᠎ᠠ᠃

      ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠠᠮᠵᠢᠯᠴᠠᠨ ᠠᠵᠢᠯᠯᠠᠬᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠢᠨᠠᠨ ᠬᠠᠮᠢᠶᠠᠷᠬᠤ ᠳᠤ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠲᠦᠭᠰᠢᠭᠦᠷᠢ ᠶᠢ ᠰᠢᠢᠳᠪᠦᠷᠢᠯᠡᠬᠦ ᠵᠡᠷᠭᠡ ᠲᠠᠯ᠎ᠠ ᠪᠠᠷ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠰᠠᠨᠠᠭᠤᠯᠤᠮᠵᠢ ᠲᠣᠭᠲᠠᠬᠤ ᠬᠡᠷᠡᠭᠲᠡᠢ᠃

      ᠳᠣᠯᠣᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠬᠦ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠪᠣᠯᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠳᠤ ᠳᠠᠮ ᠬᠦᠦ ᠥᠭᠬᠦ᠂ ᠳᠠᠭᠠᠭᠠᠯᠲᠠ ᠬᠢᠬᠦ᠂ ᠪᠡᠯᠡ ᠣᠷᠣᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠲᠡᠳᠬᠦᠨ ᠳᠡᠮᠵᠢᠬᠦ ᠳᠤ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠦᠴᠦᠨ ᠵᠦᠢᠯ ᠢ ᠴᠤᠭᠯᠠᠭᠤᠯᠵᠤ᠂ ᠰᠲ᠋ᠣᠺ ᠡᠵᠡᠮᠰᠢᠭᠰᠡᠨ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ ᠪᠠᠶᠢᠭᠤᠯᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ ᠪᠠᠷ ᠳᠠᠮᠵᠢᠭᠤᠯᠤᠨ ᠨᠡᠩ ᠤᠯᠠᠨ ᠨᠡᠶᠢᠭᠡᠮ ᠤᠨ ᠪᠡᠯᠡ ᠮᠥᠩᠭᠦ ᠶᠢ ᠲᠠᠲᠠᠨ ᠣᠷᠣᠭᠤᠯᠵᠤ ᠪᠠᠶᠢᠭᠠᠳ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠠᠵᠤ ᠠᠬᠤᠶᠢᠯᠠᠯ ᠳᠤ ᠪᠡᠯᠡ ᠣᠷᠣᠭᠤᠯᠤᠭᠤᠯᠤᠨ᠂ ᠠᠵᠤ ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠴᠢᠨᠠᠷ ᠰᠠᠶᠢᠲᠠᠢ ᠠᠵᠤ ᠠᠬᠤᠶᠢᠯᠠᠯ ᠤᠨ A ᠡᠭᠡᠯᠵᠢ᠂ B ᠡᠭᠡᠯᠵᠢ᠂ C ᠡᠭᠡᠯᠵᠢ ᠵᠡᠷᠭᠡ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠭ᠎ᠠ ᠶᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠵᠢᠷᠤᠮᠵᠢᠭᠤᠯᠤᠨ ᠶᠠᠪᠤᠭᠳᠠᠭᠤᠯᠬᠤ ᠪᠠᠷ ᠬᠥᠲᠥᠯᠥᠨ ᠵᠢᠯᠤᠭᠤᠳᠴᠤ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠤᠨ ᠵᠢᠷᠤᠮᠵᠢᠭᠤᠯᠤᠨ ᠪᠤᠴᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃

      ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠯᠦᠭᠡ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠣᠯᠠᠨ ᠬᠡᠮᠵᠢᠯᠲᠦ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠠᠵᠤ ᠠᠬᠤᠶᠢᠯᠠᠯ ᠤᠨ ᠡᠷᠬᠡ ᠠᠰᠢᠭ ᠢ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠬᠦᠷᠦᠭ ᠵᠢᠷᠤᠵᠤ᠂ ᠢᠲᠡᠭᠡᠮᠵᠢ ᠶᠢᠨ ᠦᠨᠡᠯᠡᠯᠲᠡ ᠵᠡᠷᠭᠡ ᠶᠢ ᠬᠢᠵᠦ᠂ ᠠᠵᠤ ᠠᠬᠤᠶᠢᠯᠠᠯ ᠤᠨ ᠡᠷᠬᠡ ᠣᠯᠭᠤᠭᠰᠠᠨ ᠪᠤᠶᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠵᠤ ᠠᠬᠤᠶᠢᠯᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠭᠠᠳᠠᠭᠰᠢ ᠬᠠᠩᠭᠠᠵᠤ᠂ ᠮᠡᠳᠡᠭᠡ ᠵᠠᠩᠭᠢ ᠵᠢᠴᠢ ᠬᠡᠷᠡᠭᠯᠡᠭᠰᠡᠨ ᠪᠠᠶᠢᠳᠠᠯ ᠢ ᠬᠡᠰᠡᠭ ᠤᠳ ᠤᠨ ᠬᠡᠯᠬᠢᠶ᠎ᠡ ᠳᠤ ᠭᠡᠷᠡᠴᠢᠯᠡᠨ ᠬᠠᠳᠠᠭᠠᠯᠠᠬᠤ ᠬᠡᠷᠡᠭᠲᠡᠢ᠃

      ᠬᠤᠶᠠᠳᠤᠭᠠᠷ ᠪᠦᠯᠦᠭ   ᠠᠵᠢᠯᠯᠠᠨ ᠡᠵᠡᠩᠨᠡᠬᠦ ᠪᠠᠶᠢᠭᠤᠯᠤᠮᠵᠢ

      ᠨᠠᠢᠮᠠᠳᠤᠭᠠᠷ ᠵᠦᠢᠯ   ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠬᠠᠤᠯᠢ ᠶᠣᠰᠣᠨ ᠤ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠠᠵᠢᠯᠯᠠᠨ ᠡᠵᠡᠩᠨᠡᠬᠦ ᠪᠠᠶᠢᠭᠤᠯᠤᠮᠵᠢ ︵ᠳᠣᠷᠣᠭᠰᠢ ᠠᠵᠢᠯᠯᠠᠨ ᠡᠵᠡᠩᠨᠡᠬᠦ ᠪᠠᠶᠢᠭᠤᠯᠤᠮᠵᠢ ᠭᠡᠵᠦ ᠲᠣᠪᠴᠢᠯᠠᠨ᠎ᠠ︶ ᠪᠠᠶᠢᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠵᠠᠬ᠎ᠠ ᠳᠡᠯᠭᠡᠭᠦᠷ ᠲᠤ ᠣᠷᠣᠯᠴᠠᠭᠰᠠᠳ ᠲᠤ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠬᠢᠨ᠎ᠡ᠃

      ᠶᠢᠰᠦᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠵᠦᠢ ᠵᠣᠬᠢᠰᠲᠠᠢ ᠲᠣᠬᠢᠷᠠᠭᠤᠯᠤᠨ᠂ ᠢᠯᠡ ᠲᠣᠳᠣᠷᠬᠠᠢ ᠺᠣᠮᠫᠠᠨᠢ ᠶᠢᠨ ᠵᠠᠰᠠᠯᠲᠠ ᠶᠢᠨ ᠪᠦᠲᠦᠴᠡ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠲᠣᠭᠲᠠᠴᠠ᠂ ᠪᠦᠲᠦᠮᠵᠢᠲᠡᠢ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ ᠵᠣᠬᠢᠴᠠᠯᠳᠤᠭᠰᠠᠨ ᠪᠦᠬᠦ ᠲᠠᠯ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃

      ᠠᠷᠪᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠦᠨᠳᠦᠰᠦᠨ ᠡᠭᠦᠷᠭᠡ ᠬᠠᠷᠢᠭᠤᠴᠠᠯᠭ᠎ᠠ᠄

      ︵ᠨᠢᠭᠡ︶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠡᠯᠭᠡᠨ ᠦᠵᠡᠭᠦᠯᠵᠦ᠂ ᠫᠠᠶᠢᠰᠠ ᠡᠯᠭᠦᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠲᠡᠮᠳᠡᠭᠲᠦ ᠶᠢ ᠢᠯᠡ ᠪᠤᠰᠤ ᠪᠠᠷ ᠲᠠᠷᠬᠠᠭᠠᠬᠤ᠂ ᠰᠢᠯᠵᠢᠭᠦᠯᠦᠨ ᠥᠭᠬᠦ ᠵᠢᠴᠢ ᠬᠠᠮᠢᠶ᠎ᠠ ᠪᠦᠬᠦᠢ ᠠᠵᠢᠯᠯᠠᠭ᠎ᠠ ᠶᠢ ᠥᠷᠨᠢᠭᠦᠯᠦᠨ᠂ ᠠᠵᠤ ᠠᠬᠤᠶᠢᠯᠠᠯ ᠤᠨ ᠬᠤᠪᠢᠲᠤ ︵ᠰᠲ᠋ᠣᠺ ᠤᠨ ᠡᠷᠬᠡ︶ ᠵᠢᠴᠢ ᠪᠤᠰᠤᠳ ᠡᠷᠬᠡ ᠠᠰᠢᠭ ᠲᠤ ᠳᠠᠩᠰᠠᠯᠠᠵᠤ ᠨᠠᠶᠢᠳᠠᠵᠤ ᠬᠠᠮᠢᠶᠠᠷᠤᠭᠤᠯᠬᠤ᠂ ᠲᠤᠰᠠᠯᠠᠨ ᠠᠷᠠᠯᠵᠢᠶᠠᠯᠠᠬᠤ᠂ ᠳ᠋ᠦᠩᠨᠡᠨ ᠪᠤᠳᠤᠬᠤ ᠵᠡᠷᠭᠡ ᠦᠢᠯᠡᠴᠢᠯᠡᠭᠡ ᠬᠠᠩᠭᠠᠨ᠎ᠠ︔

      ︵ᠬᠤᠶᠠᠷ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠡᠮᠳᠡᠭᠲᠦ ᠶᠢᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠨ᠎ᠠ︔

      ︵ᠭᠤᠷᠪᠠ︶ ᠠᠵᠤ ᠠᠬᠤᠶᠢᠯᠠᠯ ᠢ ᠰᠢᠭᠰᠢᠨ᠂ ᠪᠣᠶᠢᠵᠢᠭᠤᠯᠵᠤ᠂ ᠨᠡᠪᠴᠢᠭᠦᠯᠦᠨ ᠰᠲ᠋ᠣᠺ ᠤᠨ ᠵᠠᠬ᠎ᠠ ᠳᠤ ᠭᠠᠷᠭᠠᠵᠤ᠂ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠳᠤ ᠦᠷᠭᠦᠯᠵᠢ ᠶᠢᠨ ᠴᠢᠨᠠᠷᠲᠠᠢ ᠦᠢᠯᠡᠴᠢᠯᠡᠭᠡᠨ ᠤ ᠵᠢᠯᠣᠭᠤᠳᠤᠯᠭ᠎ᠠ ᠶᠢᠨ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠯᠴᠠᠭᠰᠠᠳ ᠲᠤ ᠥᠪᠡᠷ ᠢ ᠪᠠᠨ ᠱᠠᠭᠠᠷᠳᠠᠬᠤ ᠴᠢᠨᠠᠷᠲᠠᠢ ᠬᠠᠮᠢᠶᠠᠷᠤᠯᠲᠠ ᠶᠠᠪᠤᠭᠤᠯᠤᠨ᠎ᠠ︔

      ︵ᠳᠥᠷᠪᠡ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠳᠤ ᠲᠠᠯᠠᠪᠤᠷ ᠭᠠᠵᠠᠷ᠂ ᠪᠡᠯᠡᠳᠬᠡᠮᠵᠢ ᠪᠠ ᠦᠢᠯᠡᠴᠢᠯᠡᠭᠡ ᠬᠠᠩᠭᠠᠨ᠎ᠠ︔

      ︵ᠲᠠᠪᠤ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠮᠢᠶᠠᠷᠬᠤ ᠪᠠ ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ ᠡᠭᠦᠷᠭᠡᠲᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠨ᠎ᠠ︔

      ︵ᠵᠢᠷᠭᠤᠭ᠎ᠠ︶ ᠲᠤᠬᠠᠶᠢᠯᠠᠭᠰᠠᠨ ᠠᠵᠢᠯ ᠤᠨ ᠲᠥᠷᠥᠯ ᠬᠤᠪᠢᠶᠠᠨ ᠠᠵᠢᠯᠯᠠᠬᠤ ᠨᠠᠷᠢᠨ ᠳᠦᠷᠢᠮ ᠪᠠ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ︔

      ︵ᠳᠣᠯᠤᠭ᠎ᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠭᠰᠠᠨ ᠪᠤᠰᠤᠳ ᠵᠦᠢᠯᠡᠰ᠃

      ᠠᠷᠪᠠᠨ ᠨᠢᠭᠡᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄

      ︵ᠨᠢᠭᠡ︶ ᠬᠠᠤᠯᠢ ᠶᠣᠰᠣᠭᠠᠷ ᠭᠠᠷᠭᠠᠭᠰᠠᠨ ᠬᠠᠤᠯᠢ ᠶᠢᠨ ᠡᠷᠬᠡᠲᠡᠨ︔

      ︵ᠬᠤᠶᠠᠷ︶ ᠲᠤᠬᠠᠶᠢᠯᠠᠭᠰᠠᠨ ᠠᠵᠢᠯ ᠤᠨ ᠠᠵᠢᠯᠯᠠᠭ᠎ᠠ ᠥᠷᠨᠢᠭᠦᠯᠬᠦ ᠳᠤ ᠵᠠᠪᠠᠯ ᠱᠠᠭᠠᠷᠳᠠᠭᠳᠠᠬᠤ ᠡᠵᠡᠩᠨᠡᠯᠲᠡ ᠶᠢᠨ ᠲᠠᠯᠠᠪᠤᠷ ᠭᠠᠵᠠᠷ᠂ ᠲᠤᠬᠠᠶᠢᠯᠠᠭᠰᠠᠨ ᠠᠵᠢᠯ ᠤᠨ ᠪᠡᠯᠡᠳᠬᠡᠮᠵᠢ᠂ ᠠᠵᠢᠯᠯᠠᠨ ᠡᠵᠡᠩᠨᠡᠯᠲᠡ ᠶᠢᠨ ᠪᠡᠯᠡ ᠮᠥᠩᠭᠦ᠂ ᠲᠤᠰᠬᠠᠢ ᠮᠡᠷᠭᠡᠵᠢᠯ ᠤᠨ ᠠᠵᠢᠯᠲᠠᠨ︔

      ︵ᠭᠤᠷᠪᠠ︶ ᠪᠦᠷᠢᠨᠰᠢᠭᠰᠡᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ︔

      ︵ᠳᠥᠷᠪᠡ︶ ᠲᠡᠭᠦᠯᠳᠡᠷᠵᠢᠭᠰᠡᠨ ᠲᠦᠭᠰᠢᠭᠦᠷᠢ ᠶᠢᠨ ᠬᠠᠮᠢᠶᠠᠷᠤᠯᠲᠠ ᠪᠠ ᠳᠣᠲᠣᠭᠠᠳᠤ ᠡᠵᠡᠮᠳᠡᠯ ᠤᠨ ᠳᠦᠷᠢᠮ︔

      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠣᠯᠣᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠨᠥᠬᠦᠴᠡᠯ᠃

      ᠠᠷᠪᠠᠨ ᠬᠤᠶᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠳᠤ ᠳᠣᠣᠷᠠᠬᠢ ᠵᠦᠢᠯᠡᠰ ᠤᠨ ᠨᠢᠭᠡ ᠨᠢ ᠭᠠᠷᠤᠭᠰᠠᠨ ᠪᠣᠯ᠂ 7 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠢᠯᠡᠭᠡᠬᠦ ᠬᠡᠷᠡᠭᠲᠡᠢ᠄

      ︵ᠨᠢᠭᠡ︶ ᠨᠡᠷᠡᠶᠢᠳᠦᠯ᠂ ᠳᠠᠩᠰᠠᠯᠠᠭᠤᠯᠤᠭᠰᠠᠨ ᠬᠥᠷᠥᠩᠭᠡ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠳᠠᠩᠰᠠᠯᠠᠭᠤᠯᠤᠭᠰᠠᠨ ᠭᠠᠵᠠᠷ ᠪᠠ ᠠᠯᠪᠠᠯᠠᠬᠤ ᠬᠠᠶ᠋ᠢᠭ ᠢᠶᠠᠨ ᠬᠤᠪᠢᠷᠠᠭᠤᠯᠬᠤ︔

      ︵ᠬᠤᠶᠠᠷ︶ ᠬᠤᠪᠢ ᠣᠷᠣᠭᠤᠯᠤᠭᠴᠢ ᠶᠢ ᠬᠤᠪᠢᠷᠠᠭᠤᠯᠬᠤ᠂ ᠪᠣᠳᠠᠲᠠᠢ ᠡᠵᠡᠮᠰᠢᠭᠴᠢ ᠳᠤ ᠲᠣᠬᠢᠷᠠᠭᠤᠯᠤᠯᠲᠠ ᠬᠢᠬᠦ ︵ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠪᠠᠲᠤᠯᠠᠬᠤ ᠡᠷᠬᠡ ᠶᠢ ᠨᠠᠶᠢᠳᠠᠨ ᠬᠡᠷᠡᠭᠵᠢᠭᠦᠯᠬᠦ ᠶᠢ ᠪᠠᠭᠲᠠᠭᠠᠨ᠎ᠠ︶︔

      ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠬᠤᠪᠢᠷᠠᠭᠤᠯᠬᠤ︔

      ︵ᠳᠥᠷᠪᠡ︶ ᠺᠣᠮᠫᠠᠨᠢ ᠶᠢᠨ ᠳᠦᠷᠢᠮ ᠳᠤ ᠵᠠᠰᠠᠪᠤᠷᠢ ᠣᠷᠣᠭᠤᠯᠬᠤ︔

      ︵ᠲᠠᠪᠤ︶ ᠲᠤᠬᠠᠶᠢᠯᠠᠭᠰᠠᠨ ᠠᠵᠢᠯ ᠤᠨ ᠲᠥᠷᠥᠯ ᠵᠦᠢᠯ ᠢ ᠰᠢᠨ᠎ᠡ ᠪᠠᠷ ᠨᠡᠮᠡᠬᠦ᠂ ᠬᠤᠪᠢᠷᠠᠭᠤᠯᠬᠤ ᠪᠤᠶᠤ ᠬᠦᠴᠦᠨ ᠦᠭᠡᠢ ᠪᠣᠯᠭᠠᠬᠤ︔

      ︵ᠵᠢᠷᠭᠤᠭ᠎ᠠ︶ ᠭᠠᠳᠠᠭᠰᠢ ᠪᠠᠲᠤᠯᠠᠨ ᠳᠠᠭᠠᠭᠠᠬᠤ ᠪᠤᠶᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠵᠦᠢᠯᠡᠰ︔

      ︵ᠳᠣᠯᠤᠭ᠎ᠠ︶ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠨᠠᠷᠢᠨ ᠳᠦᠷᠢᠮ ᠪᠠ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠨᠠᠷᠢᠨ ᠳᠦᠷᠢᠮ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ︔

      ︵ᠨᠠᠢᠮᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠪᠦᠷᠢᠳᠬᠡᠨ ᠳᠠᠩᠰᠠᠯᠠᠭᠤᠯᠬᠤ ᠴᠢᠬᠤᠯᠠᠲᠠᠢ ᠪᠤᠰᠤᠳ ᠵᠦᠢᠯᠡᠰ᠃

      ᠠᠷᠪᠠᠨ ᠭᠤᠷᠪᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠠᠵᠢᠯᠯᠠᠭᠰᠠᠳ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃

      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠬᠠᠤᠯᠢ︾ ᠶᠢᠨ ᠵᠠᠭᠤ ᠪᠥᠭᠡᠳ ᠭᠤᠷᠪᠠᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠪᠠᠶᠢᠬᠤ᠂ ᠡᠰᠡᠬᠦᠯ᠎ᠡ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ ᠣᠷᠣᠬᠤ ᠶᠢ ᠴᠠᠭᠠᠵᠠᠯᠠᠬᠤ ᠬᠤᠭᠤᠴᠠᠭᠠᠨ ᠳᠤ ᠪᠠᠶᠢᠪᠠᠯ᠂ ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ ᠪᠣᠯᠬᠤ ᠦᠭᠡᠢ᠃

      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠬᠠᠤᠯᠢ︾ ᠶᠢᠨ ᠵᠠᠭᠤ ᠪᠥᠭᠡᠳ ᠳᠥᠷᠪᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠪᠠᠶᠢᠬᠤ᠂ ᠡᠰᠡᠬᠦᠯ᠎ᠡ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠠᠪᠤᠭᠰᠠᠨ ᠪᠥᠭᠡᠳ ᠮᠥᠨ ᠬᠦ ᠣᠷᠣᠬᠤ ᠶᠢ ᠴᠠᠭᠠᠵᠠᠯᠠᠬᠤ ᠬᠤᠭᠤᠴᠠᠭᠠᠨ ᠳᠤ ᠪᠠᠶᠢᠪᠠᠯ᠂ ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠠᠵᠢᠯᠯᠠᠭᠴᠢ ᠪᠠᠷ ᠤᠷᠢᠵᠤ ᠪᠣᠯᠬᠤ ᠦᠭᠡᠢ᠃

      ᠠᠷᠪᠠᠨ ᠳᠥᠷᠪᠡᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠳᠣᠣᠷᠠᠬᠢ ᠵᠦᠢᠯᠡᠰ ᠢ ᠭᠦᠢᠴᠡᠳᠬᠡᠬᠦ ᠬᠡᠷᠡᠭᠲᠡᠢ᠄

      ︵ᠨᠢᠭᠡ︶ ᠪᠣᠶᠢᠵᠢᠭᠤᠯᠬᠤ ᠠᠵᠤ ᠠᠬᠤᠶᠢᠯᠠᠯ ᠳᠤ ᠳᠡᠰ ᠬᠤᠪᠢᠶᠠᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠪᠠᠶᠢᠭ᠎ᠠ ᠲᠠᠰ ᠳᠠᠪᠬᠤᠷᠭ᠎ᠠ ᠳᠤ ᠨᠢ ᠲᠣᠬᠢᠷᠠᠭᠤᠯᠤᠯᠲᠠ ᠬᠢᠨ᠎ᠡ᠃ ᠳᠡᠰ ᠬᠤᠪᠢᠶᠠᠨ ᠬᠤᠪᠢᠷᠠᠭᠤᠯᠵᠤ ᠳᠠᠭᠤᠰᠤᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠢᠯᠡᠭᠡᠨ᠎ᠡ᠃

      ︵ᠬᠤᠶᠠᠷ︶ ᠠᠵᠤ ᠠᠬᠤᠶᠢᠯᠠᠯ ᠤᠨ ᠫᠠᠶᠢᠰᠠ ᠡᠯᠭᠦᠬᠦ᠂ ᠲᠡᠮᠳᠡᠭᠲᠦ ᠲᠠᠷᠬᠠᠭᠠᠬᠤ ᠪᠤᠶᠤ ᠰᠢᠯᠵᠢᠭᠦᠯᠦᠨ ᠥᠭᠬᠦ ᠭᠤᠶᠤᠴᠢᠯᠠᠯ ᠤᠨ ᠪᠢᠴᠢᠭ ᠮᠠᠲ᠋ᠧᠷᠢᠶᠠᠯ ᠳᠤ ᠬᠠᠤᠯᠢ ᠶᠣᠰᠣᠭᠠᠷ ᠲᠡᠭᠦᠰ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠭᠰᠠᠨ ᠰᠠᠨᠠᠯ ᠭᠠᠷᠭᠠᠨ᠎ᠠ᠃ ᠫᠠᠶᠢᠰᠠ ᠡᠯᠭᠦᠬᠦ᠂ ᠲᠡᠮᠳᠡᠭᠲᠦ ᠲᠠᠷᠬᠠᠭᠠᠬᠤ ᠪᠤᠶᠤ ᠰᠢᠯᠵᠢᠭᠦᠯᠦᠨ ᠥᠭᠬᠦ ᠶᠢ ᠪᠡᠶᠡᠯᠡᠭᠦᠯᠦᠭᠰᠡᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠶᠠᠯᠠᠭᠳᠠᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠬᠠᠭᠤᠯᠤᠨ ᠢᠯᠡᠭᠡᠨ᠎ᠡ᠃

      ︵ᠭᠤᠷᠪᠠ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠥᠬᠦᠴᠡᠯ ᠳᠤ ᠥᠯᠥ ᠨᠡᠶᠢᠴᠡᠬᠦ ᠪᠤᠶᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠳᠡᠯᠭᠡᠨ ᠦᠵᠡᠭᠦᠯᠬᠦ ᠪᠠ ᠫᠠᠶᠢᠰᠠ ᠡᠯᠭᠦᠬᠦ ᠠᠵᠤ ᠠᠬᠤᠶᠢᠯᠠᠯ ᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠢᠯᠭᠠᠷᠠᠭᠤᠯᠤᠨ ᠪᠤᠴᠠᠭᠠᠨ᠎ᠠ᠃ ᠰᠲ᠋ᠣᠺ ᠤᠨ ᠠᠷᠠᠯᠵᠢᠶ᠎ᠠ ᠶᠢ ᠵᠣᠭᠰᠣᠭᠠᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠶᠢᠨ ᠬᠠᠮᠲᠤ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠲ᠋ᠣᠺ ᠤᠨ ᠠᠷᠠᠯᠵᠢᠶ᠎ᠠ ᠶᠢ ᠵᠣᠭᠰᠣᠭᠠᠭᠰᠠᠨ ᠠᠵᠤ ᠠᠬᠤᠶᠢᠯᠠᠯ ᠤᠨ ᠬᠠᠷᠢᠶᠠᠯᠠᠭᠳᠠᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠬᠠᠭᠤᠯᠤᠨ ᠢᠯᠡᠭᠡᠨ᠎ᠡ᠃

      ︵ᠳᠥᠷᠪᠡ︶ ᠠᠷᠠᠯᠵᠢᠶᠠᠨ ᠤ ᠡᠳᠦᠷ ᠪᠦᠷᠢ ᠳᠤ ᠲᠡᠮᠳᠡᠭᠲᠦ ᠶᠢᠨ ᠫᠠᠶᠢᠰᠠ ᠡᠯᠭᠦᠵᠦ ᠰᠢᠯᠵᠢᠭᠦᠯᠦᠨ ᠥᠭᠬᠦ ᠬᠠᠮᠤᠭ ᠤᠨ ᠰᠢᠨ᠎ᠡ ᠦᠨ᠎ᠡ ᠬᠠᠩᠰᠢ ᠶᠢᠨ ᠪᠠᠶᠢᠳᠠᠯ ᠢ ᠨᠡᠶᠢᠲᠡᠯᠡᠨ᠎ᠡ᠃

      ᠠᠷᠪᠠᠨ ᠲᠠᠪᠤᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠣᠣᠷᠠᠬᠢ ᠮᠡᠲᠦ ᠮᠡᠳᠡᠭᠦᠯᠬᠦ ᠡᠭᠦᠷᠭᠡ ᠶᠢ ᠭᠦᠢᠴᠡᠳᠬᠡᠨ᠎ᠡ᠄

      ︵ᠨᠢᠭᠡ︶ ᠰᠠᠷ᠎ᠠ ᠳᠠᠭᠤᠰᠬᠤ ᠪᠣᠯᠭᠠᠨ 7 ᠠᠵᠢᠯᠯᠠᠬᠤ ᠡᠳᠦᠷ ᠤᠨ ᠳᠣᠲᠣᠷ᠎ᠠ᠂ ᠠᠷᠠᠯᠵᠢᠶᠠᠨ ᠤ ᠪᠠᠶᠢᠳᠠᠯ᠂ ᠲᠤᠬᠠᠶᠢᠯᠠᠭᠰᠠᠨ ᠠᠵᠢᠯ ᠤᠨ ᠪᠠᠶᠢᠳᠠᠯ ᠵᠢᠴᠢ ᠪᠤᠰᠤᠳ ᠲᠣᠳᠣᠷᠬᠠᠶᠢᠯᠠᠬᠤ ᠴᠢᠬᠤᠯᠠᠲᠠᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠵᠦᠢᠯᠡᠰ ᠢ ᠪᠠᠭᠲᠠᠭᠠᠭᠰᠠᠨ ᠰᠠᠷ᠎ᠠ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ︔

      ︵ᠬᠤᠶᠠᠷ︶ ᠤᠯᠠᠷᠢᠯ ᠳᠠᠭᠤᠰᠬᠤ ᠪᠣᠯᠭᠠᠨ 7 ᠠᠵᠢᠯᠯᠠᠬᠤ ᠡᠳᠦᠷ ᠤᠨ ᠳᠣᠲᠣᠷ᠎ᠠ ᠂ ᠣᠨ ᠳᠠᠭᠤᠰᠬᠤ ᠪᠣᠯᠭᠠᠨ 15 ᠠᠵᠢᠯᠯᠠᠬᠤ ᠡᠳᠦᠷ ᠤᠨ ᠳᠣᠲᠣᠷ᠎ᠠ ᠲᠤᠰ ᠲᠤᠰ ᠺᠣᠮᠫᠠᠨᠢ ᠶᠢᠨ ᠵᠠᠰᠠᠯᠲᠠ ᠵᠢᠴᠢ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠪᠠᠶᠢᠳᠠᠯ᠂ ᠵᠢᠷᠤᠮᠵᠢᠭᠤᠯᠤᠨ ᠠᠵᠢᠯᠯᠠᠭᠤᠯᠤᠭᠰᠠᠨ ᠪᠠᠶᠢᠳᠠᠯ᠂ ᠥᠪᠡᠷ ᠢ ᠪᠠᠨ ᠱᠠᠭᠠᠷᠳᠠᠬᠤ ᠬᠢᠨᠠᠯᠲᠠ ᠬᠠᠮᠢᠶᠠᠷᠤᠯᠲᠠ ᠶᠢ ᠭᠦᠢᠴᠡᠳᠬᠡᠭᠰᠡᠨ ᠪᠠᠶᠢᠳᠠᠯ᠂ ᠳᠣᠲᠣᠭᠠᠳᠤ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠭᠰᠡᠨ ᠪᠠ ᠰᠢᠢᠳᠪᠦᠷᠢᠯᠡᠭᠰᠡᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠪᠠ ᠲᠦᠭᠰᠢᠭᠦᠷᠢ ᠵᠡᠷᠭᠡ ᠶᠢ ᠪᠠᠭᠲᠠᠭᠠᠭᠰᠠᠨ ᠤᠯᠠᠷᠢᠯ ᠤᠨ᠂ ᠣᠨ ᠤ ᠠᠵᠢᠯ ᠤᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ︔

      ︵ᠭᠤᠷᠪᠠ︶ ᠤᠯᠠᠷᠢᠯ ᠳᠠᠭᠤᠰᠬᠤ ᠪᠣᠯᠭᠠᠨ 7 ᠠᠵᠢᠯᠯᠠᠬᠤ ᠡᠳᠦᠷ ᠤᠨ ᠳᠣᠲᠣᠷ᠎ᠠ ᠳᠡᠭᠡᠷ᠎ᠡ ᠤᠯᠠᠷᠢᠯ ᠤᠨ ᠣᠷᠣᠨ ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠥᠮᠴᠢᠯᠡᠬᠦ ᠡᠷᠬᠡ ᠶᠢᠨ ᠠᠷᠠᠯᠵᠢᠶ᠎ᠠ ᠪᠠ ᠰᠲ᠋ᠣᠺ ᠤᠨ ᠡᠷᠬᠡ ᠶᠢ ᠨᠠᠶᠢᠳᠠᠨ ᠬᠠᠮᠢᠶᠠᠷᠤᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ︔

      ︵ᠳᠥᠷᠪᠡ︶ ᠮᠡᠳᠡᠭᠦᠯᠬᠦ ᠶᠢ ᠱᠠᠭᠠᠷᠳᠠᠭᠰᠠᠨ ᠪᠤᠰᠤᠳ ᠵᠦᠢᠯᠡᠰ᠃

      ᠠᠷᠪᠠᠨ ᠵᠢᠷᠭᠤᠳᠤᠭᠠᠷ ᠵᠦᠢᠯ   ᠴᠢᠬᠤᠯᠠ ᠶᠡᠭᠡ ᠵᠦᠢᠯᠡᠰ ᠲᠣᠬᠢᠶᠠᠯᠳᠤᠪᠠᠯ᠂ ᠠᠵᠢᠯᠯᠠᠨ ᠡᠵᠡᠩᠨᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠷᠤᠶᠢᠬᠠᠨ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠰᠢᠢᠳᠪᠦᠷᠢᠯᠡᠯᠲᠡ ᠶᠢ ᠴᠠᠭ ᠲᠤᠬᠠᠢ ᠳᠤ ᠨᠢ ᠰᠠᠶᠢᠲᠤᠷ ᠬᠢᠵᠦ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠦᠯᠦᠯᠲᠡ ᠶᠢᠨ ᠠᠭᠤᠯᠭ᠎ᠠ ᠳᠤ ᠬᠡᠷᠡᠭ ᠡᠭᠦᠰᠦᠭᠰᠡᠨ ᠰᠢᠯᠲᠠᠭᠠᠨ᠂ ᠪᠠᠶᠢᠳᠠᠯ᠂ ᠣᠷᠣᠰᠢᠵᠤ ᠪᠠᠶᠢᠭ᠎ᠠ ᠲᠦᠭᠰᠢᠭᠦᠷᠢ ᠵᠢᠴᠢ ᠲᠠᠷᠠᠭᠠᠴᠢ ᠶᠢᠨ ᠱᠠᠲᠤ ᠦᠶ᠎ᠡ ᠶᠢᠨ ᠠᠵᠢᠯ ᠤᠨ ᠲᠣᠬᠢᠷᠠᠭᠤᠯᠤᠯᠲᠠ ᠶᠢ ᠪᠠᠭᠲᠠᠭᠠᠬᠤ ᠪᠣᠯᠪᠠᠴᠤ ᠡᠭᠦᠨ ᠳᠤ ᠯᠡ ᠬᠢᠵᠠᠭᠠᠷᠯᠠᠭᠳᠠᠬᠤ ᠦᠭᠡᠢ᠃ ᠴᠢᠬᠤᠯᠠ ᠶᠡᠭᠡ ᠵᠦᠢᠯᠡᠰ ᠲᠤ ᠳᠣᠣᠷᠠᠬᠢ ᠵᠦᠢᠯᠡᠰ ᠪᠠᠭᠲᠠᠨ᠎ᠠ᠄

      ︵ᠨᠢᠭᠡ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠯᠴᠠᠭᠴᠢ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠪᠤᠶᠤ ᠣᠷᠣᠰᠢᠬᠤ ᠪᠣᠯᠣᠯᠴᠠᠭ᠎ᠠ ᠲᠠᠢ ᠶᠢ ᠣᠯᠵᠤ ᠮᠡᠳᠡᠬᠦ︔

      ︵ᠬᠤᠶᠠᠷ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ ᠶᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠳᠠᠯᠳᠠ ᠲᠦᠭᠰᠢᠭᠦᠷᠢ ᠣᠷᠣᠰᠢᠵᠤ ᠪᠠᠶᠢᠭ᠎ᠠ ᠶᠢ ᠣᠯᠵᠤ ᠮᠡᠳᠡᠬᠦ︔

      ︵ᠭᠤᠷᠪᠠ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ ᠳᠤ ᠲᠣᠳᠣᠷᠬᠠᠢ ᠲᠣᠭᠲᠠᠭᠠᠯ ᠭᠠᠷᠭᠠᠭᠰᠠᠨ ᠦᠭᠡᠢ᠂ ᠭᠡᠬᠦ ᠳᠤ ᠪᠠᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠴᠢᠬᠤᠯᠠ ᠶᠡᠭᠡ ᠨᠥᠯᠥᠭᠡ ᠦᠵᠡᠭᠦᠯᠬᠦ ᠵᠦᠢᠯᠡᠰ ᠢᠯᠡᠷᠡᠬᠦ︔

      ︵ᠳᠥᠷᠪᠡ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠠᠵᠢᠯᠯᠠᠭᠠᠨ ᠢ ᠨᠥᠯᠥᠭᠡᠯᠡᠬᠦ ᠪᠠᠶᠢᠳᠠᠯ ᠡᠭᠦᠰᠬᠦ︔

      ︵ᠲᠠᠪᠤ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠳᠠᠪᠠᠭᠳᠠᠰᠢ ᠦᠭᠡᠢ ᠬᠦᠴᠦᠨ ᠵᠦᠢᠯ ᠠᠴᠠ ᠪᠣᠯᠵᠤ ᠵᠠᠬ᠎ᠠ ᠳᠡᠯᠭᠡᠭᠦᠷ ᠢ ᠬᠠᠭᠠᠬᠤ᠂ ᠡᠰᠡᠬᠦᠯ᠎ᠡ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠬᠠᠮᠠᠭᠠᠯᠠᠬᠤ ᠶᠢᠨ ᠲᠥᠯᠥᠭᠡ ᠵᠠᠬ᠎ᠠ ᠳᠡᠯᠭᠡᠭᠦᠷ ᠢ ᠮᠡᠷᠭᠡᠵᠢᠯ ᠤᠨ ᠴᠢᠨᠠᠷᠲᠠᠢ ᠪᠠᠷ ᠬᠠᠭᠠᠬᠤ ᠠᠷᠭ᠎ᠠ ᠬᠡᠮᠵᠢᠶ᠎ᠡ ᠠᠪᠬᠤ︔

      ︵ᠵᠢᠷᠭᠤᠭ᠎ᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠵᠦᠢᠯᠡᠰ᠃

      ︵ᠳᠥᠷᠪᠡ︶᠂ ︵ᠲᠠᠪᠤ︶ ᠳ᠋ᠤᠭᠠᠷ ᠵᠤᠷᠪᠤᠰ ᠤᠨ ᠪᠠᠶᠢᠳᠠᠯ ᠡᠭᠦᠰᠬᠦ ᠦᠶ᠎ᠡ ᠳᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠯᠴᠠᠭᠰᠠᠳ ᠲᠤ ᠬᠠᠮᠲᠤ ᠳᠤ ᠨᠢ ᠮᠡᠳᠡᠭᠳᠡᠬᠦ ᠬᠡᠷᠡᠭᠲᠡᠢ᠃

      ᠠᠷᠪᠠᠨ ᠳᠣᠯᠣᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠶᠢ ᠲᠠᠷᠬᠠᠭᠠᠬᠤ ᠳᠤ ᠪᠡᠯᠡ ᠣᠷᠣᠭᠤᠯᠤᠭᠴᠢᠳ ᠤᠨ ᠠᠷᠠᠯᠵᠢᠶᠠᠨ ᠤ ᠪᠡᠯᠡ ᠮᠥᠩᠭᠦ ᠬᠢᠭᠡᠳ ᠳᠡᠯᠭᠡᠨ ᠦᠵᠡᠭᠦᠯᠵᠦ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠲᠦᠭᠰᠢᠭᠦᠷᠢ ᠵᠢᠴᠢ ᠪᠤᠰᠤᠳ ᠳᠠᠯᠳᠠ ᠲᠦᠭᠰᠢᠭᠦᠷᠢ ᠶᠢ ᠲᠣᠬᠢᠲᠠᠢ ᠰᠢᠢᠳᠪᠦᠷᠢᠯᠡᠬᠦ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠨᠠᠷᠢᠪᠴᠢᠯᠠᠨ ᠲᠣᠭᠠᠴᠠᠭᠠᠯᠠᠬᠤ ᠬᠡᠷᠡᠭᠲᠡᠢ᠃

      ᠭᠤᠷᠪᠠᠳᠤᠭᠠᠷ ᠪᠦᠯᠦᠭ    ᠲᠤᠬᠠᠶᠢᠯᠠᠭᠰᠠᠨ ᠠᠵᠢᠯ ᠤᠨ ᠬᠠᠮᠢᠶᠠᠷᠤᠯᠲᠠ

      ᠠᠷᠪᠠᠨ ᠨᠠᠢᠮᠠᠳᠤᠭᠠᠷ ᠵᠦᠢᠯ   ᠳᠡᠯᠭᠡᠨ ᠦᠵᠡᠭᠦᠯᠬᠦ ᠭᠡᠳᠡᠭ ᠨᠢ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠬᠦ ᠦᠶᠯᠡ ᠠᠵᠢᠯᠯᠠᠭ᠎ᠠ ᠶᠢ ᠵᠢᠭᠠᠵᠤ ᠪᠣᠶ᠃ ᠫᠠᠶᠢᠰᠠ ᠡᠯᠭᠦᠬᠦ ᠭᠡᠳᠡᠭ ᠨᠢ ᠰᠲ᠋ᠣᠺ ᠤᠨ ᠵᠠᠬ᠎ᠠ ᠳᠤ ᠭᠠᠷᠤᠭᠰᠠᠨ ᠦᠭᠡᠢ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ ᠬᠤᠪᠢᠴᠠᠭ᠎ᠠ ︵ᠰᠲ᠋ᠣᠺ ᠤᠨ ᠡᠷᠬᠡ︶ ᠳᠠᠩᠰᠠᠯᠠᠬᠤ᠂ ᠨᠠᠶᠢᠳᠠᠨ ᠬᠠᠮᠢᠶᠠᠷᠤᠭᠤᠯᠬᠤ᠂ ᠠᠷᠠᠯᠵᠢᠶᠠᠯᠠᠬᠤ ᠵᠢᠴᠢ ᠪᠡᠯᠡ ᠲᠣᠬᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠥᠷᠨᠢᠭᠦᠯᠬᠦ ᠦᠶᠯᠡ ᠠᠵᠢᠯᠯᠠᠭ᠎ᠠ ᠶᠢ ᠵᠢᠭᠠᠵᠤ ᠪᠣᠶ᠃ ᠳᠡᠯᠭᠡᠨ ᠦᠵᠡᠭᠦᠯᠬᠦ᠂ ᠫᠠᠶᠢᠰᠠ ᠡᠯᠭᠦᠬᠦ ᠪᠠᠷ ᠭᠤᠶᠤᠴᠢᠯᠠᠬᠤ ᠠᠵᠤ ᠠᠬᠤᠶᠢᠯᠠᠯ ᠨᠢ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄

      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠳᠤ ᠲᠣᠭᠲᠠᠭᠠᠭᠰᠠᠨ ᠵᠠᠰᠠᠯᠲᠠ ᠶᠢᠨ ᠪᠦᠲᠦᠴᠡ ᠲᠠᠢ ᠪᠠᠶᠢᠬᠤ︔

      ︵ᠬᠤᠶᠠᠷ︶ ᠬᠤᠪᠢ ᠣᠷᠣᠭᠤᠯᠤᠭᠴᠢᠳ ᠤᠨ ᠬᠥᠮᠥᠨ ᠤ ᠲᠤᠭ᠎ᠠ ᠨᠢ 200 ᠬᠥᠮᠥᠨ ᠠᠴᠠ ᠬᠡᠲᠦᠷᠡᠬᠦ ᠦᠭᠡᠢ ᠪᠠᠶᠢᠬᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︔

      ︵ᠭᠤᠷᠪᠠ︶ ᠦᠷᠭᠦᠯᠵᠢᠯᠡᠭᠰᠡᠨ ᠪᠠᠶᠢᠳᠠᠯ ᠳᠤ ᠣᠷᠣᠰᠢᠵᠤ ᠪᠠᠶᠢᠭ᠎ᠠ ᠬᠦᠨᠳᠦ ᠶᠡᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠦᠭᠡᠢ ᠮᠥᠷᠲᠡᠭᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾ ᠶᠢᠨ ᠵᠠᠭᠤ ᠨᠠᠶᠠᠳᠤᠭᠠᠷ ᠵᠦᠢᠯ ᠳᠤ ᠲᠣᠭᠲᠠᠭᠠᠭᠰᠠᠨ ᠲᠠᠷᠬᠠᠭᠠᠬᠤ ᠪᠠᠶᠢᠳᠠᠯ᠂ ᠡᠰᠡᠬᠦᠯ᠎ᠡ ᠰᠢᠭᠦᠬᠦ ᠬᠤᠷᠢᠶ᠎ᠠ ᠠᠴᠠ ᠺᠣᠮᠫᠠᠨᠢ ᠶᠢ ᠲᠠᠬᠢᠨ ᠴᠡᠭᠴᠡᠯᠡᠬᠦ᠂ ᠡᠶᠡᠳᠡᠭᠦᠯᠬᠦ ᠪᠤᠶᠤ ᠳᠠᠮᠫᠤᠷᠠᠭᠤᠯᠬᠤ ᠭᠤᠶᠤᠴᠢᠯᠠᠯ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠪᠠᠶᠢᠳᠠᠯ ᠣᠷᠣᠰᠢᠬᠤ ᠦᠭᠡᠢ︔

      ︵ᠳᠥᠷᠪᠡ︶ ᠠᠵᠤ ᠠᠬᠤᠶᠢᠯᠠᠯ ᠨᠢ ᠪᠡᠯᠡ ᠣᠷᠣᠭᠤᠯᠤᠭᠴᠢᠳ ᠤᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠶᠢ ᠭᠦᠢᠴᠡᠳᠬᠡᠬᠦ ᠪᠠᠷ ᠠᠮᠠᠯᠠᠬᠤ︔

      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠨᠥᠬᠦᠴᠡᠯ᠃

      ᠠᠷᠪᠠ ᠶᠢᠰᠦᠳᠦᠭᠡᠷ ᠵᠦᠢᠯ   ᠳᠣᠣᠷ᠎ᠠ ᠵᠢᠭᠰᠠᠭᠠᠭᠰᠠᠨ ᠠᠵᠤ ᠠᠬᠤᠶᠢᠯᠠᠯ ᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠪᠣᠶᠢᠵᠢᠭᠤᠯᠬᠤ ᠶᠢ ᠵᠣᠷᠢᠭᠵᠢᠭᠤᠯᠤᠨ᠎ᠠ᠄

      ︵ᠨᠢᠭᠡ︶ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠰᠠᠯᠠᠭ᠎ᠠ ᠮᠥᠴᠢᠷ ᠠᠴᠠ ᠦᠨᠡᠯᠡᠭᠰᠡᠨ ᠪᠤᠶᠤ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭ ᠥᠪᠡᠷᠮᠢᠴᠡ ᠰᠢᠨ᠎ᠡ ︽ᠬᠡᠪᠴᠢᠶ᠎ᠡ ᠨᠢ ᠵᠢᠵᠢᠭ ᠪᠣᠯᠪᠠᠴᠤ ᠬᠥᠭᠵᠢᠯᠲᠡ ᠰᠠᠶᠢᠲᠠᠢ ᠠᠪᠤᠷᠭᠤ︾ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ︔

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠵᠢᠴᠢ ᠪᠤᠰᠤᠳ ᠳᠠᠯᠳᠠ ᠬᠦᠴᠦᠨ ᠲᠠᠢ ᠠᠵᠤ ᠠᠬᠤᠶᠢᠯᠠᠯ︔

      ︵ᠭᠤᠷᠪᠠ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠴᠠ ᠪᠡᠯᠡ ᠣᠷᠣᠭᠤᠯᠤᠭᠰᠠᠨ ᠠᠵᠤ ᠠᠬᠤᠶᠢᠯᠠᠯ᠂ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠪᠠ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠴᠠ ᠪᠡᠯᠡ ᠣᠷᠣᠭᠤᠯᠤᠭᠰᠠᠨ ᠳᠤᠮᠳᠠ ᠵᠢᠵᠢᠭ ᠠᠵᠤ ᠠᠬᠤᠶᠢᠯᠠᠯ᠃

      ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠪᠣᠶᠢᠵᠢᠭᠤᠯᠬᠤ ᠠᠵᠤ ᠠᠬᠤᠶᠢᠯᠠᠯ ᠳᠤ ᠳᠡᠰ ᠬᠤᠪᠢᠶᠠᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠬᠠᠮᠲᠤ ᠡᠯ᠎ᠡ ᠳᠡᠰ ᠤᠨ ᠠᠵᠤ ᠠᠬᠤᠶᠢᠯᠠᠯ ᠳᠤ ᠲᠡᠭᠦᠨ ᠤ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠲᠠᠢ ᠨᠢ ᠵᠣᠬᠢᠴᠠᠭᠰᠠᠨ ᠰᠠᠭᠤᠷᠢ ᠦᠢᠯᠡᠴᠢᠯᠡᠭᠡ ᠪᠠ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃

      ᠬᠤᠷᠢᠳᠤᠭᠠᠷ ᠵᠦᠢᠯ   ᠨᠠᠶᠢᠳᠠᠨ ᠬᠠᠮᠢᠶᠠᠷᠤᠭᠤᠯᠬᠤ ᠭᠡᠳᠡᠭ ᠨᠢ ᠠᠵᠤ ᠠᠬᠤᠶᠢᠯᠠᠯ ᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠰᠲ᠋ᠣᠺ ᠤᠨ ᠡᠷᠬᠡ ᠶᠢ ᠳᠠᠩᠰᠠᠯᠠᠵᠤ ᠨᠠᠶᠢᠳᠠᠨ ᠬᠠᠮᠢᠶᠠᠷᠤᠭᠤᠯᠬᠤ᠂ ᠡᠷᠤᠭᠡ ᠰᠢᠯᠵᠢᠭᠦᠯᠬᠦ ᠶᠢ ᠳᠠᠩᠰᠠᠯᠠᠬᠤ᠂ ᠮᠡᠳᠡᠭᠡ ᠵᠠᠩᠭᠢ ᠪᠠᠶᠢᠴᠠᠭᠠᠨ ᠯᠠᠪᠯᠠᠬᠤ᠂ ᠠᠰᠢᠭ ᠬᠤᠪᠢᠶᠠᠨ ᠬᠦᠦ ᠣᠨᠣᠭᠳᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠶᠠᠪᠤᠭᠤᠯᠬᠤ ᠦᠢᠯᠡ ᠠᠵᠢᠯᠯᠠᠭ᠎ᠠ ᠶᠢ ᠵᠢᠭᠠᠵᠤ ᠪᠤᠢ᠃ ᠨᠠᠶᠢᠳᠠᠨ ᠬᠠᠮᠢᠶᠠᠷᠤᠭᠤᠯᠬᠤ ᠠᠵᠤ ᠠᠬᠤᠶᠢᠯᠠᠯ ᠨᠢ ᠬᠤᠪᠢ ᠣᠷᠣᠭᠤᠯᠤᠭᠴᠢᠳ ᠤᠨ 200 ᠬᠥᠮᠥᠨ ᠤ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ ᠪᠠᠶᠢᠵᠤ ᠪᠣᠯᠣᠨ᠎ᠠ᠃

      ᠪᠦᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠰᠢᠯᠵᠢᠭᠦᠯᠦᠨ ᠥᠭᠬᠦ ᠰᠢᠰᠲ᠋ᠧᠮ ᠠᠴᠠ ᠫᠠᠶᠢᠰᠠ ᠪᠠᠭᠤᠯᠭᠠᠭᠰᠠᠨ ᠪᠤᠶᠤ ᠵᠠᠬ᠎ᠠ ᠠᠴᠠ ᠭᠠᠷᠤᠭᠰᠠᠨ ᠰᠲ᠋ᠣᠺ ᠢᠶᠠᠨ ᠵᠠᠬ᠎ᠠ ᠳᠤ ᠭᠠᠷᠭᠠᠭᠰᠠᠨ ᠺᠣᠮᠫᠠᠨᠢ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠬᠤᠪᠢ ᠪᠠᠨ ᠳᠠᠩᠰᠠᠯᠠᠭᠤᠯᠤᠨ ᠨᠠᠶᠢᠳᠠᠨ ᠬᠠᠮᠢᠶᠠᠷᠤᠭᠤᠯᠵᠤ ᠪᠣᠯᠣᠨ᠎ᠠ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠫᠠᠶᠢᠰᠠ ᠡᠯᠭᠦᠬᠦ ᠨᠥᠬᠦᠴᠡᠯ ᠳᠤ ᠨᠡᠶᠢᠴᠡᠭᠰᠡᠨ ᠨᠢ ᠲᠠᠬᠢᠵᠤ ᠫᠠᠶᠢᠰᠠ ᠡᠯᠭᠦᠭᠦᠯᠬᠦ ᠪᠠᠷ ᠭᠤᠶᠤᠴᠢᠯᠠᠵᠤ ᠪᠣᠯᠣᠨ᠎ᠠ᠃

      ᠬᠤᠷᠢᠨ ᠨᠢᠭᠡᠳᠦᠭᠡᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ ᠬᠤᠪᠢ ᠣᠷᠣᠭᠤᠯᠤᠭᠴᠢᠳ ᠤᠨ ᠨᠡᠷᠡᠰ ᠤᠨ ᠲᠠᠩᠰᠠ ᠶᠢ ᠬᠠᠮᠢᠶᠠᠷᠴᠤ᠂ ᠰᠲ᠋ᠣᠺ ᠤᠨ ᠡᠷᠬᠡ ᠶᠢ ᠬᠤᠪᠢᠷᠠᠭᠤᠯᠬᠤ᠂ ᠳᠠᠨᠵᠢᠯᠠᠬᠤ᠂ ᠴᠠᠷᠴᠠᠭᠠᠬᠤ ᠵᠡᠷᠭᠡ ᠪᠠᠶᠢᠳᠠᠯ ᠢ ᠲᠡᠮᠳᠡᠭᠯᠡᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠳ᠋ᠠᠶᠢᠲ᠋ᠠ ᠶᠢᠨ ᠲᠡᠮᠳᠡᠭᠯᠡᠯ ᠤᠨ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠬᠠᠮᠲᠤ ᠪᠣᠯᠵᠣᠨ ᠲᠣᠭᠲᠠᠭᠰᠠᠨ ᠶᠣᠰᠣᠭᠠᠷ ᠰᠲ᠋ᠣᠺ ᠤᠨ ᠡᠷᠬᠡ ᠨᠠᠶᠢᠳᠠᠨ ᠬᠠᠮᠢᠶᠠᠷᠤᠭᠤᠯᠤᠭᠰᠠᠨ ᠠᠵᠤ ᠠᠬᠤᠶᠢᠯᠠᠯ ᠳᠤ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃

      ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠰᠲ᠋ᠣᠺ ᠤᠨ ᠡᠷᠬᠡ ᠶᠢᠨ ᠠᠵᠢᠯ ᠶᠠᠪᠤᠳᠠᠯ ᠢ ᠭᠦᠢᠴᠡᠳᠬᠡᠬᠦ ᠶᠠᠪᠤᠴᠠ ᠳᠤ ᠣᠯᠣᠭᠰᠠᠨ ᠰᠲ᠋ᠣᠺ ᠤᠨ ᠡᠷᠬᠡ ᠶᠢ ᠨᠠᠶᠢᠳᠠᠨ ᠬᠠᠮᠢᠶᠠᠷᠤᠭᠤᠯᠤᠭᠰᠠᠨ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠦᠢᠯᠡᠴᠢᠯᠡᠭᠡᠨ ᠤ ᠵᠥᠪᠯᠡᠯᠴᠡᠭᠡᠷ ᠳᠠᠭᠤᠰᠤᠭᠰᠠᠨ ᠤ ᠲᠠᠷᠠᠭ᠎ᠠ ᠨᠢᠭᠤᠴᠠ ᠶᠢ ᠬᠠᠮᠠᠭᠠᠯᠠᠬᠤ ᠡᠭᠦᠷᠭᠡ ᠪᠠᠨ ᠮᠥᠨ ᠬᠦ ᠭᠦᠢᠴᠡᠳᠬᠡᠬᠦ ᠬᠡᠷᠡᠭᠲᠡᠢ᠃

      ᠬᠤᠷᠢᠨ ᠬᠤᠶᠠᠳᠤᠭᠠᠷ ᠵᠦᠢᠯ   ᠠᠵᠤ ᠠᠬᠤᠶᠢᠯᠠᠯ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠰᠲ᠋ᠣᠺ ᠲᠠᠷᠬᠠᠭᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄

      ︵ᠨᠢᠭᠡ︶ ᠲᠠᠷᠬᠠᠭᠠᠬᠤ ᠭᠤᠣᠯ ᠴᠣᠭᠴᠠ ᠨᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ︔

      ︵ᠬᠤᠶᠠᠷ︶ ᠣᠷᠴᠢᠮ ᠤᠨ ᠨᠢᠭᠡ ᠨᠢᠭᠲᠠᠯᠠᠨ ᠪᠤᠳᠤᠬᠤ ᠣᠨ ᠤ ᠬᠢᠨᠠᠨ ᠪᠤᠳᠤᠭᠰᠠᠨ ᠡᠳ᠋ ᠤᠨ ᠶᠠᠪᠤᠳᠠᠯ ᠤᠨ ᠮᠡᠳᠡᠭᠦᠯᠦᠯᠲᠡ ᠪᠠᠷ ᠪᠠᠷᠢᠮᠵᠢᠶ᠎ᠠ ᠪᠣᠯᠭᠠᠵᠤ ᠰᠠᠨᠠᠯ ᠢᠶᠠᠨ ᠥᠯᠥ ᠦᠯᠡᠳᠡᠭᠡᠬᠦ︔

      ︵ᠭᠤᠷᠪᠠ︶ ᠺᠣᠮᠫᠠᠨᠢ ᠨᠢ ᠺᠣᠮᠫᠠᠨᠢ ᠶᠢᠨ ᠳᠦᠷᠢᠮ ᠢᠶᠠᠷ ᠦᠨᠳᠦᠰᠦᠯᠡᠯ ᠪᠣᠯᠭᠠᠨ ᠰᠲ᠋ᠣᠺ ᠲᠠᠷᠬᠠᠭᠠᠬᠤ ᠪᠠᠷ ᠭᠤᠶᠤᠴᠢᠯᠠᠬᠤ ᠲᠤᠬᠠᠢ ᠰᠢᠢᠳᠪᠦᠷᠢ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠪᠠᠨ ᠭᠦᠢᠴᠡᠳᠬᠡᠬᠦ ᠪᠠᠷ ᠠᠮᠠᠯᠠᠬᠤ︔

      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠢᠴᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠨᠥᠬᠦᠴᠡᠯ᠃

      ᠬᠤᠷᠢᠨ ᠭᠤᠷᠪᠠᠳᠤᠭᠠᠷ ᠵᠦᠢᠯ   ᠠᠵᠤ ᠠᠬᠤᠶᠢᠯᠠᠯ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠰᠲ᠋ᠣᠺ ᠪᠣᠯᠭᠠᠨ ᠬᠤᠪᠢᠷᠠᠭᠤᠯᠵᠤ ᠪᠣᠯᠬᠤ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄

      ︵ᠨᠢᠭᠡ︶ ᠲᠠᠷᠬᠠᠭᠠᠬᠤ ᠭᠤᠣᠯ ᠴᠣᠭᠴᠠ ᠨᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠬᠤ ᠪᠥᠭᠡᠳ ᠲᠤᠰ ᠨᠠᠷᠢᠨ ᠳᠦᠷᠢᠮ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ︔

      ︵ᠬᠤᠶᠠᠷ︶ ᠣᠷᠴᠢᠮ ᠤᠨ ᠨᠢᠭᠡ ᠨᠢᠭᠲᠠᠯᠠᠨ ᠪᠤᠳᠤᠬᠤ ᠣᠨ ᠤ ᠬᠢᠨᠠᠨ ᠪᠣᠳᠤᠭᠰᠠᠨ ᠡᠳ᠋ ᠤᠨ ᠶᠠᠪᠤᠳᠠᠯ ᠤᠨ ᠮᠡᠳᠡᠭᠦᠯᠦᠯᠲᠡ ᠪᠠᠷ ᠪᠠᠷᠢᠮᠵᠢᠶ᠎ᠠ ᠪᠣᠯᠭᠠᠵᠤ ᠰᠠᠨᠠᠯ ᠢᠶᠠᠨ ᠥᠯᠥ ᠦᠯᠡᠳᠡᠭᠡᠬᠦ︔

      ︵ᠭᠤᠷᠪᠠ︶ ᠠᠵᠤ ᠠᠬᠤᠶᠢᠯᠠᠯ ᠨᠢ ᠺᠣᠮᠫᠠᠨᠢ ᠶᠢᠨ ᠳᠦᠷᠢᠮ ᠤᠨ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠᠷ ᠭᠤᠶᠤᠴᠢᠯᠠᠬᠤ ᠲᠤᠬᠠᠢ ᠰᠢᠢᠳᠪᠦᠷᠢ ᠭᠠᠷᠭᠠᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡ ᠪᠠᠨ ᠭᠦᠢᠴᠡᠳᠬᠡᠬᠦ ᠪᠠᠷ ᠠᠮᠠᠯᠠᠬᠤ︔

      ︵ᠳᠥᠷᠪᠡ︶ ᠵᠢᠭᠡᠯᠡᠯᠭᠡ ᠶᠢᠨ ᠲᠡᠮᠳᠡᠭᠲᠦ ᠴᠤᠭᠯᠠᠭᠤᠯᠬᠤ ᠲᠣᠳᠣᠷᠬᠠᠶᠢᠯᠠᠯᠲᠠ ᠶᠢᠨ ᠪᠢᠴᠢᠭ ᠲᠤ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠶᠢ ᠰᠲ᠋ᠣᠺ ᠪᠣᠯᠭᠠᠨ ᠬᠤᠪᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠲᠠᠢ ᠪᠠᠶᠢᠬᠤ︔

      ︵ᠲᠠᠪᠤ︶ ᠲᠠᠷᠬᠠᠭᠠᠬᠤ ᠠᠵᠤ ᠠᠬᠤᠶᠢᠯᠠᠯ ᠤᠨ ᠨᠢᠭᠡᠨᠲᠡ ᠲᠠᠷᠬᠠᠭᠠᠭᠰᠠᠨ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠪᠤᠶᠤ ᠪᠤᠰᠤᠳ ᠥᠭᠴᠡᠭᠡ ᠨᠢ ᠦᠷᠭᠦᠯᠵᠢᠯᠡᠭᠰᠡᠨ ᠪᠠᠶᠢᠳᠠᠯ ᠳᠤ ᠥᠯᠥ ᠣᠷᠣᠰᠢᠬᠤ ᠭᠡᠷ᠎ᠡ ᠶᠢ ᠵᠥᠷᠢᠴᠡᠭᠰᠡᠨ ᠪᠤᠶᠤ ᠡᠬᠡ ᠮᠥᠩᠭᠦ ᠬᠦᠦ ᠮᠥᠩᠭᠦ ᠶᠢ ᠨᠢ ᠤᠳᠠᠭᠠᠰᠢᠷᠠᠭᠤᠯᠤᠨ ᠲᠥᠯᠥᠭᠰᠡᠨ ᠪᠠᠶᠢᠳᠠᠯ ᠳᠤ ᠪᠠᠶᠢᠬᠤ ᠦᠭᠡᠢ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠨᠴᠠᠭᠠᠶ ᠱᠠᠭᠠᠷᠳᠠᠯᠭ᠎ᠠ ᠲᠠᠢ ᠨᠢ ᠡᠭᠦᠨ ᠳᠤ ᠪᠠᠭᠲᠠᠬᠤ ᠦᠭᠡᠢ︔

      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠬᠢᠭᠡᠳ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠨᠥᠬᠦᠴᠡᠯ᠃

      ᠬᠤᠷᠢᠨ ᠳᠥᠷᠪᠡᠳᠦᠭᠡᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠳᠤ ᠳᠣᠣᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄

      ︵ᠨᠢᠭᠡ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠰᠲ᠋ᠣᠺ᠂ ᠰᠲ᠋ᠣᠺ ᠪᠣᠯᠭᠠᠨ ᠬᠤᠪᠢᠷᠠᠭᠤᠯᠵᠤ ᠪᠣᠯᠬᠤ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ᠠᠴᠠ ᠭᠠᠳᠠᠨᠠᠬᠢ ᠪᠤᠰᠤᠳ ᠲᠡᠮᠳᠡᠭᠲᠦ ᠶᠢ ᠲᠠᠷᠬᠠᠭᠠᠵᠤ ᠪᠣᠯᠬᠤ ᠦᠭᠡᠢ︔

      ︵ᠬᠤᠶᠠᠷ︶ ᠵᠡᠷ ᠮᠡᠳᠡᠭᠡ᠂ ᠢᠯᠠ ᠪᠠᠷ ᠢᠳᠬᠠᠨ ᠳᠠᠭᠠᠭᠤᠯᠬᠤ ᠵᠡᠷᠭᠡ ᠢᠯᠠ ᠪᠠᠷ ᠪᠤᠶᠤ ᠬᠡᠯᠪᠡᠷᠢ ᠶᠢ ᠨᠢ ᠥᠭᠡᠷᠡᠲᠦᠭᠦᠯᠦᠨ ᠢᠯᠠ ᠪᠣᠯᠭᠠᠬᠤ ᠠᠷᠭ᠎ᠠ ᠮᠠᠶ᠋ᠢᠭ ᠢᠶᠠᠷ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠬᠠᠤᠯᠢ ᠪᠤᠰᠤ ᠪᠠᠷ ᠪᠡᠯᠡ ᠴᠤᠭᠯᠠᠭᠤᠯᠵᠤ ᠪᠣᠯᠬᠤ ᠦᠭᠡᠢ︔

      ︵ᠭᠤᠷᠪᠠ︶ ᠲᠥᠪᠯᠡᠷᠡᠭᠦᠯᠦᠨ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠴᠦ ᠪᠣᠯᠬᠤ ᠦᠭᠡᠢ᠂ ᠡᠭᠦᠨ ᠳᠤ ᠴᠤᠭᠯᠠᠷᠠᠭᠤᠯᠤᠨ ᠦᠨ᠎ᠡ ᠥᠷᠢᠰᠦᠯᠳᠦᠬᠦ᠂ ᠵᠠᠯᠭᠠᠭ᠎ᠠ ᠪᠠᠷ ᠦᠨ᠎ᠡ ᠥᠷᠢᠰᠦᠯᠳᠦᠬᠦ᠂ ᠡᠯᠧᠺᠲᠷᠣᠨ ᠢᠶᠠᠷ ᠡᠪᠯᠡᠭᠦᠯᠦᠨ ᠠᠷᠠᠯᠵᠢᠶᠠᠯᠠᠬᠤ᠂ ᠨᠡᠷ᠎ᠡ ᠪᠤᠷᠤᠭᠤᠯᠠᠵᠤ ᠠᠷᠠᠯᠵᠢᠶᠠᠯᠠᠬᠤ ᠵᠡᠷᠭᠡ ᠠᠷᠠᠯᠵᠢᠶᠠᠨ ᠤ ᠠᠷᠭ᠎ᠠ ᠮᠠᠶ᠋ᠢᠭ ᠪᠠᠭᠲᠠᠨ᠎ᠠ᠂ ᠵᠥᠪᠯᠡᠯᠴᠡᠭᠡᠷ  ᠢᠶᠠᠷ ᠰᠢᠯᠵᠢᠭᠦᠯᠦᠨ ᠥᠭᠬᠦ ᠪᠠ ᠬᠠᠤᠯᠢ ᠶᠣᠰᠣᠭᠠᠷ ᠦᠨ᠎ᠡ ᠬᠠᠶᠠᠯᠴᠠᠭᠤᠯᠤᠨ ᠬᠤᠳᠠᠯᠳᠤᠬᠤ ᠨᠢ ᠡᠭᠦᠨ ᠳᠤ ᠪᠠᠭᠲᠠᠬᠤ ᠦᠭᠡᠢ︔

      ︵ᠳᠥᠷᠪᠡ︶ ᠪᠡᠯᠡ ᠣᠷᠣᠭᠤᠯᠤᠭᠴᠢᠳ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠠᠳᠠᠯᠢ ᠨᠢᠭᠡᠨ ᠲᠡᠮᠳᠡᠭᠲᠦ ᠶᠢ ᠬᠤᠳᠠᠯᠳᠤᠨ ᠠᠪᠤᠭᠰᠠᠨ ᠤ ᠲᠠᠷᠠᠭ᠎ᠠ ᠬᠤᠳᠠᠯᠳᠤᠨ ᠭᠠᠷᠭᠠᠬᠤ ᠪᠤᠶᠤ ᠬᠤᠳᠠᠯᠳᠤᠨ ᠭᠠᠷᠭᠠᠭᠰᠠᠨ ᠤ ᠲᠠᠷᠠᠭ᠎ᠠ ᠬᠤᠳᠠᠯᠳᠤᠨ ᠠᠪᠤᠭᠰᠠᠨ ᠴᠠᠭ ᠤᠨ ᠠᠯᠭᠠᠰᠠᠯ ᠨᠢ 5 ᠠᠷᠠᠯᠵᠢᠶᠠᠨ ᠤ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ︔

      ︵ᠲᠠᠪᠤ︶ ᠳᠠᠩ ᠭᠠᠭᠴᠠ ᠲᠡᠮᠳᠡᠭᠲᠦ ᠶᠢᠨ ᠡᠷᠬᠡ ᠠᠰᠢᠭ ᠡᠵᠡᠮᠰᠢᠭᠴᠢ ᠨᠢ ᠨᠡᠶᠢᠯᠡᠭᠡᠳ 200 ᠬᠥᠮᠥᠨ ᠠᠴᠠ ᠬᠡᠲᠦᠷᠡᠵᠦ ᠪᠣᠯᠬᠤ ᠦᠭᠡᠢ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︔

      ︵ᠵᠢᠷᠭᠤᠭ᠎ᠠ︶ ᠠᠵᠢᠯᠯᠠᠨ ᠡᠵᠡᠩᠨᠡᠬᠦ ᠪᠠᠶᠢᠭᠤᠯᠤᠮᠵᠢ᠂ ᠲᠡᠮᠳᠡᠭᠲᠦ ᠲᠠᠷᠬᠠᠭᠠᠭᠴᠢ᠂ ᠵᠠᠭᠤᠴᠢ ᠪᠠᠶᠢᠭᠤᠯᠤᠮᠵᠢ ᠵᠢᠴᠢ ᠣᠷᠣᠨ ᠪᠦᠰᠡ ᠶᠢᠨ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠠᠬᠢ ᠪᠤᠰᠤᠳ ᠣᠷᠣᠯᠴᠠᠭᠴᠢ ᠨᠢ ᠪᠡᠯᠡ ᠣᠷᠣᠭᠤᠯᠤᠭᠴᠢᠳ ᠲᠤ ᠡᠬᠡ ᠮᠥᠩᠭᠦ ᠨᠢ ᠪᠡᠯᠡ ᠣᠷᠣᠭᠤᠯᠬᠤ ᠲᠦᠭᠰᠢᠭᠦᠷᠢ ᠦᠭᠡᠢ ᠪᠠ ᠨᠠᠭᠠᠲᠤ ᠵᠠᠬ᠎ᠠ ᠶᠢᠨ ᠠᠰᠢᠭ ᠣᠯᠵᠠᠪᠤᠷᠢ ᠶᠢ ᠠᠮᠠᠯᠠᠵᠤ ᠪᠣᠯᠬᠤ ᠦᠭᠡᠢ᠃

      ᠬᠤᠷᠢᠨ ᠲᠠᠪᠤᠳᠤᠭᠠᠷ ᠵᠦᠢᠯ   ᠢᠨᠲ᠋ᠧᠷ ᠰᠦᠯᠵᠢᠶ᠎ᠡ᠂ ᠷᠠᠳᠢᠣ᠋ ᠲᠧᠯᠸᠢᠰ᠂ ᠰᠣᠨᠢᠨ ᠰᠡᠳᠬᠦᠯ᠂ ᠰᠢᠯᠵᠢᠮᠡᠯ ᠦᠵᠦᠭᠦᠷ ᠵᠡᠷᠭᠡ ᠪᠠᠷ ᠳᠠᠮᠵᠢᠭᠤᠯᠤᠨ ᠨᠡᠶᠢᠭᠡᠮ ᠨᠡᠶᠢᠲᠡ ᠳᠤ ᠬᠤᠪᠢ ᠡᠯᠰᠡᠬᠦ ᠲᠣᠳᠣᠷᠬᠠᠶᠢᠯᠠᠯᠲᠠ ᠶᠢᠨ ᠪᠢᠴᠢᠭ᠂ ᠲᠡᠮᠳᠡᠭᠲᠦ ᠴᠤᠭᠯᠠᠭᠤᠯᠬᠤ ᠲᠣᠳᠣᠷᠬᠠᠶᠢᠯᠠᠯᠲᠠ ᠶᠢᠨ ᠪᠢᠴᠢᠭ᠂ ᠰᠢᠯᠵᠢᠭᠦᠯᠦᠨ ᠥᠭᠬᠦ ᠪᠠᠷ ᠪᠠᠶᠢᠭ᠎ᠠ ᠲᠡᠮᠳᠡᠭᠲᠦ ᠶᠢᠨ ᠲᠤᠭ᠎ᠠ ᠬᠡᠮᠵᠢᠶ᠎ᠡ ᠪᠠ ᠦᠨ᠎ᠡ ᠬᠠᠩᠰᠢ ᠵᠡᠷᠭᠡ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠭᠰᠡᠨ ᠪᠠᠶᠢᠪᠠᠯ᠂ ᠲᠤᠰ ᠨᠠᠷᠢᠨ ᠳᠦᠷᠢᠮ ᠤᠨ ᠬᠤᠷᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠢᠯᠠ ᠪᠤᠶᠤ ᠬᠡᠯᠪᠡᠷᠢ ᠶᠢ ᠨᠢ ᠥᠭᠡᠷᠡᠲᠦᠭᠦᠯᠦᠨ ᠢᠯᠠ ᠪᠣᠯᠭᠠᠬᠤ ᠠᠷᠭ᠎ᠠ ᠮᠠᠶ᠋ᠢᠭ ᠲᠤ ᠲᠣᠭᠠᠴᠠᠭᠳᠠᠨ᠎ᠠ᠂ ᠭᠡᠪᠡᠴᠦ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠨᠢ ᠡᠭᠦᠨ ᠳᠤ ᠪᠠᠭᠲᠠᠬᠤ ᠦᠭᠡᠢ᠄

      ︵ᠨᠢᠭᠡ︶ ᠲᠤᠰ ᠵᠠᠬ᠎ᠠ ᠳᠡᠯᠭᠡᠭᠦᠷ ᠲᠤ ᠳᠠᠩᠰᠠᠨ ᠡᠷᠦᠬᠡ ᠪᠠᠶᠢᠭᠤᠯᠤᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠲᠤ ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ᠂ ᠠᠯᠪᠠᠨ ᠰᠦᠯᠵᠢᠶᠡᠨ ᠦᠷᠳᠡᠭᠡ᠂ ᠭᠠᠷ ᠤᠲᠠᠰᠤᠨ ᠤ APP᠂ ᠸᠢᠴᠠᠲ ᠤᠨ ᠵᠢᠵᠢᠭ ᠫᠷᠣᠭ᠍ᠷᠠᠮ ᠵᠡᠷᠭᠡ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠮᠡᠳᠡᠭᠡ ᠵᠠᠩᠭᠢ ᠶᠢ ᠨᠡᠶᠢᠲᠡᠯᠡᠬᠦ︔

      ︵ᠬᠤᠶᠠᠷ︶ ᠪᠡᠯᠡ ᠣᠷᠣᠭᠤᠯᠤᠭᠴᠢᠳ ᠨᠢ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠵᠡᠷᠭᠡ ᠪᠡᠶ᠎ᠡ ᠪᠠᠨ ᠭᠡᠷᠡᠴᠢᠯᠡᠬᠦ ᠠᠷᠭ᠎ᠠ ᠮᠠᠶ᠋ᠢᠭ ᠢᠶᠠᠷ ᠳᠠᠩᠰᠠᠯᠠᠭᠰᠠᠨ ᠤ ᠳᠠᠷᠠᠭ᠎ᠠ ᠰᠠᠶ᠋ᠢ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠣᠨ᠎ᠠ᠃

      ᠬᠤᠷᠢᠨ ᠵᠢᠷᠭᠤᠳᠤᠭᠠᠷ ᠵᠦᠢᠯ   ᠫᠠᠶᠢᠰᠠ ᠡᠯᠭᠦᠭᠰᠡᠨ ᠠᠵᠤ ᠠᠬᠤᠶᠢᠯᠠᠯ᠂ ᠲᠡᠮᠳᠡᠭᠲᠦ ᠲᠠᠷᠬᠠᠭᠠᠭᠴᠢ᠂ ᠵᠠᠭᠤᠴᠢ ᠪᠠᠶᠢᠭᠤᠯᠤᠮᠵᠢ ᠵᠢᠴᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠠᠬᠢ ᠪᠤᠰᠤᠳ ᠣᠷᠣᠯᠴᠠᠭᠴᠢᠳ ᠨᠢ ᠲᠣᠭᠲᠠᠭᠠᠯ ᠪᠠ ᠵᠥᠪᠯᠡᠯᠴᠡᠭᠡᠷ ᠤᠨ ᠪᠣᠯᠵᠣᠯ ᠶᠣᠰᠣᠭᠠᠷ᠂ ︽ᠴᠢᠬᠤᠯᠠ ᠦᠭᠡᠢ ᠪᠣᠯ ᠦᠯᠦ ᠢᠯᠡ ᠨᠡᠶᠢᠲᠡᠯᠡᠬᠦ︾ ᠵᠠᠷᠴᠢᠮ ᠢ ᠦᠨᠳᠦᠰᠦᠯᠡᠨ ᠮᠡᠳᠡᠭᠡ ᠵᠠᠩᠭᠢ ᠶᠢ ᠵᠦᠷᠢᠶᠡᠵᠢᠭᠦᠯᠦᠨ ᠢᠯᠡ ᠨᠡᠶᠢᠲᠡᠯᠡᠬᠦ ᠪᠠ ᠮᠡᠳᠡᠭᠡ ᠵᠠᠩᠭᠢ ᠶᠢ ᠬᠠᠨᠳᠤᠯᠭ᠎ᠠ ᠲᠠᠢ ᠪᠠᠷ ᠢᠯᠡ ᠨᠡᠶᠢᠲᠡᠯᠡᠬᠦ ᠶᠢ ᠬᠡᠷᠡᠭᠵᠢᠭᠦᠯᠬᠦ ᠬᠡᠷᠡᠭᠲᠡᠢ᠃ ᠰᠲ᠋ᠣᠺ ᠤᠨ ᠡᠷᠬᠡ ᠪᠠ ᠠᠪᠴᠠᠭᠠᠨ ᠤ ᠡᠷᠬᠡ ᠶᠢᠨ ᠪᠡᠯᠡ ᠲᠣᠬᠢᠷᠠᠭᠤᠯᠭ᠎ᠠ ᠬᠢᠭᠰᠡᠨ ᠦᠭᠡᠢ ᠠᠵᠤ ᠠᠬᠤᠶᠢᠯᠠᠯ ᠨᠢ ᠢᠯᠡ ᠨᠡᠶᠢᠲᠡᠯᠡᠬᠦ ᠠᠭᠤᠯᠭ᠎ᠠ ᠪᠠ ᠬᠦᠷᠢᠶ᠎ᠡ ᠬᠡᠪᠴᠢᠶ᠎ᠡ ᠪᠠᠨ ᠰᠠᠶᠢᠨ ᠳᠤᠷ᠎ᠠ ᠠᠴᠠ ᠪᠠᠨ ᠰᠣᠩᠭᠤᠵᠤ ᠪᠣᠯᠣᠨ᠎ᠠ᠂ ᠰᠲ᠋ᠣᠺ ᠤᠨ ᠡᠷᠬᠡ ᠪᠤᠶᠤ ᠠᠪᠴᠠᠭᠠᠨ ᠤ ᠡᠷᠬᠡ ᠶᠢᠨ ᠪᠡᠯᠡ ᠲᠣᠬᠢᠷᠠᠭᠤᠯᠭ᠎ᠠ ᠬᠢᠵᠦ ᠥᠩᠭᠡᠷᠡᠭᠰᠡᠨ ᠠᠵᠤ ᠠᠬᠤᠶᠢᠯᠠᠯ ᠨᠢ ᠭᠠᠳᠠᠨᠠᠬᠢ ᠪᠡᠯᠡ ᠣᠷᠣᠭᠤᠯᠤᠭᠴᠢ ᠶᠢᠨ ᠱᠠᠭᠠᠷᠳᠠᠯᠭ᠎ᠠ ᠪᠤᠶᠤ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠬᠠᠨᠳᠤᠯᠭ᠎ᠠ ᠲᠠᠢ ᠪᠠᠷ ᠮᠡᠳᠡᠭᠡ ᠵᠠᠩᠭᠢ ᠪᠠᠨ ᠢᠯᠡ ᠨᠡᠶᠢᠲᠡᠯᠡᠬᠦ ᠬᠡᠷᠡᠭᠲᠡᠢ᠃ ᠪᠡᠯᠡ ᠣᠷᠣᠭᠤᠯᠤᠭᠴᠢᠳ ᠲᠤ ᠮᠡᠳᠡᠭᠡ ᠵᠠᠩᠭᠢ ᠶᠢ ᠦᠨᠡᠨ ᠪᠣᠳᠠᠲᠠᠢ ᠵᠥᠪ ᠣᠨᠣᠪᠴᠢᠲᠠᠶ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠂ ᠬᠤᠳᠠᠯ ᠬᠠᠭᠤᠷᠮᠠᠭ ᠲᠡᠮᠳᠡᠭᠯᠡᠯ᠂ ᠠᠳᠡᠭᠦᠷᠡᠭᠦᠯᠬᠦ ᠴᠢᠨᠠᠷᠲᠠᠢ ᠲᠣᠭᠠᠴᠢᠯᠲᠠ ᠬᠢᠵᠦ ᠪᠣᠯᠬᠤ ᠦᠭᠡᠢ᠃

      ᠬᠤᠷᠢᠨ ᠳᠣᠯᠣᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠠᠵᠤ ᠠᠬᠤᠶᠢᠯᠠᠯ ᠤᠨ ᠳ᠋ᠠᠶᠢᠲ᠋ᠠ ᠬᠥᠮᠥᠷᠭᠡ ᠪᠠ ᠬᠠᠨᠳᠤᠯᠭ᠎ᠠ ᠲᠠᠢ ᠮᠡᠳᠡᠭᠡ ᠵᠠᠩᠭᠢ ᠢᠯᠡ ᠨᠡᠶᠢᠲᠡᠯᠡᠬᠦ ᠰᠢᠰᠲ᠋ᠧᠮ ᠢ  ᠪᠠᠶᠢᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠡᠭᠦᠷᠭᠡᠲᠦ ᠬᠥᠮᠥᠨ ᠤ ᠲᠣᠭᠲᠠᠭᠠᠯ ᠶᠣᠰᠣᠭᠠᠷ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠪᠡᠯᠡ ᠣᠷᠣᠭᠤᠯᠤᠭᠴᠢ ᠯᠤᠭ᠎ᠠ ᠦᠢᠯᠡᠳᠦᠯᠴᠡᠨ ᠰᠣᠯᠢᠯᠴᠠᠬᠤ ᠠᠵᠢᠯᠯᠠᠭ᠎ᠠ ᠥᠷᠨᠢᠭᠦᠯᠬᠦ ᠳᠤ ᠲᠥᠬᠦᠮ ᠦᠵᠡᠭᠦᠯᠬᠦ ᠬᠡᠷᠡᠭᠲᠡᠢ᠃

      ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠰᠢᠰᠲ᠋ᠧᠮ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠬᠠᠮᠢᠶᠠᠷᠤᠯᠲᠠ ᠶᠢᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ ᠤᠨ ᠦᠨᠡᠯᠡᠨ ᠵᠢᠱᠢᠯᠲᠡ ᠶᠢ ᠥᠩᠭᠡᠷᠡᠭᠰᠡᠨ ᠪᠠᠶᠢᠬᠤ ᠬᠡᠷᠡᠭᠲᠡᠢ᠃

      ᠬᠤᠷᠢᠨ ᠨᠠᠢᠮᠠᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢ ᠳᠤ ᠬᠠᠨᠳᠤᠭᠤᠯᠬᠤ ᠬᠡᠷᠡᠭᠲᠡᠢ᠃ ᠲᠤᠰ ᠨᠠᠷᠢᠨ ᠳᠦᠷᠢᠮ ᠳᠤ ᠬᠡᠯᠡᠵᠦ ᠪᠠᠶᠢᠭ᠎ᠠ ᠬᠢᠷᠢ ᠲᠡᠩᠴᠡᠭᠰᠡᠨ ᠪᠡᠯᠡ ᠣᠷᠣᠭᠤᠯᠤᠭᠴᠢ ᠪᠣᠯ ᠨᠡᠯᠢᠶᠡᠳ ᠴᠢᠩᠭ᠎ᠠ ᠲᠦᠭᠰᠢᠭᠦᠷᠢ ᠶᠢ ᠢᠯᠭᠠᠨ ᠲᠠᠨᠢᠬᠤ ᠪᠠ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠪᠠᠶᠢᠵᠤ᠂ ᠲᠡᠮᠳᠡᠭᠲᠦ ᠶᠢᠨ ᠪᠡᠯᠡ ᠣᠷᠣᠭᠤᠯᠬᠤ ᠲᠦᠭᠰᠢᠭᠦᠷᠢ ᠶᠢ ᠣᠶᠢᠯᠠᠭᠠᠵᠤ ᠮᠡᠳᠡᠬᠦ ᠶᠢᠨ ᠬᠠᠮᠲᠤ ᠥᠪᠡᠷ ᠢᠶᠠᠨ ᠳᠠᠭᠠᠭᠠᠨ ᠡᠭᠦᠷᠭᠡᠯᠡᠬᠦ ᠪᠥᠭᠡᠳ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠭᠰᠡᠨ ᠪᠠᠶᠢᠬᠤ ᠬᠡᠷᠡᠭᠲᠡᠢ᠄

      ︵ᠨᠢᠭᠡ︶ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ ᠵᠢᠴᠢ ᠲᠡᠭᠦᠨ ᠤ ᠬᠦᠦ ᠺᠣᠮᠫᠠᠨᠢ᠂ ᠬᠤᠳᠠᠯᠳᠤᠭᠠᠨ ᠤ ᠪᠠᠩᠬᠢ᠂ ᠳᠠᠭᠠᠳᠬᠠᠯ ᠤᠨ ᠺᠣᠮᠫᠠᠨᠢ᠂ ᠢᠲᠡᠭᠡᠮᠵᠢᠲᠦ ᠨᠠᠶᠢᠳᠠᠯᠭ᠎ᠠ ᠶᠢᠨ ᠺᠣᠮᠫᠠᠨᠢ᠂ ᠡᠳ᠋ ᠤᠨ ᠶᠠᠪᠤᠳᠠᠯ ᠤᠨ ᠺᠣᠮᠫᠠᠨᠢ ᠵᠡᠷᠭᠡ ᠬᠠᠤᠯᠢ ᠶᠣᠰᠣᠭᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠪᠤᠶᠤ ᠲᠡᠮᠳᠡᠭᠯᠡᠭᠦᠯᠦᠭᠰᠡᠨ ᠲᠡᠮᠳᠡᠭᠲᠦ ᠶᠢᠨ ᠺᠣᠮᠫᠠᠨᠢ ᠶᠢᠨ ᠬᠦᠦ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠬᠦᠦ ᠺᠣᠮᠫᠠᠨᠢ᠂ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦᠨ ᠤ ᠬᠠᠮᠢᠶᠠᠷᠤᠭᠴᠢ︔

      ︵ᠬᠤᠶᠠᠷ︶ ᠲᠡᠮᠳᠡᠭᠲᠦ ᠶᠢᠨ ᠺᠣᠮᠫᠠᠨᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠺᠣᠮᠫᠠᠨᠢ ᠵᠢᠴᠢ ᠲᠡᠭᠦᠨ ᠤ ᠬᠦᠦ ᠺᠣᠮᠫᠠᠨᠢ ᠶᠢᠨ ᠨᠡᠷᠡᠳᠬᠦᠨ᠂ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠨᠡᠷᠡᠳᠬᠦᠨ᠂ ᠪᠠᠩᠬᠢ ᠶᠢᠨ ᠬᠥᠷᠥᠩᠭᠡ ᠮᠥᠩᠭᠦ ᠠᠬᠤᠶᠢᠯᠠᠬᠤ ᠨᠡᠷᠡᠳᠬᠦᠨ᠂ ᠳᠠᠭᠠᠳᠬᠠᠯ ᠤᠨ ᠨᠡᠷᠡᠳᠬᠦᠨ᠂ ᠢᠲᠡᠭᠡᠮᠵᠢᠲᠦ ᠨᠠᠶᠢᠳᠠᠯᠭ᠎ᠠ ᠶᠢᠨ ᠨᠡᠷᠡᠳᠬᠦᠨ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠮᠢᠶᠠᠷᠴᠤ ᠪᠠᠶᠢᠭ᠎ᠠ ᠪᠡᠯᠡ ᠣᠷᠣᠭᠤᠯᠤᠯᠲᠠ ᠶᠢᠨ ᠴᠢᠨᠠᠷᠲᠠᠢ ᠲᠥᠯᠥᠪᠯᠡᠭᠡ︔

      ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠠᠵᠤ ᠠᠬᠤᠶᠢᠯᠠᠯ ᠤᠨ ᠣᠨ ᠤ ᠮᠥᠩᠭᠦ ᠵᠡᠷᠭᠡ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ᠂ ᠨᠢᠭᠦᠯᠡᠰᠦᠩᠭᠦᠢ ᠶᠢᠨ ᠰᠠᠭᠤᠷᠢ ᠮᠥᠩᠭᠦ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠵᠢᠴᠢ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ︔

      ︵ᠳᠥᠷᠪᠡ︶ ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠣᠷᠴᠢᠮ ᠤᠨ ᠨᠢᠭᠡ ᠵᠢᠯ ᠤᠨ ᠴᠡᠪᠡᠷ ᠡᠳ᠋ ᠬᠥᠷᠥᠩᠭᠡ ᠨᠢ 200 ᠲᠦᠮᠡᠨ ᠲᠥᠭᠦᠷᠢᠭ ᠠᠴᠠ ᠳᠣᠣᠷ᠎ᠠ ᠦᠭᠡᠢ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ︔

      ︵ᠲᠠᠪᠤ︶ ᠵᠣᠬᠢᠬᠤ ᠬᠤᠭᠤᠴᠠᠭᠠᠨ ᠳᠤ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠣᠭᠲᠠᠭᠠᠯ ᠳᠤ ᠨᠡᠶᠢᠴᠡᠭᠰᠡᠨ ᠠᠷᠠᠳ ᠤᠨ ᠵᠣᠭᠤᠰ ᠢᠶᠠᠷ 50 ᠲᠦᠮᠡᠨ ᠲᠥᠭᠦᠷᠢᠭ ᠠᠴᠠ ᠳᠣᠣᠷ᠎ᠠ ᠦᠭᠡᠢ ᠦᠷᠲᠡᠭ ᠪᠦᠬᠦᠢ ᠮᠥᠩᠭᠦᠨ ᠭᠦᠢᠯᠭᠡᠭᠡᠨ ᠤ ᠡᠳ᠋ ᠬᠥᠷᠥᠩᠭᠡ ᠲᠠᠢ ᠪᠠᠶᠢᠬᠤ ᠪᠥᠭᠡᠳ 2 ᠵᠢᠯ ᠠᠴᠠ ᠳᠡᠭᠡᠭᠰᠢᠬᠢ ᠮᠥᠩᠭᠦᠨ ᠭᠦᠢᠯᠭᠡᠭᠡᠨ ᠤ ᠨᠡᠷᠡᠳᠬᠦᠨ ᠳᠤ ᠪᠡᠯᠡ ᠣᠷᠣᠭᠤᠯᠤᠭᠰᠠᠨ ᠥᠩᠭᠡᠷᠡᠯᠲᠡ ᠲᠠᠢ ᠪᠤᠶᠤ 2 ᠵᠢᠯ ᠠᠴᠠ ᠳᠡᠭᠡᠭᠰᠢᠬᠢ ᠮᠥᠩᠭᠦᠨ ᠭᠦᠢᠯᠭᠡᠭᠡᠨ ᠤ ᠠᠵᠢᠯ ᠲᠥᠷᠥᠯ ᠵᠢᠴᠢ ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠲᠠᠢ ᠪᠠᠶᠢᠭᠠᠯᠢ ᠬᠥᠮᠥᠨ᠃

      ᠪᠡᠯᠡ ᠣᠷᠣᠭᠤᠯᠤᠭᠴᠢ ᠨᠢ ᠵᠢᠭᠡᠯᠡᠯᠭᠡ ᠪᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠪᠠᠷ ᠴᠤᠭᠯᠠᠭᠤᠯᠤᠭᠰᠠᠨ ᠥᠪᠡᠷ ᠤᠨ ᠪᠤᠰᠤ ᠪᠡᠯᠡ ᠮᠥᠩᠭᠦ ᠪᠠᠷ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠡᠮᠳᠡᠭᠲᠦ ᠳᠤ ᠪᠡᠯᠡ ᠣᠷᠣᠭᠤᠯᠵᠤ ᠪᠣᠯᠬᠤ ᠦᠭᠡᠢ᠃

      ᠬᠤᠷᠢ ᠶᠢᠰᠦᠳᠦᠭᠡᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠶᠢ ᠲᠠᠷᠬᠠᠭᠠᠬᠤ ᠪᠤᠶᠤ ᠰᠢᠯᠵᠢᠭᠦᠯᠦᠨ ᠥᠭᠬᠦ ᠳᠤ ᠰᠠᠯᠭᠠᠨ ᠬᠤᠪᠢᠶᠠᠬᠤ᠂ ᠣᠷᠣᠯᠠᠨ ᠡᠵᠡᠮᠰᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠪᠠᠷᠢᠮᠵᠢᠶ᠎ᠠ ᠶᠢ ᠬᠡᠯᠪᠡᠷᠢ ᠶᠢ ᠨᠢ ᠥᠭᠡᠷᠡᠲᠦᠭᠦᠯᠦᠨ ᠡᠪᠳᠡᠵᠦ ᠪᠣᠯᠬᠤ ᠦᠭᠡᠢ᠃ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠠᠮᠤᠭ ᠡᠴᠦᠰ ᠤᠨ ᠪᠡᠯᠡ ᠣᠷᠣᠭᠤᠯᠤᠭᠴᠢ ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠮᠥᠨ ᠡᠰᠡᠬᠦ ᠶᠢ ᠨᠡᠪᠲᠡ ᠬᠢᠨᠠᠨ ᠪᠠᠶᠢᠴᠠᠭᠠᠬᠤ ᠶᠢᠨ ᠬᠠᠮᠲᠤ ᠪᠡᠯᠡ ᠣᠷᠣᠭᠤᠯᠤᠭᠴᠢ ᠶᠢᠨ ᠬᠥᠮᠥᠨ ᠤ ᠲᠤᠭ᠎ᠠ ᠶᠢ ᠨᠡᠶᠢᠯᠡᠭᠦᠯᠦᠨ ᠪᠤᠳᠤᠬᠤ ᠬᠡᠷᠡᠭᠲᠡᠢ᠄

      ︵ᠨᠢᠭᠡ︶ ᠬᠥᠷᠥᠩᠭᠡ ᠮᠥᠩᠭᠦ ᠠᠬᠤᠶᠢᠯᠠᠬᠤ ᠨᠡᠷᠡᠳᠬᠦᠨ᠂ ᠬᠤᠷᠰᠢᠭᠰᠠᠨ ᠠᠵᠤ ᠠᠬᠤᠶᠢᠯᠠᠯ ᠵᠡᠷᠭᠡ ᠬᠡᠯᠪᠡᠷᠢ ᠪᠠᠷ ᠤᠯᠠᠨ ᠪᠡᠯᠡ ᠣᠷᠣᠭᠤᠯᠤᠭᠴᠢᠳ ᠤᠨ ᠪᠡᠯᠡ ᠮᠥᠩᠭᠦ ᠶᠢ ᠴᠤᠭᠯᠠᠭᠤᠯᠵᠤ ᠰᠢᠭᠤᠳ ᠪᠤᠶᠤ ᠳᠠᠮ ᠢᠶᠠᠷ ᠲᠡᠮᠳᠡᠭᠲᠦ ᠳᠤ ᠪᠡᠯᠡ ᠣᠷᠣᠭᠤᠯᠤᠭᠰᠠᠨ︔

      ︵ᠬᠤᠶᠠᠷ︶ ᠳᠠᠩ ᠭᠠᠭᠴᠠ ᠲᠡᠮᠳᠡᠭᠲᠦ ᠶᠢ ᠬᠤᠭᠤᠴᠠᠭ᠎ᠠ ᠬᠤᠪᠢᠶᠠᠨ ᠲᠠᠷᠬᠠᠭᠠᠭᠰᠠᠨ᠃

      ᠬᠥᠷᠥᠩᠭᠡ ᠮᠥᠩᠭᠦ ᠠᠬᠤᠶᠢᠯᠠᠬᠤ ᠨᠡᠷᠡᠳᠬᠦᠨ᠂ ᠬᠤᠷᠰᠢᠭᠰᠠᠨ ᠠᠵᠤ ᠠᠬᠤᠶᠢᠯᠠᠯ ᠵᠡᠷᠭᠡ ᠪᠡᠯᠡ ᠣᠷᠣᠭᠤᠯᠤᠭᠴᠢᠳ ᠨᠢ ᠲᠤᠰ ᠨᠠᠷᠢᠨ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ︵ᠬᠤᠶᠠᠷ︶᠂ ︵ᠭᠤᠷᠪᠠ︶ ᠳ᠋ᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠪᠡᠯ ᠡᠭᠦᠨ ᠳᠤ ᠪᠠᠭᠲᠠᠬᠤ ᠦᠭᠡᠢ᠃

      ᠭᠤᠴᠢᠳᠤᠭᠠᠷ ᠵᠦᠢᠯ   ᠳᠣᠣᠷᠠᠬᠢ ᠪᠠᠶᠢᠳᠠᠯ ᠤᠨ ᠨᠢᠭᠡ   ᠲᠠᠢ ᠨᠢ ᠨᠡᠶᠢᠴᠡᠪᠡᠯ᠂ ᠲᠤᠰ ᠨᠠᠷᠢᠨ ᠳᠦᠷᠢᠮ ᠳᠠᠬᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠲᠣᠭᠲᠠᠭᠠᠯ ᠳᠤ ᠬᠢᠵᠠᠭᠠᠷᠯᠠᠭᠳᠠᠬᠤ ᠦᠭᠡᠢ᠄

      ︵ᠨᠢᠭᠡ︶ ᠲᠡᠮᠳᠡᠭᠲᠦ ᠲᠠᠷᠬᠠᠭᠠᠭᠴᠢ᠂ ᠫᠠᠶᠢᠰᠠ ᠡᠯᠭᠦᠭᠰᠡᠨ ᠺᠣᠮᠫᠠᠨᠢ ᠨᠢ ᠰᠲ᠋ᠣᠺ ᠤᠨ ᠡᠷᠬᠡ ᠶᠢᠨ ᠤᠷᠮᠠᠰᠢᠭᠤᠯᠤᠯ ᠤᠨ ᠲᠥᠯᠥᠪᠯᠡᠭᠡ ᠬᠡᠷᠡᠭᠵᠢᠭᠦᠯᠬᠦ︔

      ︵ᠬᠤᠶᠠᠷ︶ ᠲᠡᠮᠳᠡᠭᠲᠦ ᠲᠠᠷᠬᠠᠭᠠᠭᠴᠢ᠂ ᠫᠠᠶᠢᠰᠠ ᠡᠯᠭᠦᠭᠰᠡᠨ ᠺᠣᠮᠫᠠᠨᠢ ᠶᠢᠨ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠲᠠᠷᠬᠠᠭᠠᠬᠤ᠂ ᠫᠠᠶᠢᠰᠠ ᠡᠯᠭᠦᠬᠦ ᠠᠴᠠ ᠡᠮᠦᠨ᠎ᠡ ᠨᠢᠭᠡᠨᠲᠡ ᠰᠲ᠋ᠣᠺ ᠤᠨ ᠡᠷᠬᠡ ᠡᠵᠡᠮᠰᠢᠭᠰᠡᠨ ᠬᠤᠪᠢ ᠣᠷᠣᠭᠤᠯᠤᠭᠴᠢ ᠨᠢ ᠲᠤᠰ ᠲᠠᠷᠬᠠᠭᠠᠭᠴᠢ᠂ ᠫᠠᠶᠢᠰᠠ ᠡᠯᠭᠦᠭᠰᠡᠨ ᠺᠣᠮᠫᠠᠨᠢ ᠶᠢᠨ ᠲᠡᠮᠳᠡᠭᠲᠦ ᠶᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠬᠤ︔

      ︵ᠭᠤᠷᠪᠠ︶ ᠵᠠᠯᠭᠠᠮᠵᠢᠯᠠᠬᠤ᠂ ᠪᠡᠯᠡᠭᠯᠡᠬᠦ᠂ ᠬᠠᠤᠯᠢ ᠴᠠᠭᠠᠵᠠ ᠶᠢᠨ ᠲᠠᠰᠤᠯᠤᠯᠲᠠ᠂ ᠠᠵᠤ ᠠᠬᠤᠶᠢᠯᠠᠯ ᠢ ᠨᠡᠶᠢᠯᠡᠭᠦᠯᠦᠨ ᠬᠤᠳᠠᠯᠳᠤᠨ ᠠᠪᠬᠤ ᠵᠡᠷᠭᠡ ᠠᠷᠠᠯᠵᠢᠶᠠᠨ ᠤ ᠪᠤᠰᠤ ᠠᠵᠢᠯᠯᠠᠭ᠎ᠠ ᠠᠴᠠ ᠪᠣᠯᠵᠤ ᠲᠡᠮᠳᠡᠭᠲᠦ ᠣᠯᠬᠤ︔

      ︵ᠳᠥᠷᠪᠡ︶ ᠠᠵᠤ ᠠᠬᠤᠶᠢᠯᠠᠯ ᠤᠨ ᠰᠲ᠋ᠣᠺ ᠤᠨ ᠡᠷᠬᠡ ᠶᠢ ᠡᠷᠦᠬᠡ ᠰᠢᠯᠵᠢᠭᠦᠯᠦᠨ ᠳᠠᠩᠰᠠᠯᠠᠬᠤ ᠦᠢᠯᠡᠴᠢᠯᠡᠭᠡ ᠶᠢ ᠨᠠᠶᠢᠳᠠᠨ ᠬᠠᠮᠢᠶᠠᠷᠤᠭᠤᠯᠤᠭᠰᠠᠨ᠃

      ᠭᠤᠴᠢᠨ ᠨᠢᠭᠡᠳᠦᠭᠡᠷ ᠵᠦᠢᠯ   ᠵᠠᠭᠤᠴᠢ ᠪᠠᠶᠢᠭᠤᠯᠤᠮᠵᠢ ᠭᠡᠳᠡᠭ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠡᠷᠬᠢᠯᠡᠬᠦ ᠦᠢᠯᠡᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠠᠶᠢᠨ᠎ᠠ᠃ ᠵᠠᠭᠤᠴᠢ ᠪᠠᠶᠢᠭᠤᠯᠤᠮᠵᠢ ᠨᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠳᠡᠯᠭᠡᠨ ᠦᠵᠡᠭᠦᠯᠬᠦ᠂ ᠫᠠᠶᠢᠰᠠ ᠡᠯᠭᠦᠬᠦ᠂ ᠲᠡᠮᠳᠡᠭᠲᠦ ᠲᠠᠷᠬᠠᠭᠠᠬᠤ ᠪᠠ ᠰᠢᠯᠵᠢᠭᠦᠯᠦᠨ ᠥᠭᠬᠦ ᠵᠢᠴᠢ ᠪᠤᠰᠤᠳ ᠠᠵᠢᠯᠯᠠᠭ᠎ᠠ ᠬᠢᠯᠭᠡᠬᠦ ᠪᠠᠷ ᠲᠠᠨᠢᠯᠴᠠᠭᠤᠯᠵᠤ ᠪᠣᠯᠣᠨ᠎ᠠ᠃

      ᠵᠠᠭᠤᠴᠢ ᠪᠠᠶᠢᠭᠤᠯᠤᠮᠵᠢ ᠵᠢᠴᠢ ᠲᠡᠭᠦᠨ ᠤ ᠲᠤᠬᠠᠶᠢᠯᠠᠭᠰᠠᠨ ᠠᠵᠢᠯ ᠤᠨ ᠠᠵᠢᠯᠲᠠᠳ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠵᠠᠭᠤᠴᠢᠯᠠᠬᠤ ᠦᠢᠯᠡᠴᠢᠯᠡᠭᠡᠨ ᠤ ᠠᠵᠢᠯᠯᠠᠭ᠎ᠠ ᠬᠢᠬᠦ ᠳᠤ ᠪᠠᠨ ᠦᠨᠡᠨᠴᠢ ᠢᠲᠡᠭᠡᠮᠵᠢᠲᠡᠢ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠲᠣᠭᠲᠠᠭᠠᠯ ᠵᠡᠷᠭᠡ ᠶᠢ ᠵᠢᠷᠤᠮᠯᠠᠨ ᠰᠠᠬᠢᠵᠤ᠂ ᠠᠵᠢᠯ ᠲᠦᠷᠦᠯ ᠤᠨ ᠵᠢᠷᠤᠮᠵᠢᠯ ᠢ ᠵᠢᠷᠤᠮᠯᠠᠨ ᠰᠠᠬᠢᠨ᠂ ᠲᠡᠭᠦᠨ ᠤ ᠲᠤᠬᠠᠶᠢᠯᠠᠭᠰᠠᠨ ᠠᠵᠢᠯ ᠤᠨ ᠦᠢᠯᠡ ᠠᠵᠢᠯᠯᠠᠭ᠎ᠠ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

      ᠭᠤᠴᠢᠨ ᠬᠤᠶᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠥᠪᠡᠷᠲᠡᠭᠡᠨ ᠪᠤᠶᠤ ᠬᠤᠯᠪᠣᠭᠳᠠᠯ ᠪᠦᠬᠦᠢ ᠵᠠᠭᠤᠴᠢ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠳᠣᠣᠷ᠎ᠠ ᠵᠢᠭᠰᠠᠭᠠᠭᠰᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠥᠷᠨᠢᠭᠦᠯᠵᠦ ᠪᠣᠯᠣᠨ᠎ᠠ᠄

      ︵ᠨᠢᠭᠡ︶ ᠲᠤᠰ ᠵᠠᠬ᠎ᠠ ᠳᠡᠯᠭᠡᠭᠦᠷ ᠲᠤ ᠣᠷᠣᠯᠴᠠᠭᠰᠠᠨ ᠠᠵᠤ ᠠᠬᠤᠶᠢᠯᠠᠯ ᠳᠤ ᠳᠦᠷᠢᠮ ᠤᠨ ᠥᠭᠡᠷᠡᠴᠢᠯᠡᠯᠲᠡ ᠶᠢ ᠬᠠᠪᠰᠤᠷᠤᠨ ᠵᠢᠯᠤᠭᠤᠳᠬᠤ᠂ ᠪᠣᠯᠪᠠᠰᠤᠷᠠᠯ ᠬᠢᠬᠦ᠂ ᠯᠠᠪᠯᠠᠭ᠎ᠠ ᠬᠢᠬᠦ᠂ ᠡᠳ᠋ ᠤᠨ ᠶᠠᠪᠤᠳᠠᠯ ᠤᠨ ᠵᠥᠪᠯᠡᠭᠴᠢ ᠵᠡᠷᠭᠡ ᠦᠢᠯᠡᠴᠢᠯᠡᠭᠡ ᠬᠠᠩᠭᠠᠬᠤ︔

      ︵ᠬᠤᠶᠠᠷ︶ ᠲᠡᠮᠳᠡᠭᠲᠦ ᠶᠢ ᠢᠯᠡ ᠪᠤᠰᠤ ᠪᠠᠷ ᠲᠠᠷᠬᠠᠭᠠᠬᠤ ᠳᠤ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠢ ᠵᠣᠬᠢᠶᠠᠨ ᠪᠠᠶᠢᠭᠤᠯᠤᠨ ᠰᠤᠷᠲᠠᠯᠴᠢᠯᠠᠨ ᠲᠠᠨᠢᠯᠴᠠᠭᠤᠯᠭ᠎ᠠ ᠬᠢᠬᠦ ᠪᠤᠶᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠡᠷᠡᠭᠴᠡᠭᠡᠨ ᠤ ᠵᠠᠯᠭᠠᠯᠳᠤᠭᠤᠯᠬᠤ ᠶᠢ ᠪᠦᠲᠦᠭᠡᠬᠦ ᠪᠠᠷ ᠴᠢᠷᠮᠠᠶᠢᠭᠰᠠᠨ ᠪᠤᠰᠤᠳ ᠠᠵᠢᠯᠯᠠᠭ᠎ᠠ︔

      ︵ᠭᠤᠷᠪᠠ︶ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠲᠤ ᠠᠵᠤ ᠠᠬᠤᠶᠢᠯᠠᠯ ᠤᠨ ᠰᠤᠳᠤᠯᠭᠠᠨ ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠬᠠᠩᠭᠠᠬᠤ︔

      ︵ᠳᠥᠷᠪᠡ︶ ᠠᠵᠤ ᠠᠬᠤᠶᠢᠯᠠᠯ ᠪᠠ ᠪᠡᠯᠡ ᠣᠷᠣᠭᠤᠯᠤᠭᠴᠢᠳ ᠲᠤ ᠰᠲ᠋ᠣᠺ ᠤᠨ ᠡᠷᠬᠡ ᠶᠢᠨ ᠦᠷᠳᠡᠭ ᠢ ᠵᠢᠱᠢᠬᠦ ᠦᠢᠯᠡᠴᠢᠯᠡᠭᠡ ᠬᠠᠩᠭᠠᠬᠤ︔

      ︵ᠲᠠᠪᠤ︶ ᠲᠤᠰ ᠵᠠᠬ᠎ᠠ ᠳᠡᠯᠭᠡᠭᠦᠷ ᠲᠤ ᠳᠠᠩᠰᠠᠨ ᠡᠷᠦᠬᠡ ᠨᠡᠭᠡᠭᠡᠭᠰᠡᠨ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠲᠤ ᠲᠡᠮᠳᠡᠭᠲᠦ ᠮᠠᠶᠢᠮᠠᠶᠢᠯᠠᠬᠤ ᠳᠤ ᠨᠢ ᠵᠠᠭᠤᠴᠢᠯᠠᠨ ᠲᠠᠨᠢᠯᠴᠠᠭᠤᠯᠬᠤ ᠦᠢᠯᠡᠴᠢᠯᠡᠭᠡ ᠬᠠᠩᠭᠠᠬᠤ︔

      ︵ᠵᠢᠷᠭᠤᠭ᠎ᠠ︶ ᠠᠵᠤ ᠠᠬᠤᠶᠢᠯᠠᠯ ᠪᠣᠯᠣᠨ ᠪᠡᠯᠡ ᠣᠷᠣᠭᠤᠯᠤᠭᠴᠢᠳ ᠲᠤ ᠪᠡᠯᠡ ᠲᠣᠬᠢᠷᠠᠭᠤᠯᠬᠤ ᠠᠷᠠᠯᠵᠢᠶᠠᠨ ᠤ ᠭᠤᠭᠴᠤᠭ᠎ᠠ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠦᠢᠯᠡᠴᠢᠯᠡᠭᠡ ᠪᠠ ᠦᠨ᠎ᠡ ᠮᠥᠩᠭᠦ ᠶᠢ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠬᠠᠩᠭᠠᠬᠤ︔

      ︵ᠳᠣᠯᠤᠭ᠎ᠠ︶ ᠬᠤᠳᠠᠯᠳᠤᠭᠠᠨ ᠤ ᠪᠠᠩᠬᠢ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠺᠣᠮᠫᠠᠨᠢ᠂ ᠳᠠᠨᠵᠢᠯᠠᠬᠤ᠂ ᠬᠤᠳᠠᠯᠳᠤᠭᠠᠨ ᠤ ᠪᠠᠲᠤᠯᠠᠵᠤ ᠠᠬᠤᠶᠢᠯᠠᠬᠤ᠂ ᠰᠠᠭᠤᠷᠢ ᠮᠥᠩᠭᠦᠨ ᠤ ᠺᠣᠮᠫᠠᠨᠢ ᠵᠡᠷᠭᠡ ᠪᠠᠶᠢᠭᠤᠯᠤᠮᠵᠢ ᠯᠤᠭ᠎ᠠ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠥᠷᠨᠢᠭᠦᠯᠵᠦ᠂ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠤᠨ ᠬᠡᠪᠴᠢᠶᠡᠨ ᠳᠣᠲᠣᠷ᠎ᠠ᠂ ᠳᠡᠯᠭᠡᠨ ᠦᠵᠡᠭᠦᠯᠬᠦ᠂ ᠨᠠᠶᠢᠳᠠᠨ ᠬᠠᠮᠢᠶᠠᠷᠤᠭᠤᠯᠬᠤ᠂ ᠫᠠᠶᠢᠰᠠ ᠡᠯᠭᠦᠬᠦ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ᠂ ᠳᠠᠭᠠᠭᠠᠯᠲᠠ ᠬᠢᠬᠦ᠂ ᠢᠲᠡᠭᠡᠮᠵᠢ ᠨᠡᠮᠡᠭᠳᠡᠭᠦᠯᠬᠦ᠂ ᠰᠲ᠋ᠣᠺ ᠤᠨ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠵᠡᠷᠭᠡ ᠭᠤᠷᠪᠠᠳᠠᠭᠢ ᠡᠲᠡᠭᠡᠳ ᠤᠨ ᠵᠠᠭᠤᠴᠢᠯᠠᠬᠤ ᠦᠢᠯᠡᠴᠢᠯᠡᠭᠡ ᠬᠠᠩᠭᠠᠬᠤ︔

      ︵ᠨᠠᠢᠮᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠲᠤᠬᠠᠶᠢᠯᠠᠭᠰᠠᠨ ᠠᠵᠢᠯ᠃

      ᠭᠤᠴᠢᠨ ᠭᠤᠷᠪᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠲᠣᠰ ᠨᠠᠷᠢᠨ ᠳᠦᠷᠢᠮ ᠤᠨ ᠭᠤᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠥᠷᠨᠢᠭᠦᠯᠬᠦ ᠳᠤ ᠪᠠᠨ᠂ ᠳᠣᠣᠷᠠᠬᠢ ᠮᠡᠲᠦ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠵᠠᠬ᠎ᠠ ᠳᠡᠯᠭᠡᠭᠦᠷ ᠲᠤ ᠣᠷᠣᠯᠴᠠᠭᠴᠢ᠂ ᠠᠳᠠᠯᠢ ᠪᠤᠰᠤ ᠣᠷᠣᠯᠴᠠᠭᠴᠢ ᠯᠤᠭ᠎ᠠ ᠶᠢᠨ ᠬᠤᠭᠤᠷᠣᠨᠳᠣᠬᠢ ᠠᠰᠢᠭ ᠲᠤᠰᠠ ᠶᠢᠨ ᠮᠥᠷᠭᠦᠯᠳᠦᠭᠡᠨ ᠢ ᠰᠡᠷᠭᠡᠶᠢᠯᠡᠬᠦ ᠬᠡᠷᠡᠭᠲᠡᠢ᠄

      ︵ᠨᠢᠭᠡ︶ ᠲᠤᠰ ᠵᠠᠬ᠎ᠠ ᠳᠡᠯᠭᠡᠭᠦᠷ ᠲᠤ ᠣᠷᠣᠯᠴᠠᠭᠰᠠᠨ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠬᠤ ᠳᠤ ᠪᠠᠨ ᠲᠤᠬᠠᠶᠢᠯᠠᠭᠰᠠᠨ ᠠᠵᠢᠯ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠭᠴᠢ ᠯᠤᠭ᠎ᠠ ᠠᠰᠢᠭ ᠲᠤᠰᠠ ᠶᠢᠨ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠬᠡᠷᠡᠭᠲᠡᠢ︔

      ︵ᠬᠤᠶᠠᠷ︶ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠲᠤ ᠠᠵᠤ ᠠᠬᠤᠶᠢᠯᠠᠯ ᠤᠨ ᠰᠤᠳᠤᠯᠭᠠᠨ ᠤ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠬᠠᠩᠭᠠᠬᠤ ᠳᠤ ᠪᠠᠨ ᠪᠡᠶ᠎ᠡ ᠪᠠᠨ ᠳᠠᠭᠠᠭᠠᠭᠰᠠᠨ᠂ ᠪᠤᠰᠤᠳᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ ᠲᠡᠮᠳᠡᠭᠲᠦ ᠳᠤ ᠪᠡᠯᠡ ᠣᠷᠣᠭᠤᠯᠬᠤ ᠰᠠᠨᠠᠭᠤᠯᠭ᠎ᠠ ᠬᠠᠩᠭᠠᠵᠤ ᠪᠣᠯᠬᠤ ᠦᠭᠡᠢ᠂ ᠬᠤᠳᠠᠯ ᠬᠠᠭᠤᠷᠮᠠᠭ᠂ ᠵᠢᠩᠬᠢᠨᠢ ᠪᠤᠰᠤ᠂ ᠠᠳᠡᠭᠦᠷᠡᠭᠦᠯᠬᠦ ᠴᠢᠨᠠᠷᠲᠠᠢ ᠮᠡᠳᠡᠭᠡ ᠵᠠᠩᠭᠢ ᠬᠠᠩᠭᠠᠵᠤ ᠪᠣᠯᠬᠤ ᠦᠭᠡᠢ︔

      ︵ᠭᠤᠷᠪᠠ︶ ᠬᠢᠷᠢ ᠲᠡᠩᠴᠡᠭᠰᠡᠨ ᠪᠡᠯᠡ ᠣᠷᠣᠭᠤᠯᠤᠭᠴᠢᠳ ᠲᠤ ᠲᠡᠮᠳᠡᠭᠲᠦ ᠮᠠᠶᠢᠮᠠᠶᠢᠯᠠᠬᠤ ᠳᠤ ᠵᠠᠭᠤᠴᠢᠯᠠᠨ ᠲᠠᠨᠢᠯᠴᠠᠭᠤᠯᠬᠤ ᠦᠢᠯᠡᠴᠢᠯᠡᠭᠡ ᠬᠠᠩᠭᠠᠬᠤ ᠳᠤ ᠪᠠᠨ᠂ ᠮᠠᠶᠢᠮᠠᠶᠢᠯᠠᠬᠤ ᠬᠤᠶᠠᠷ ᠡᠲᠡᠭᠡᠳ ᠲᠤ ᠭᠤᠣᠯᠴᠢ ᠪᠠᠷ ᠬᠠᠨᠳᠤᠬᠤ ᠬᠡᠷᠡᠭᠲᠡᠢ᠂ ᠠᠯᠢ ᠨᠢᠭᠡ ᠲᠠᠯ᠎ᠠ ᠶᠢᠨ ᠬᠢᠨ ᠤ ᠠᠰᠢᠭ ᠲᠤᠰᠠ ᠶᠢ ᠴᠦ ᠬᠤᠬᠢᠷᠠᠭᠤᠯᠵᠤ ᠪᠣᠯᠬᠤ ᠦᠭᠡᠢ︔

      ︵ᠳᠥᠷᠪᠡ︶ ᠦᠢᠯᠡᠴᠢᠯᠡᠬᠦ ᠡᠲᠡᠭᠡᠳ ᠠᠴᠠ ᠰᠦᠢᠳᠬᠡᠯ ᠬᠤᠷᠢᠶᠠᠬᠤ ᠳᠤ ᠪᠠᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡ ᠨᠡᠶᠢᠲᠡᠯᠡᠬᠦ ᠬᠡᠷᠡᠭᠲᠡᠢ᠃

      ᠭᠤᠴᠢᠨ ᠳᠥᠷᠪᠡᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠵᠠᠭᠤᠴᠢ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠵᠢᠴᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠣᠷᠣᠯᠴᠠᠬᠤ ᠵᠠᠭᠤᠴᠢ ᠪᠠᠶᠢᠭᠤᠯᠤᠮᠵᠢ ᠶᠢᠨ ᠲᠦᠷᠦᠯ ᠵᠦᠢᠯ᠂ ᠬᠢᠷᠢ ᠬᠡᠮ ᠤᠨ ᠨᠥᠬᠦᠴᠡᠯ᠂ ᠡᠷᠬᠡ ᠪᠠ ᠡᠭᠦᠷᠭᠡ᠂ ᠲᠤᠬᠠᠶᠢᠯᠠᠭᠰᠠᠨ ᠠᠵᠢᠯ ᠤᠨ ᠳᠦᠷᠢᠮ ᠵᠡᠷᠭᠡ ᠵᠦᠢᠯᠡᠰ ᠢ ᠲᠣᠳᠣᠷᠬᠠᠶᠢᠯᠠᠵᠤ᠂ ᠲᠡᠭᠦᠨ ᠤ ᠨᠡᠷᠡᠰ ᠪᠠ ᠬᠠᠮᠢᠶ᠎ᠠ ᠪᠦᠬᠦᠢ ᠮᠠᠲ᠋ᠧᠷᠢᠶᠠᠯ ᠢ ᠨᠡᠶᠢᠲᠡ ᠳᠤ ᠵᠠᠷᠯᠠᠵᠤ᠂ ᠦᠨᠡᠨᠴᠢ ᠢᠲᠡᠭᠡᠮᠵᠢ ᠶᠢᠨ ᠲᠠᠩᠰᠠ ᠪᠠᠶᠢᠭᠤᠯᠬᠤ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠭᠤᠴᠢ ᠪᠠᠶᠢᠭᠤᠯᠤᠮᠵᠢ ᠶᠢᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮ ᠢᠶᠠᠨ ᠶᠠᠮᠠᠷᠪᠠ ᠬᠡᠯᠪᠡᠷᠢ ᠪᠠᠷ ᠪᠤᠰᠤᠳ ᠪᠠᠶᠢᠭᠤᠯᠤᠮᠵᠢ ᠪᠠ ᠬᠤᠪᠢ ᠬᠥᠮᠥᠨ ᠳᠤ ᠥᠭᠴᠦ ᠬᠡᠷᠡᠭᠯᠡᠭᠦᠯᠬᠦ ᠶᠢ ᠴᠢᠩᠭ᠎ᠠ ᠴᠠᠭᠠᠵᠠᠯᠠᠨ᠎ᠠ᠃

      ᠳᠥᠷᠪᠡᠳᠦᠭᠡᠷ ᠪᠦᠯᠦᠭ   ᠳᠠᠩᠰᠠᠨ ᠡᠷᠦᠬᠡ ᠶᠢᠨ ᠬᠠᠮᠢᠶᠠᠷᠤᠯᠲᠠ ᠬᠢᠭᠡᠳ ᠳᠠᠩᠰᠠᠯᠠᠵᠤ ᠳ᠋ᠦᠩᠨᠡᠨ ᠪᠣᠳᠣᠬᠤ

      ᠭᠤᠴᠢᠨ ᠲᠠᠪᠤᠳᠤᠭᠠᠷ ᠵᠦᠢᠯ   ᠪᠡᠯᠡ ᠣᠷᠣᠭᠤᠯᠤᠭᠴᠢ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠲᠠᠷᠬᠠᠭᠠᠵᠤ ᠰᠢᠯᠵᠢᠭᠦᠯᠦᠨ ᠥᠭᠬᠦ ᠳᠤ ᠪᠠᠨ᠂ ᠲᠡᠩᠰᠡᠯᠡᠵᠦ ᠳ᠋ᠦᠩᠨᠡᠨ ᠪᠤᠳᠦᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠶᠢᠭᠤᠯᠤᠮᠵᠢ ᠳᠤ ᠲᠡᠮᠳᠡᠭᠲᠦ ᠶᠢᠨ ᠳᠠᠩᠰᠠᠨ ᠡᠷᠦᠬᠡ ᠪᠠᠶᠢᠭᠤᠯᠬᠤ  ᠪᠠᠷ ᠭᠤᠶᠤᠴᠢᠯᠠᠬᠤ ᠬᠡᠷᠡᠭᠲᠡᠢ᠂ ᠲᠡᠩᠰᠡᠯᠡᠵᠦ ᠳ᠋ᠦᠩᠨᠡᠨ ᠪᠤᠳᠦᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠶᠢᠭᠤᠯᠤᠮᠵᠢ ᠨᠢ ᠪᠡᠯᠡ ᠣᠷᠣᠭᠤᠯᠤᠭᠴᠢ ᠳᠤ ᠲᠡᠮᠳᠡᠭᠲᠦ ᠶᠢᠨ ᠳᠠᠩᠰᠠᠨ ᠡᠷᠦᠬᠡ ᠰᠢᠭᠤᠳ ᠪᠠᠶᠢᠭᠤᠯᠤᠨ ᠥᠭᠴᠦ ᠪᠣᠯᠣᠨ᠎ᠠ᠂ ᠲᠤᠰ ᠵᠠᠬ᠎ᠠ ᠳᠡᠯᠭᠡᠭᠦᠷ ᠲᠤ ᠣᠷᠣᠯᠴᠠᠭᠰᠠᠨ ᠲᠡᠮᠳᠡᠭᠲᠦ ᠶᠢᠨ ᠺᠣᠮᠫᠠᠨᠢ ᠳᠤ ᠨᠠᠶᠢᠳᠠᠵᠤ ᠣᠷᠣᠯᠠᠭᠤᠯᠤᠨ ᠭᠦᠢᠴᠡᠳᠬᠡᠯᠭᠡᠵᠦ ᠴᠦ ᠪᠣᠯᠣᠨ᠎ᠠ᠃

      ᠲᠡᠮᠳᠡᠭᠲᠦ ᠶᠢᠨ ᠳᠠᠩᠰᠠᠨ ᠡᠷᠦᠬᠡ ᠪᠠᠶᠢᠭᠤᠯᠤᠭᠰᠠᠨ ᠪᠠᠶᠢᠭᠤᠯᠤᠮᠵᠢ ᠠᠴᠠ ᠭᠤᠶᠤᠴᠢᠯᠠᠭᠴᠢ ᠨᠢ ᠲᠤᠰ ᠨᠠᠷᠢᠨ ᠳᠦᠷᠢᠮ ᠳᠤ ᠲᠣᠭᠲᠠᠭᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠨᠥᠬᠦᠴᠡᠯ ᠳᠤ ᠨᠡᠶᠢᠴᠡᠬᠦ ᠡᠰᠡᠬᠦ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠂ ᠲᠣᠭᠲᠠᠭᠠᠭᠰᠠᠨ ᠨᠥᠬᠦᠴᠡᠯ ᠳᠤ ᠥᠯᠥ ᠨᠡᠶᠢᠴᠡᠬᠦ ᠭᠤᠶᠤᠴᠢᠯᠠᠭᠴᠢ ᠳᠤ ᠲᠡᠮᠳᠡᠭᠲᠦ ᠶᠢᠨ ᠳᠠᠩᠰᠠᠨ ᠡᠷᠦᠬᠡ ᠪᠠᠶᠢᠭᠤᠯᠤᠨ ᠥᠭᠴᠦ ᠪᠣᠯᠬᠤ ᠦᠭᠡᠢ᠃ ᠭᠤᠶᠤᠴᠢᠯᠠᠭᠴᠢ ᠨᠢ ᠪᠠᠶᠢᠭᠠᠯᠢ ᠬᠥᠮᠥᠨ ᠪᠠᠶᠢᠪᠠᠯ᠂ ᠪᠠᠰᠠ ᠲᠡᠭᠦᠨ ᠳᠤ ᠲᠡᠮᠳᠡᠭᠲᠦ ᠶᠢᠨ ᠲᠠᠩᠰᠠᠨ ᠡᠷᠦᠬᠡ ᠪᠠᠶᠢᠭᠤᠯᠵᠤ ᠥᠭᠬᠦ ᠠᠴᠠ ᠡᠮᠦᠨ᠎ᠡ᠂ ᠪᠢᠴᠢᠭ ᠢᠶᠠᠷ ᠪᠤᠶᠤ ᠡᠯᠧᠺᠲᠷᠣᠨ ᠤ ᠬᠡᠯᠪᠡᠷᠢ ᠪᠠᠷ ᠲᠡᠭᠦᠨ ᠳᠤ ᠲᠦᠭᠰᠢᠭᠦᠷᠢ ᠶᠢ ᠢᠯᠡᠴᠢᠯᠡᠨ ᠮᠡᠳᠡᠭᠳᠡᠬᠦ ᠶᠢᠨ ᠬᠠᠮᠲᠤ ᠲᠡᠭᠦᠨ ᠢᠶᠠᠷ ᠨᠤᠲᠠᠯᠠᠭᠤᠯᠬᠤ ᠪᠠᠷ ᠱᠠᠭᠠᠷᠳᠠᠬᠤ ᠬᠡᠷᠡᠭᠲᠡᠢ᠃

      ᠲᠤᠰ ᠨᠠᠷᠢᠨ ᠳᠦᠷᠢᠮ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠲᠡᠮᠳᠡᠭᠲᠦ ᠶᠢᠨ ᠳᠠᠩᠰᠠᠨ ᠡᠷᠦᠬᠡ ᠪᠠᠶᠢᠭᠤᠯᠤᠭᠰᠠᠨ ᠪᠣᠯᠪᠠᠴᠤ ᠲᠤᠰ ᠨᠠᠷᠢᠨ ᠳᠦᠷᠢᠮ ᠳᠤ ᠲᠣᠭᠲᠠᠭᠠᠭᠰᠠᠨ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠨᠥᠬᠦᠴᠡᠯ ᠳᠤ ᠥᠯᠥ ᠨᠡᠶᠢᠴᠡᠬᠦ ᠪᠡᠯᠡ ᠣᠷᠣᠭᠤᠯᠤᠭᠴᠢ ᠨᠢ ᠲᠡᠮᠳᠡᠭᠲᠦ ᠶᠢ ᠬᠤᠳᠠᠯᠳᠤᠨ ᠠᠪᠬᠤ ᠪᠤᠶᠤ ᠰᠢᠯᠵᠢᠭᠦᠯᠦᠨ ᠠᠪᠴᠤ ᠪᠣᠯᠬᠤ ᠦᠭᠡᠢ︔ ᠲᠡᠮᠳᠡᠭᠲᠦ ᠶᠢ ᠨᠢᠭᠡᠨᠲᠡ ᠬᠤᠳᠠᠯᠳᠤᠨ ᠠᠪᠤᠭᠰᠠᠨ ᠪᠤᠶᠤ ᠰᠢᠯᠵᠢᠭᠦᠯᠦᠨ ᠠᠪᠤᠭᠰᠠᠨ ᠪᠠᠶᠢᠪᠠᠯ ᠵᠥᠪᠬᠡᠨ ᠦᠷᠭᠦᠯᠵᠢᠯᠡᠨ ᠡᠵᠡᠮᠰᠢᠬᠦ ᠪᠤᠶᠤ ᠬᠤᠳᠠᠯᠳᠤᠨ ᠭᠠᠷᠭᠠᠨ᠎ᠠ᠃

      ᠭᠤᠴᠢᠨ ᠵᠢᠷᠭᠤᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠤᠳᠠᠯᠳᠤᠭᠠᠨ ᠤ ᠪᠠᠩᠬᠢ ᠪᠤᠶᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠪᠠᠲᠤᠯᠠᠭᠠᠲᠤ ᠮᠥᠩᠭᠦ ᠶᠢ ᠬᠠᠳᠠᠭᠠᠯᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠢᠷᠢ ᠬᠡᠮ ᠲᠠᠢ ᠪᠠᠶᠢᠭᠤᠯᠤᠮᠵᠢ ᠳᠤ ᠲᠤᠰᠠᠭᠠᠷ ᠨᠢ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠩᠰᠠᠨ ᠡᠷᠦᠬᠡ ᠪᠠᠶᠢᠭᠤᠯᠵᠤ᠂ ᠪᠡᠯᠡ ᠣᠷᠣᠭᠤᠯᠤᠭᠴᠢ ᠶᠢᠨ ᠪᠡᠯᠡ ᠮᠥᠩᠭᠦ ᠶᠢ ᠬᠠᠳᠠᠭᠠᠯᠠᠬᠤ ᠳᠤ ᠲᠤᠰᠬᠠᠶᠢᠯᠠᠨ ᠬᠡᠷᠡᠭᠯᠡᠬᠦ ᠬᠡᠷᠡᠭᠲᠡᠢ᠂ ᠲᠤᠰᠬᠠᠢ ᠬᠡᠷᠡᠭᠯᠡᠬᠦ ᠳ᠋ᠦᠩᠨᠡᠨ ᠪᠤᠳᠤᠬᠤ ᠲᠠᠩᠰᠠᠨ ᠡᠷᠦᠬᠡ ᠪᠣᠯᠣᠨ ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠥᠪᠡᠷ ᠤᠨ ᠬᠢ ᠪᠠᠶᠢᠭ᠎ᠠ ᠪᠡᠯᠡ ᠮᠥᠩᠭᠦᠨ ᠤ ᠲᠠᠩᠰᠠᠨ ᠡᠷᠦᠬᠡ ᠶᠢ ᠨᠢ ᠴᠢᠩᠭ᠎ᠠ ᠰᠠᠯᠭᠠᠵᠤ᠂ ᠬᠤᠳᠬᠤᠯᠳᠤᠭᠤᠯᠵᠤ ᠪᠣᠯᠬᠤ ᠦᠭᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠶᠠᠮᠠᠷᠪᠠ ᠬᠡᠯᠪᠡᠷᠢ ᠪᠠᠷ ᠪᠡᠯᠡ ᠣᠷᠣᠭᠤᠯᠤᠭᠴᠢ ᠶᠢᠨ ᠪᠡᠯᠡ ᠮᠥᠩᠭᠦ ᠶᠢ ᠨᠡᠭᠦᠯᠭᠡᠨ ᠬᠡᠷᠡᠭᠯᠡᠵᠦ ᠪᠣᠯᠬᠤ ᠦᠭᠡᠢ᠃

      ᠪᠡᠯᠡ ᠣᠷᠣᠭᠤᠯᠤᠭᠴᠢ ᠨᠢ ᠪᠡᠯᠡ ᠣᠷᠣᠭᠤᠯᠬᠤ ᠪᠡᠯᠡ ᠮᠥᠩᠭᠦᠨ ᠤ ᠢᠷᠡᠯᠲᠡ ᠶᠢᠨ ᠬᠠᠤᠯᠢ ᠶᠣᠰᠣᠨ ᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠬᠠᠤᠯᠢ ᠪᠤᠰᠤ ᠪᠠᠷ ᠪᠤᠰᠤᠳ ᠤᠨ ᠪᠡᠯᠡ ᠮᠥᠩᠭᠦ ᠶᠢ ᠴᠤᠭᠯᠠᠭᠤᠯᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠡᠮᠳᠡᠭᠲᠦ ᠳᠤ ᠪᠡᠯᠡ ᠣᠷᠣᠭᠤᠯᠵᠤ ᠪᠣᠯᠬᠤ ᠦᠭᠡᠢ᠃

      ᠠᠵᠢᠯᠯᠠᠨ ᠡᠵᠡᠩᠨᠡᠬᠦ ᠪᠠᠶᠢᠭᠤᠯᠤᠮᠵᠢ ᠨᠢ ᠪᠡᠯᠡ ᠣᠷᠣᠭᠤᠯᠤᠭᠴᠢ ᠶᠢᠨ ᠪᠡᠯᠡ ᠮᠥᠩᠭᠦᠨ ᠤ ᠬᠤᠪᠢᠷᠠᠯᠲᠠ ᠶᠢᠨ ᠪᠠᠶᠢᠳᠠᠯ ᠢ ᠡᠳᠦᠷ ᠪᠦᠷᠢ ᠬᠢᠨᠠᠨ ᠰᠢᠨᠵᠢᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃

      ᠭᠤᠴᠢᠨ ᠳᠣᠯᠣᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠳᠠᠩᠰᠠᠯᠠᠵᠤ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠪᠣᠯ ᠠᠵᠢᠯᠯᠠᠨ ᠡᠵᠡᠩᠨᠡᠬᠦ ᠪᠠᠶᠢᠭᠤᠯᠤᠮᠵᠢ ᠪᠤᠶᠤ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠵᠥᠪᠰᠢᠶᠡᠷᠡᠭᠰᠡᠨ ᠳᠠᠩᠰᠠᠯᠠᠵᠤ ᠳ᠋ᠦᠩᠨᠡᠨ ᠪᠤᠳᠤᠬᠤ ᠪᠠᠶᠢᠭᠤᠯᠤᠮᠵᠢ ᠠᠴᠠ ᠭᠦᠢᠴᠡᠳᠬᠡᠬᠦ ᠬᠡᠷᠡᠭᠲᠡᠢ᠃ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠠᠷᠬᠠᠭᠠᠬᠤ᠂ ᠰᠢᠯᠵᠢᠭᠦᠯᠦᠨ ᠥᠭᠬᠦ ᠲᠡᠮᠳᠡᠭᠲᠦ ᠶᠢ ᠪᠣᠯ ᠲᠡᠩᠰᠡᠯᠡᠵᠦ ᠳ᠋ᠦᠩᠨᠡᠨ ᠪᠤᠳᠦᠬᠤ ᠪᠠᠶᠢᠭᠤᠯᠤᠮᠵᠢ ᠳᠤ ᠲᠥᠪᠯᠡᠷᠡᠭᠦᠯᠦᠨ ᠬᠠᠳᠠᠭᠠᠯᠠᠵᠤ ᠬᠠᠮᠢᠶᠠᠷᠬᠤ ᠪᠠ ᠳᠠᠩᠰᠠᠯᠠᠬᠤ ᠬᠡᠷᠡᠭᠲᠡᠢ᠃ ᠲᠡᠩᠰᠡᠯᠡᠵᠦ ᠳ᠋ᠦᠩᠨᠡᠨ ᠪᠤᠳᠦᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠶᠢᠭᠤᠯᠤᠮᠵᠢ ᠨᠢ ᠲᠡᠮᠳᠡᠭᠲᠦ ᠶᠢ ᠲᠡᠩᠰᠡᠯᠡᠵᠦ ᠳ᠋ᠦᠩᠨᠡᠨ ᠪᠤᠳᠦᠬᠰᠡᠠ ᠦᠷ᠎ᠡ ᠳ᠋ᠦᠩ ᠢ ᠦᠨᠳᠦᠰᠦᠯᠡᠨ᠂ ᠲᠡᠮᠳᠡᠭᠲᠦ ᠡᠵᠡᠮᠰᠢᠭᠴᠢ ᠶᠢᠨ ᠲᠡᠮᠳᠡᠭᠲᠦ ᠡᠵᠡᠮᠰᠢᠵᠦ ᠪᠠᠶᠢᠭ᠎ᠠ ᠪᠣᠳᠠᠲᠤ ᠶᠠᠪᠤᠳᠠᠯ ᠢ ᠨᠤᠲᠠᠯᠠᠵᠤ᠂ ᠲᠡᠮᠳᠡᠭᠲᠦ ᠡᠵᠡᠮᠰᠢᠭᠴᠢ ᠶᠢᠨ ᠳᠠᠩᠰᠠᠯᠠᠭᠤᠯᠤᠭᠰᠠᠨ ᠮᠠᠲ᠋ᠧᠷᠢᠶᠠᠯ ᠢ ᠬᠠᠩᠭᠠᠬᠤ ᠬᠡᠷᠡᠭᠲᠡᠢ᠃

      ᠲᠡᠩᠰᠡᠯᠡᠵᠦ ᠳ᠋ᠦᠩᠨᠡᠨ ᠪᠤᠳᠦᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠶᠢᠭᠤᠯᠤᠮᠵᠢ ᠨᠢ ᠳᠠᠩᠰᠠᠯᠠᠭᠰᠠᠨ᠂ ᠳ᠋ᠦᠩᠨᠡᠨ ᠪᠤᠳᠦᠬᠰᠡᠠ ᠠᠩᠬᠠᠨ ᠤ ᠭᠡᠷᠡᠴᠢ ᠪᠠᠷᠢᠮᠲᠠ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠲᠣᠬᠢᠲᠠᠢ ᠬᠠᠳᠠᠭᠠᠯᠠᠬᠤ ᠬᠡᠷᠡᠭᠲᠡᠢ᠂ ᠬᠠᠳᠠᠭᠠᠯᠠᠬᠤ ᠬᠤᠭᠤᠴᠠᠭ᠎ᠠ ᠶᠢ 20 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃

      ᠭᠤᠴᠢᠨ ᠨᠠᠢᠮᠠᠳᠤᠭᠠᠷ ᠵᠦᠢᠯ   ᠲᠡᠩᠰᠡᠯᠡᠵᠦ ᠳ᠋ᠦᠩᠨᠡᠨ ᠪᠤᠳᠦᠬᠤ ᠪᠠᠶᠢᠭᠤᠯᠤᠮᠵᠢ ᠨᠢ ᠲᠣᠭᠲᠠᠭᠠᠯ ᠶᠣᠰᠣᠭᠠᠷ ᠲᠡᠮᠳᠡᠭᠲᠦ ᠶᠢᠨ ᠳᠠᠩᠰᠠᠨ ᠡᠷᠦᠬᠡ ᠪᠠᠶᠢᠭᠤᠯᠬᠤ᠂ ᠬᠤᠪᠢᠷᠠᠭᠤᠯᠬᠤ᠂ ᠲᠡᠩᠰᠡᠠ ᠠᠴᠠ ᠬᠠᠰᠤᠬᠤ ᠪᠠ ᠲᠡᠮᠳᠡᠭᠲᠦ ᠶᠢ ᠳᠠᠩᠰᠠᠯᠠᠬᠤ᠂ ᠳ᠋ᠦᠩᠨᠡᠨ ᠪᠤᠳᠦᠬᠤ ᠠᠵᠢᠯ ᠢ ᠭᠦᠢᠴᠡᠳᠬᠡᠵᠦ᠂ ᠲᠡᠮᠳᠡᠭᠲᠦ ᠡᠵᠡᠮᠰᠢᠭᠴᠢ ᠶᠢᠨ ᠨᠡᠷᠡᠰ ᠤᠨ ᠳᠠᠩᠰᠠ ᠪᠠ ᠳᠠᠩᠰᠠᠯᠠᠭᠤᠯᠤᠭᠰᠠᠨ ᠨᠡᠷ᠎ᠡ ᠪᠠᠨ ᠬᠠᠯᠠᠭᠰᠠᠨ ᠡᠷᠦᠭᠡ ᠰᠣᠯᠢᠭᠰᠠᠨ ᠲᠡᠮᠳᠡᠭᠯᠡᠯ ᠤᠨ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ ᠪᠠᠶᠢᠬᠤ  ᠂ ᠲᠡᠮᠳᠡᠭᠲᠦ ᠪᠠ ᠪᠡᠯᠡ ᠮᠥᠩᠭᠦ ᠶᠢ ᠨᠠᠷᠢᠪᠴᠢᠯᠠᠨ ᠲᠣᠭᠠᠴᠠᠭᠠᠯᠠᠵᠤ ᠲᠤᠰᠢᠶᠠᠬᠤ ᠬᠤᠷᠢᠶᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠲᠡᠩᠰᠡᠯᠡᠵᠦ ᠳ᠋ᠦᠩᠨᠡᠨ ᠪᠤᠳᠦᠬᠤ ᠪᠠᠶᠢᠭᠤᠯᠤᠮᠵᠢ ᠨᠢ ᠪᠡᠯᠡ ᠣᠷᠣᠭᠤᠯᠤᠭᠴᠢ ᠶᠢᠨ ᠲᠡᠮᠳᠡᠭᠲᠦ ᠶᠢ ᠨᠡᠭᠦᠯᠭᠡᠨ ᠬᠡᠷᠡᠭᠯᠡᠵᠦ ᠪᠣᠯᠬᠤ ᠦᠭᠡᠢ᠃

      ᠲᠡᠩᠰᠡᠯᠡᠵᠦ ᠳ᠋ᠦᠩᠨᠡᠨ ᠪᠤᠳᠦᠬᠤ ᠪᠠᠶᠢᠭᠤᠯᠤᠮᠵᠢ ᠨᠢ ᠳᠤᠮᠳᠠᠳᠤ ᠤᠯᠤᠰ ᠤᠨ ᠲᠡᠮᠳᠡᠭᠲᠦ ᠶᠢᠨ ᠲᠡᠩᠰᠡᠯᠡᠵᠦ ᠳ᠋ᠦᠩᠨᠡᠨ ᠪᠤᠳᠦᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠲᠡᠮᠳᠡᠭᠲᠦ ᠶᠢᠨ ᠳᠠᠩᠰᠠᠨ ᠡᠷᠦᠬᠡ ᠶᠢ ᠵᠣᠯᠭᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠡᠮᠳᠡᠭᠲᠦ ᠶᠢᠨ ᠳᠠᠩᠰᠠᠨ ᠡᠷᠦᠬᠡ ᠶᠢ ᠬᠥᠷᠥᠩᠭᠡ ᠶᠢᠨ ᠵᠠᠬ᠎ᠠ ᠳᠡᠯᠭᠡᠭᠦᠷ ᠤᠨ ᠨᠢᠭᠡᠳᠦᠯᠲᠡᠢ ᠲᠡᠮᠳᠡᠭᠲᠦ ᠶᠢᠨ ᠳᠠᠩᠰᠠᠨ ᠡᠷᠦᠬᠡ ᠶᠢᠨ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃

      ᠲᠡᠩᠰᠡᠯᠡᠵᠦ ᠳ᠋ᠦᠩᠨᠡᠨ ᠪᠤᠳᠦᠬᠤ ᠪᠠᠶᠢᠭᠤᠯᠤᠮᠵᠢ ᠨᠢ ᠡᠷᠬᠡᠪᠰᠢ ᠪᠦᠷᠢᠯᠳᠦᠭᠦᠯᠬᠦ ᠴᠢᠬᠤᠯᠠᠲᠠᠢ ᠮᠡᠳᠡᠭᠡ ᠵᠠᠩᠭᠢ ᠶᠢᠨ ᠰᠢᠰᠲ᠋ᠧᠮ ᠤᠨ ᠵᠥᠭᠡᠯᠡᠨ ᠬᠠᠲᠠᠭᠤ ᠲᠤᠨᠤᠬ ᠲᠥᠬᠦᠭᠡᠷᠦᠮᠵᠢ ᠲᠠᠢ᠂ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠪᠠ ᠳ᠋ᠠᠶᠢᠲ᠋ᠠ ᠶᠢ ᠨᠥᠭᠡᠴᠡᠯᠡᠬᠦ ᠪᠦᠷᠢᠨ ᠪᠦᠲᠦᠨ ᠠᠷᠭ᠎ᠠ ᠬᠡᠮᠵᠢᠶ᠎ᠡ ᠲᠠᠢ ᠪᠠᠶᠢᠵᠤ᠂ ᠲᠡᠮᠳᠡᠭᠲᠦ ᠶᠢ ᠳᠠᠩᠰᠠᠯᠠᠬᠤ᠂ ᠳ᠋ᠦᠩᠨᠡᠨ ᠪᠤᠳᠦᠬᠤ ᠵᠡᠷᠭᠡ ᠲᠤᠰᠢᠶᠠᠬᠤ ᠬᠤᠷᠢᠶᠠᠬᠤ ᠮᠠᠲ᠋ᠧᠷᠢᠶᠠᠯ ᠪᠠ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠲᠣᠰ ᠪᠠᠶᠢᠭᠤᠯᠤᠮᠵᠢ ᠶᠢᠨ ᠢᠶᠠᠨ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ ᠪᠠ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠪᠠ ᠠᠵᠢᠯ ᠤᠨ ᠳᠡᠰ ᠳᠠᠷᠠᠭᠠᠯᠠᠯ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃

      ᠭᠤᠴᠢ ᠶᠢᠰᠦᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠠᠴᠠ ᠵᠠᠬ᠎ᠠ ᠳᠤ ᠥᠯᠥ ᠭᠠᠷᠤᠭᠰᠠᠨ ᠺᠣᠮᠫᠠᠨᠢ ᠶᠢᠨ ᠬᠤᠪᠢᠴᠠᠭ᠎ᠠ ︵ᠰᠲ᠋ᠣᠺ ᠤᠨ ᠡᠷᠬᠡ︶ ᠶᠢ ᠬᠤᠪᠢᠷᠠᠭᠤᠯᠬᠤ᠂ ᠳᠠᠨᠵᠢᠯᠠᠬᠤ ᠵᠡᠷᠭᠡ ᠳᠠᠩᠰᠠᠯᠠᠭᠤᠯᠬᠤ ᠶᠢ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠢ ᠯᠡ ᠭᠦᠢᠴᠡᠳᠬᠡᠬᠦ ᠬᠠᠮᠢᠶ᠎ᠠ ᠪᠦᠬᠦᠢ ᠡᠷᠬᠡ ᠠᠰᠢᠭᠲᠤ ᠬᠥᠮᠥᠨ ᠳᠤ ᠪᠠᠶᠢᠭᠤᠯᠤᠭᠰᠠᠨ ᠳᠠᠩᠰᠠᠯᠠᠭᠤᠯᠬᠤ ᠶᠢ ᠨᠠᠶᠢᠳᠠᠨ ᠬᠠᠮᠢᠶᠠᠷᠤᠭᠤᠯᠬᠤ ᠳᠠᠩᠰᠠᠨ ᠡᠷᠦᠬᠡ ᠶᠢ ᠪᠣᠯ ᠬᠢᠷᠢ ᠲᠡᠩᠴᠡᠭᠰᠡᠨ ᠪᠡᠯᠡ ᠣᠷᠣᠭᠤᠯᠤᠭᠴᠢ ᠶᠢᠨ ᠲᠠᠩᠰᠠᠨ ᠡᠷᠦᠭᠡ ᠯᠦᠭᠡ ᠢᠯᠭᠠᠨ ᠬᠠᠮᠢᠶᠠᠷᠬᠤ ᠬᠡᠷᠡᠭᠲᠡᠢ᠂ ᠲᠤᠰ ᠲᠦᠷᠦᠯ ᠤᠨ ᠲᠠᠩᠰᠠᠨ ᠡᠷᠦᠭᠡ ᠶᠢᠨ ᠡᠵᠡᠮᠰᠢᠭᠴᠢ ᠨᠢ ᠬᠢᠷᠢ ᠲᠡᠩᠴᠡᠭᠰᠡᠨ ᠪᠡᠯᠡ ᠣᠷᠣᠭᠤᠯᠤᠭᠴᠢ ᠪᠠᠷ ᠮᠠᠭᠠᠳᠯᠠᠨ ᠲᠣᠭᠲᠠᠭᠠᠭᠳᠠᠬᠤ ᠠᠴᠠ ᠡᠮᠦᠨ᠎ᠡ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠠᠬᠢ ᠲᠡᠮᠳᠡᠭᠲᠦ ᠶᠢ ᠲᠠᠷᠬᠠᠭᠠᠬᠤ᠂ ᠰᠢᠯᠵᠢᠭᠦᠯᠦᠨ ᠥᠭᠬᠦ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃

      ᠳᠥᠴᠢᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠶᠠᠮᠠᠷᠪᠠ ᠨᠢᠭᠡᠴᠢ ᠪᠠ ᠬᠤᠪᠢ ᠬᠥᠮᠥᠨ ᠤ ᠲᠡᠮᠳᠡᠭᠲᠦ ᠡᠵᠡᠮᠰᠢᠭᠴᠢ ᠶᠢᠨ ᠨᠡᠷᠡᠰ ᠤᠨ ᠳᠠᠩᠰᠠ ᠵᠢᠴᠢ ᠲᠡᠭᠦᠨ ᠤ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠯᠠᠪᠯᠠᠬᠤ ᠶᠢ ᠨᠢ ᠲᠡᠪᠴᠢᠬᠦ ᠡᠷᠬᠡ ᠲᠠᠢ᠂ ᠭᠡᠪᠡᠴᠦ ᠳᠣᠣᠷ᠎ᠠ ᠵᠢᠭᠰᠠᠭᠠᠭᠰᠠᠨ ᠪᠠᠶᠢᠳᠠᠯ ᠡᠭᠦᠨ ᠳᠤ ᠪᠠᠭᠲᠠᠬᠤ ᠦᠭᠡᠢ᠄

      ︵ᠨᠢᠭᠡ︶ ᠲᠡᠮᠳᠡᠭᠲᠦ ᠡᠵᠡᠮᠰᠢᠭᠴᠢ ᠲᠤᠰ ᠬᠥᠮᠥᠨ ᠪᠤᠶᠤ ᠠᠯᠪᠠᠨ ᠭᠡᠷᠡᠴᠢᠯᠡᠭᠡ ᠬᠢᠭᠰᠡᠨ ᠨᠠᠶᠢᠳᠠᠯᠭ᠎ᠠ ᠬᠦᠯᠢᠶᠡᠭᠴᠢ ᠳᠤ ᠨᠠᠶᠢᠳᠠᠵᠤ ᠪᠠᠶᠢᠴᠠᠭᠠᠨ ᠯᠠᠪᠯᠠᠭᠤᠯᠬᠤ︔

      ︵ᠬᠤᠶᠠᠷ︶ ᠲᠡᠮᠳᠡᠭᠲᠦ ᠲᠠᠷᠬᠠᠭᠠᠭᠴᠢ ᠳᠤ ᠲᠡᠮᠳᠡᠭᠲᠦ ᠡᠵᠡᠮᠰᠢᠭᠴᠢ ᠶᠢᠨ ᠨᠡᠷᠡᠰ ᠤᠨ ᠳᠠᠩᠰᠠ ᠵᠢᠴᠢ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ ᠢ ᠬᠠᠤᠯᠢ ᠶᠣᠰᠣᠭᠠᠷ ᠬᠠᠩᠭᠠᠬᠤ︔

      ︵ᠭᠤᠷᠪᠠ︶ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠪᠤᠰᠤᠳ ᠲᠥᠷᠥ ᠶᠢᠨ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠣᠯᠣᠨ ᠵᠢᠷᠤᠮ ᠢᠶᠠᠷ ᠪᠠᠶᠢᠴᠠᠭᠠᠨ ᠯᠠᠪᠯᠠᠬᠤ ᠪᠠ ᠭᠡᠷᠡᠴᠢ ᠠᠪᠬᠤ︔

      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠲᠣᠭᠲᠠᠭᠠᠭᠰᠠᠨ ᠪᠤᠰᠤᠳ ᠪᠠᠶᠢᠳᠠᠯ ᠤᠳ᠃

      ᠲᠠᠪᠤᠳᠤᠭᠠᠷ ᠪᠦᠯᠦᠭ   ᠲᠦᠭᠰᠢᠭᠦᠷᠢ ᠶᠢ ᠰᠡᠷᠭᠡᠶᠢᠯᠡᠬᠦ ᠬᠢᠭᠡᠳ ᠰᠢᠢᠳᠪᠦᠷᠢᠯᠡᠬᠦ

      ᠳᠥᠴᠢᠨ ᠨᠢᠭᠡᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ᠂ ᠲᠡᠮᠳᠡᠭᠲᠦ ᠲᠠᠷᠬᠠᠭᠠᠭᠴᠢ᠂ ᠵᠠᠭᠤᠴᠢ ᠪᠠᠶᠢᠭᠤᠯᠤᠮᠵᠢ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠯᠴᠠᠭᠰᠠᠳ ᠲᠠᠬᠢ ᠵᠣᠬᠢᠰᠲᠠᠢ ᠬᠠᠮᠢᠶᠠᠷᠤᠯᠲᠠ ᠪᠠᠨ ᠴᠢᠩᠭᠠᠳᠬᠠᠵᠤ᠂ ᠪᠣᠯᠪᠠᠰᠤᠷᠠᠯ ᠬᠢᠬᠦ᠂ ᠲᠦᠭᠰᠢᠭᠦᠷᠢ ᠶᠢ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠦᠭᠰᠢᠭᠦᠷᠢ ᠶᠢᠨ ᠬᠥᠮᠦᠵᠢᠯ ᠥᠷᠨᠢᠭᠦᠯᠵᠦ᠂ ᠪᠡᠯᠡ ᠣᠷᠣᠭᠤᠯᠤᠭᠴᠢᠳ ᠤᠨ ᠲᠦᠭᠰᠢᠭᠦᠷᠢ ᠶᠢᠨ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃

      ᠳᠥᠴᠢᠨ ᠬᠤᠶᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠲᠦᠭᠰᠢᠭᠦᠷᠢ ᠶᠢ ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠲᠣᠭᠲᠠᠭᠠᠵᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢᠨ ᠵᠦᠢᠯᠡᠰ ᠢ ᠬᠢᠨᠠᠨ ᠰᠢᠨᠵᠢᠬᠦ᠂ ᠦᠨᠡᠯᠡᠨ ᠵᠢᠱᠢᠬᠦ᠂ ᠰᠡᠷᠡᠮᠵᠢᠯᠡᠭᠦᠯᠬᠦ ᠪᠠ ᠬᠤᠯᠪᠣᠭᠳᠠᠯ ᠪᠦᠬᠦᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠬᠡᠷᠡᠭᠲᠡᠢ᠃ ᠲᠦᠭᠰᠢᠭᠦᠷᠢ ᠶᠢ ᠰᠡᠷᠭᠡᠶᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃

      ᠳᠥᠴᠢᠨ ᠭᠤᠷᠪᠠᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠬᠦᠨᠳᠦ ᠶᠡᠭᠡ ᠲᠦᠭᠰᠢᠭᠦᠷᠢ ᠶᠢᠨ ᠬᠡᠷᠡᠭ ᠭᠠᠷᠤᠭᠰᠠᠨ ᠦᠶ᠎ᠡ ᠳᠤ᠂ ᠠᠵᠢᠯᠯᠠᠨ ᠡᠵᠡᠩᠨᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠷᠤᠶᠢᠬᠠᠨ ᠮᠡᠳᠡᠭᠦᠯᠵᠦ᠂ ᠬᠡᠷᠡᠭ ᠤᠨ ᠡᠭᠦᠰᠦᠭᠰᠡᠨ ᠰᠢᠯᠲᠠᠭᠠᠨ᠂ ᠣᠳᠣᠬᠠᠨ ᠤ ᠪᠠᠶᠢᠳᠠᠯ᠂ ᠡᠭᠦᠰᠴᠦ ᠮᠡᠳᠡᠬᠦ ᠦᠷ᠎ᠡ ᠳ᠋ᠦᠩ᠂ ᠨᠢᠭᠡᠨᠲᠡ ᠠᠪᠤᠭᠰᠠᠨ ᠪᠠ ᠠᠪᠬᠤ ᠪᠠᠷ ᠪᠠᠶᠢᠭ᠎ᠠ ᠵᠣᠬᠢᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠢ᠃

      ᠬᠦᠨᠳᠦ ᠶᠡᠭᠡ ᠲᠦᠭᠰᠢᠭᠦᠷᠢ ᠶᠢᠨ ᠬᠡᠷᠡᠭ ᠲᠤ᠄

      ︵ᠨᠢᠭᠡ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠵᠠᠷᠤᠴᠠᠭᠤᠯᠤᠭ᠎ᠠ ᠶᠢᠨ ᠲᠦᠭᠰᠢᠭᠦᠷᠢ ᠪᠤᠶᠤ ᠥᠷᠢ ᠲᠥᠯᠥᠬᠦ ᠴᠢᠳᠠᠪᠤᠷᠢ ᠨᠢ ᠬᠦᠨᠳᠦ ᠨᠣᠴᠢᠲᠠᠢ ᠬᠡᠴᠡᠭᠦᠳᠡᠨ ᠮᠠᠭᠤᠳᠠᠵᠤ᠂ ᠠᠵᠢᠯᠯᠠᠨ ᠡᠵᠡᠩᠨᠡᠬᠦ ᠪᠠᠶᠢᠭᠤᠯᠤᠮᠵᠢ ᠶᠢ ᠳᠠᠮᠫᠤᠷᠠᠭᠤᠯᠬᠤ ᠳᠤ ᠬᠦᠷᠦᠭᠦᠯᠵᠦ ᠮᠡᠳᠡᠬᠦ ᠬᠡᠷᠡᠭ︔

      ︵ᠬᠤᠶᠠᠷ︶ ᠪᠡᠯᠡ ᠣᠷᠣᠭᠤᠯᠤᠭᠴᠢᠳ ᠤᠨ ᠪᠡᠯᠡ ᠮᠥᠩᠭᠦ ᠶᠢ ᠬᠠᠳᠠᠭᠠᠯᠠᠨ ᠲᠠᠯᠪᠢᠬᠤ᠂ ᠬᠡᠷᠡᠭᠯᠡᠭᠰᠡᠨ ᠪᠠᠶᠢᠳᠠᠯ ᠪᠤᠶᠤ ᠬᠤᠪᠢᠶᠠᠷᠢᠯᠠᠨ ᠰᠢᠯᠵᠢᠭᠦᠯᠦᠭᠰᠡᠨ ᠠᠷᠭ᠎ᠠ ᠵᠠᠮ ᠨᠢ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠪᠠ ᠲᠤᠰ ᠨᠠᠷᠢᠨ ᠳᠦᠷᠢᠮ ᠤᠨ ᠲᠣᠭᠲᠠᠭᠠᠯ ᠳᠤ ᠦᠯᠦ ᠨᠡᠶᠢᠴᠡᠭᠰᠡᠨ︔

      ︵ᠭᠤᠷᠪᠠ︶ ᠲᠠᠷᠬᠠᠭᠠᠭᠴᠢ ᠳᠤ ᠰᠣᠯᠢᠵᠤ ᠥᠭᠬᠦ ᠶᠢᠨ ᠠᠷᠭ᠎ᠠ ᠦᠭᠡᠢ᠂ ᠳᠠᠮᠫᠤᠷᠠᠬᠤ ᠵᠡᠷᠭᠡ ᠪᠠᠶᠢᠳᠠᠯ ᠭᠠᠷᠤᠭᠰᠠᠨ ᠤ ᠤᠯᠠᠮ ᠠᠴᠠ ᠪᠡᠯᠡ ᠣᠷᠣᠭᠤᠯᠤᠭᠴᠢᠳ ᠤᠨ ᠠᠰᠢᠭ ᠲᠤᠰᠠ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ︔

      ︵ᠳᠥᠷᠪᠡ︶ ᠲᠡᠮᠳᠡᠭᠲᠦ ᠶᠢ ᠲᠠᠷᠬᠠᠭᠠᠬᠤ ᠬᠢᠭᠡᠳ ᠰᠢᠯᠵᠢᠭᠦᠯᠦᠨ ᠥᠭᠬᠦ᠂ ᠳ᠋ᠦᠩᠨᠡᠨ ᠪᠤᠳᠦᠬᠤ ᠶᠢᠨ ᠬᠦᠨᠳᠦ ᠶᠡᠭᠡ ᠬᠡᠪ ᠤᠨ ᠪᠤᠰᠤ ᠵᠦᠢᠯᠡᠰ︔

      ︵ᠲᠠᠪᠤ︶ ᠠᠵᠢᠯᠯᠠᠨ ᠡᠵᠡᠩᠨᠡᠬᠦ ᠪᠠᠶᠢᠭᠤᠯᠤᠮᠵᠢ ᠳᠤ ᠬᠤᠯᠪᠣᠭᠳᠠᠭᠰᠠᠨ ᠴᠢᠬᠤᠯᠠ ᠶᠡᠭᠡ ᠵᠠᠷᠭᠤ᠂ ᠬᠥᠨᠳᠡᠯᠡᠨ ᠠᠴᠠ ᠲᠠᠰᠤᠯᠬᠤ︔ ᠠᠵᠢᠯᠯᠠᠨ ᠡᠵᠡᠩᠨᠡᠬᠦ ᠪᠠᠶᠢᠭᠤᠯᠤᠮᠵᠢ ᠨᠢ ᠬᠠᠤᠯᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠠᠴᠠ ᠪᠣᠯᠵᠤ ᠡᠷᠬᠡᠲᠦ ᠪᠠᠶᠢᠭᠤᠯᠭ᠎ᠠ ᠳᠤ ᠪᠠᠶᠢᠴᠠᠭᠠᠭᠳᠠᠭᠰᠠᠨ᠂ ᠡᠰᠡᠬᠦᠯ᠎ᠡ ᠡᠷᠡᠭᠦᠦ ᠶᠢᠨ ᠰᠢᠢᠳᠬᠡᠯ᠂ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠣᠯᠣᠭᠰᠠᠨ︔

      ︵ᠵᠢᠷᠭᠤᠭ᠎ᠠ︶ ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠬᠠᠤᠯᠢ ᠲᠣᠭᠲᠠᠭᠠᠯ ᠢ ᠵᠥᠷᠢᠴᠡᠭᠰᠡᠨ ᠰᠡᠵᠢᠭᠯᠡᠯᠲᠡᠢ ᠠᠴᠠ ᠪᠣᠯᠵᠤ ᠡᠷᠬᠡᠲᠦ ᠪᠠᠶᠢᠭᠤᠯᠭ᠎ᠠ ᠳᠤ ᠪᠠᠶᠢᠴᠠᠭᠠᠭᠳᠠᠭᠰᠠᠨ ᠪᠤᠶᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠰᠠᠨ︔

      ︵ᠲᠤᠯᠤᠭ᠎ᠠ︶ ᠪᠡᠯᠡ ᠣᠷᠣᠭᠤᠯᠤᠭᠴᠢᠳ ᠤᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠡᠮᠳᠡᠭᠲᠦ ᠮᠠᠶᠢᠮᠠᠶᠢᠯᠠᠬᠤ ᠪᠡᠯᠡ ᠮᠥᠩᠭᠦ᠂ ᠪᠡᠯᠡ ᠣᠷᠣᠭᠤᠯᠤᠭᠴᠢᠳ ᠤᠨ ᠲᠡᠮᠳᠡᠭᠲᠦ ᠨᠢ ᠨᠡᠭᠦᠯᠭᠡᠨ ᠬᠡᠷᠡᠭᠯᠡᠭᠳᠡᠭᠰᠡᠨ︔

      ︵ᠨᠠᠢᠮᠠ︶ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠯᠴᠠᠭᠰᠠᠳ ᠲᠣᠭᠲᠠᠭᠠᠯ ᠠᠴᠠ ᠵᠥᠷᠢᠴᠡᠨ ᠠᠵᠢᠯᠯᠠᠭᠰᠠᠨ ᠪᠤᠶᠤ ᠡᠵᠡᠩᠨᠡᠭᠰᠡᠨ ᠠᠴᠠ ᠪᠣᠯᠵᠤ ᠪᠡᠯᠡ ᠣᠷᠣᠭᠤᠯᠤᠭᠴᠢ ᠪᠤᠶᠤ ᠵᠠᠬ᠎ᠠ ᠳᠡᠯᠭᠡᠭᠦᠷ ᠤᠨ ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠬᠡᠷᠡᠭ ᠪᠠᠭᠲᠠᠨ᠎ᠠ᠃

      ᠳᠥᠴᠢᠨ ᠳᠥᠷᠪᠡᠳᠦᠭᠡᠷ ᠵᠦᠢᠯ   ᠬᠦᠨᠳᠦ ᠶᠡᠭᠡ ᠲᠦᠭᠰᠢᠭᠦᠷᠢ ᠶᠢᠨ ᠬᠡᠷᠡᠭ ᠭᠠᠷᠤᠭᠰᠠᠨ ᠦᠶ᠎ᠡ ᠳᠤ᠂ ᠠᠵᠢᠯᠯᠠᠨ ᠡᠵᠡᠩᠨᠡᠬᠦ ᠪᠠᠶᠢᠭᠤᠯᠤᠮᠵᠢ ᠨᠢ ᠪᠡᠯᠡ ᠣᠷᠣᠭᠤᠯᠤᠭᠴᠢᠳ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠭᠦᠯᠦᠨ ᠬᠡᠷᠡᠭᠵᠢᠭᠦᠯᠵᠦ ᠪᠣᠯᠣᠨ᠎ᠠ᠂ ᠡᠭᠦᠨ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ ᠨᠢ᠄

      ︵ᠨᠢᠭᠡ︶ ᠲᠠᠷᠬᠠᠭᠠᠭᠴᠢ ᠶᠢ ᠤᠷᠢᠳᠴᠢᠯᠠᠨ ᠡᠬᠡ ᠬᠦᠦ ᠮᠥᠩᠭᠦ ᠲᠠᠢ ᠨᠢ ᠪᠤᠴᠠᠭᠠᠯᠭᠠᠬᠤ ᠪᠠᠷ ᠱᠠᠭᠠᠷᠳᠠᠬᠤ︔

      ︵ᠬᠤᠶᠠᠷ︶ ᠲᠡᠮᠳᠡᠭᠲᠦ ᠶᠢ ᠲᠠᠷᠬᠠᠭᠠᠬᠤ ᠪᠤᠶᠤ ᠠᠷᠠᠯᠵᠢᠶᠠᠯᠠᠬᠤ ᠶᠢ ᠲᠦᠷ ᠵᠣᠭᠰᠤᠭᠠᠬᠤ︔

      ︵ᠭᠤᠷᠪᠠ︶ ᠪᠡᠯᠡ ᠮᠥᠩᠭᠦ ᠶᠢ ᠰᠢᠯᠵᠢᠭᠦᠯᠦᠨ ᠭᠠᠷᠭᠠᠬᠤ ᠶᠢ ᠴᠠᠭᠠᠵᠠᠯᠠᠬᠤ︔

      ︵ᠳᠥᠷᠪᠡ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠳᠤ ᠰᠡᠵᠢᠭᠯᠡᠯᠲᠡᠢ ᠶᠢ ᠨᠢ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ︔

      ︵ᠲᠠᠪᠤ︶ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ᠃

      ᠬᠦᠨᠳᠦ ᠶᠡᠭᠡ ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ᠂ ᠠᠵᠢᠯᠯᠠᠨ ᠡᠵᠡᠩᠨᠡᠬᠦ ᠪᠠᠶᠢᠭᠤᠯᠤᠮᠵᠢ ᠨᠢ ᠮᠡᠳᠡᠭᠦᠯᠬᠦ ᠳᠦᠷᠢᠮ᠂ ᠨᠢᠭᠤᠴᠠ ᠶᠢ ᠬᠠᠮᠠᠭᠠᠯᠠᠬᠤ ᠳᠦᠷᠢᠮ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠢ᠃

      ᠵᠢᠷᠭᠤᠳᠤᠭᠠᠷ ᠪᠦᠯᠦᠭ    ᠬᠢᠨᠠᠯᠲᠠ ᠬᠠᠮᠢᠶᠠᠷᠤᠯᠲᠠ

      ᠳᠥᠴᠢᠨ ᠲᠠᠪᠤᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠲᠣᠰ ᠨᠠᠷᠢᠨ ᠳᠦᠷᠢᠮ᠂ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠪᠣᠯᠣᠨ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠯᠣᠭᠤᠳᠤᠮᠵᠢ︾ ᠶᠢᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠬᠦ ᠮᠡᠳᠡᠭᠡ ᠵᠠᠩᠭᠢ ᠶᠢ ᠡᠷᠬᠡᠪᠰᠢ ᠦᠨᠡᠨ ᠪᠣᠳᠠᠲᠠᠢ᠂ ᠵᠥᠪ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢ ᠳᠤ ᠨᠢ ᠮᠡᠳᠡᠭᠦᠯᠵᠦ᠂ ᠭᠦᠢᠴᠡᠳᠬᠡᠯ ᠲᠤᠭ᠎ᠠ᠂ ᠵᠠᠭᠪᠤᠷ᠂ ᠪᠦᠷᠢᠳᠬᠡᠬᠦ ᠠᠷᠭ᠎ᠠ ᠨᠢ ᠵᠢᠷᠤᠮᠵᠢᠭᠤᠨ᠂ ᠨᠢᠭᠡᠳᠦᠯᠲᠡᠢ ᠪᠠᠶᠢᠬᠤ ᠬᠡᠷᠡᠭᠲᠡᠢ᠃

      ᠠᠵᠢᠯᠯᠠᠨ ᠡᠵᠡᠩᠨᠡᠬᠦ ᠪᠠᠶᠢᠭᠤᠯᠤᠮᠵᠢ ᠶᠢᠨ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠨᠠᠷᠢᠨ ᠳᠦᠷᠢᠮ ᠪᠠ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠳᠦᠷᠢᠮ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠵᠡᠷᠭᠡ ᠶᠢᠨ ᠲᠣᠭᠲᠠᠭᠠᠯ  ᠳᠤ ᠨᠡᠶᠢᠴᠡᠭᠰᠡᠨ ᠪᠠᠶᠢᠬᠤ ᠶᠢᠨ ᠬᠠᠮᠲᠤ᠂ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠨᠠᠷᠢᠨ ᠳᠦᠷᠢᠮ ᠪᠠ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠳᠦᠷᠢᠮ ᠨᠢ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠢ ᠣᠯᠵᠤ ᠮᠡᠳᠡᠪᠡᠯ᠂ ᠲᠡᠭᠦᠨ ᠢ ᠵᠠᠷᠯᠢᠭᠳᠠᠵᠤ ᠪᠠᠶᠢᠭᠠᠳ ᠵᠠᠰᠠᠭᠤᠯᠬᠤ ᠬᠡᠷᠡᠭᠲᠡᠢ᠃

      ᠳᠥᠴᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠪᠠ ᠲᠤᠬᠠᠢ ᠶᠢᠨ ᠲᠠᠯᠠᠪᠠᠢ ᠶᠢᠨ ᠪᠤᠰᠤ ᠬᠢᠨᠠᠯᠲᠠ ᠬᠠᠮᠢᠶᠠᠷᠤᠯᠲᠠ ᠬᠢᠬᠦ ᠳᠤ ᠪᠠᠨ᠂ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠄

      ︵ᠨᠢᠭᠡ︶ ᠠᠵᠢᠯᠯᠠᠨ ᠡᠵᠡᠩᠨᠡᠬᠦ ᠪᠠᠶᠢᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠣᠷᠣᠯᠴᠠᠭᠴᠢ ᠶᠢᠨ ᠠᠵᠢᠯᠯᠠᠬᠤ ᠲᠠᠯᠠᠪᠤᠷ ᠭᠠᠵᠠᠷ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠲᠤ ᠣᠷᠣᠵᠤ ᠪᠠᠶᠢᠴᠠᠭᠠᠯᠲᠠ ᠬᠢᠬᠦ︔

      ︵ᠬᠤᠶᠠᠷ︶ ᠠᠵᠢᠯᠯᠠᠨ ᠡᠵᠡᠩᠨᠡᠬᠦ ᠪᠠᠶᠢᠭᠤᠯᠤᠮᠵᠢ ᠪᠤᠶᠤ ᠣᠷᠣᠯᠴᠠᠭᠴᠢ ᠶᠢᠨ ᠬᠠᠷᠢᠭᠤᠴᠠᠯᠭᠠᠲᠠᠨ᠂ ᠠᠵᠢᠯᠲᠠᠳ ᠠᠴᠠ ᠯᠠᠪᠯᠠᠨ ᠠᠰᠠᠭᠤᠵᠤ᠂ ᠲᠡᠳᠡᠨ ᠢ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠵᠦᠢᠯᠡᠰ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔

      ︵ᠭᠤᠷᠪᠠ︶ ᠪᠠᠶᠢᠴᠠᠭᠠᠯᠲᠠ ᠶᠢᠨ ᠵᠦᠢᠯᠡᠰ ᠲᠠᠢ ᠬᠤᠯᠪᠣᠭᠳᠠᠬᠤ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠵᠦ ᠪᠠᠭᠤᠯᠭᠠᠨ ᠠᠪᠴᠤ᠂ ᠰᠢᠯᠵᠢᠭᠦᠯᠬᠦ᠂ ᠨᠢᠭᠤᠨ ᠳᠠᠯᠳᠠᠯᠠᠬᠤ ᠪᠤᠶᠤ ᠡᠪᠳᠡᠨ ᠰᠦᠢᠳᠬᠡᠵᠦ ᠮᠡᠳᠡᠬᠦ ᠪᠢᠴᠢᠭ ᠮᠠᠲ᠋ᠧᠷᠢᠶᠠᠯ᠂ ᠡᠯᠧᠺᠲᠷᠣᠨ ᠲᠥᠬᠦᠭᠡᠷᠦᠮᠵᠢ ᠶᠢ ᠪᠢᠲᠡᠭᠦᠮᠵᠢᠯᠡᠨ ᠬᠠᠳᠠᠭᠠᠯᠠᠬᠤ︔ 

      ︵ᠳᠥᠷᠪᠡ︶ ᠠᠵᠢᠯᠯᠠᠨ ᠡᠵᠡᠩᠨᠡᠬᠦ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠣᠷᠣᠯᠴᠠᠭᠴᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠴᠠᠭᠠᠵᠤ᠂ ᠬᠤᠯᠪᠣᠭᠳᠠᠯ ᠪᠦᠬᠦᠢ ᠳ᠋ᠠᠶᠢᠲ᠋ᠠ  ᠮᠠᠲ᠋ᠧᠷᠢᠶᠠᠯ ᠢ ᠪᠠᠭᠤᠯᠭᠠᠨ ᠠᠪᠬᠤ︔

      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠠ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃

      ᠳᠥᠴᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠳᠤ᠂ ᠪᠠᠶᠢᠴᠠᠭᠠᠭᠳᠠᠬᠤ ᠨᠢᠭᠡᠴᠢ ᠪᠣᠯᠣᠨ ᠬᠤᠪᠢ ᠬᠥᠮᠥᠨ ᠨᠢ ᠬᠠᠮᠵᠢᠯᠴᠠᠵᠤ ᠪᠠᠶᠢᠭᠠᠳ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠂ ᠲᠡᠪᠴᠢᠬᠦ᠂ ᠬᠠᠷᠰᠢᠯᠠᠬᠤ ᠪᠠ ᠨᠢᠭᠤᠨ ᠳᠠᠯᠳᠠᠯᠠᠵᠤ ᠪᠣᠯᠬᠤ ᠦᠭᠡᠢ᠃

      ᠳᠥᠴᠢᠨ ᠨᠠᠢᠮᠠᠳᠤᠭᠠᠷ ᠵᠦᠢᠯ   ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠰ ᠨᠠᠷᠢᠨ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢᠨ ᠰᠦᠪᠡᠭᠴᠢ ᠶᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤ ᠨᠢ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃

      ᠳᠥᠴᠢ ᠶᠢᠰᠦᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠤᠶᠤ ᠬᠦᠨᠳᠦ ᠶᠡᠭᠡ ᠲᠦᠭᠰᠢᠭᠦᠷᠢ ᠭᠠᠷᠴᠤ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠵᠤ᠂ ᠪᠡᠯᠡ ᠣᠷᠣᠭᠤᠯᠤᠭᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠨᠢ ᠰᠣᠯᠢᠭᠤᠯᠬᠤ ᠬᠡᠷᠡᠭᠲᠡᠢ᠃

      ᠲᠠᠪᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠵᠢᠯᠯᠠᠨ ᠡᠵᠡᠩᠨᠡᠬᠦ ᠪᠠᠶᠢᠭᠤᠯᠤᠮᠵᠢ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ ᠲᠤ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠪᠠ ᠲᠣᠰ ᠨᠠᠷᠢᠨ ᠳᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠲᠡᠭᠦᠨ ᠢ ᠵᠠᠷᠯᠢᠭᠳᠠᠨ ᠵᠠᠯᠠᠷᠠᠭᠤᠯᠤᠭᠤᠯᠬᠤ᠂ ᠬᠢᠨᠠᠨ ᠬᠠᠮᠢᠶᠠᠷᠴᠤ ᠶᠠᠷᠢᠯᠴᠠᠬᠤ᠂ ᠰᠡᠷᠡᠮᠵᠢᠯᠡᠭᠦᠯᠬᠦ ᠵᠠᠬᠢᠳᠠᠯ ᠭᠠᠷᠭᠠᠬᠤ᠂ ᠵᠠᠷᠯᠢᠭᠳᠠᠵᠤ ᠪᠠᠶᠢᠭᠠᠳ ᠪᠣᠯᠪᠠᠰᠤᠷᠠᠯ ᠳᠤ ᠣᠷᠣᠯᠴᠠᠭᠤᠯᠬᠤ᠂ ᠵᠠᠷᠯᠢᠭᠳᠠᠵᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠭᠦᠯᠬᠦ᠂ ᠲᠣᠬᠢᠷᠠᠮᠵᠢ ᠦᠭᠡᠢ ᠵᠢᠱᠢᠭᠳᠡᠭᠴᠢ ᠪᠠᠷ ᠮᠠᠭᠠᠳᠯᠠᠨ ᠲᠣᠭᠲᠠᠭᠠᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ︔ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠥᠪᠡᠷ ᠢ ᠪᠠᠨ ᠱᠠᠭᠠᠷᠳᠠᠬᠤ ᠬᠢᠨᠠᠯᠲᠠ ᠬᠠᠮᠢᠶᠠᠷᠤᠯᠲᠠ ᠶᠢᠨ ᠠᠢ ᠳᠤ ᠬᠤᠯᠪᠣᠭᠳᠠᠭᠰᠠᠨ ᠠᠰᠠᠭᠤᠳᠠᠯ ᠢ ᠠᠵᠢᠯᠯᠠᠨ ᠡᠵᠡᠩᠨᠡᠬᠦ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ︔ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠢ ᠶᠢ ᠨᠢ ᠳᠣᠩᠭᠤᠳᠬᠤ ᠶᠢᠨ ᠬᠠᠮᠲᠤ᠂ 3 ᠲᠦᠮᠡᠨ ᠲᠥᠭᠦᠷᠢᠭ ᠠᠴᠠ ᠳᠣᠷᠣᠭᠰᠢᠬᠢ ᠵᠣᠭᠤᠰ ᠢᠶᠠᠷ ᠲᠣᠷᠭᠠᠨ᠎ᠠ᠃

      ᠲᠤᠰ ᠨᠠᠷᠢᠨ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃

      ᠲᠠᠪᠢᠨ ᠨᠢᠭᠡᠳᠦᠭᠡᠷ ᠵᠦᠢᠯ   ᠲᠤᠰ ᠨᠠᠷᠢᠨ ᠳᠦᠷᠢᠮ ᠤᠨ ᠲᠣᠭᠲᠠᠭᠠᠯ ᠠᠴᠠ ᠵᠥᠷᠢᠴᠡᠨ ᠲᠡᠮᠳᠡᠭᠲᠦ ᠲᠠᠷᠬᠠᠭᠠᠬᠤ ᠪᠠ ᠰᠢᠯᠵᠢᠭᠦᠯᠦᠨ ᠥᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ᠂ ᠡᠰᠡᠬᠦᠯ᠎ᠡ ᠲᠤᠰ ᠨᠠᠷᠢᠨ ᠳᠦᠷᠢᠮ ᠤᠨ ᠲᠣᠭᠲᠠᠭᠠᠯ ᠠᠴᠠ ᠵᠥᠷᠢᠴᠡᠨ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠠᠬᠢ ᠠᠵᠢᠯᠯᠠᠭ᠎ᠠ ᠶᠢ ᠳᠤᠷ᠎ᠠ ᠪᠠᠷ ᠢᠶᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠳᠤ ︽ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠷᠰᠢᠨ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ ᠢᠯᠭᠠᠷᠠᠭᠤᠯᠤᠨ ᠴᠡᠪᠡᠷᠯᠡᠬᠦ ᠶᠢᠨ ᠬᠠᠮᠲᠤ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

      ᠲᠠᠪᠢᠨ ᠬᠤᠶᠠᠳᠤᠭᠠᠷ ᠵᠦᠢᠯ   ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠵᠢᠷᠤᠮᠵᠢᠯ ᠲᠠᠢ ᠠᠵᠢᠯᠯᠠᠭᠠᠨ ᠤ ᠪᠠᠶᠢᠳᠠᠯ᠂ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠵᠡᠷᠭᠡ ᠳᠤ ᠬᠢᠨᠠᠨ ᠰᠢᠨᠵᠢᠯᠡᠵᠦ ᠦᠨᠡᠯᠡᠨ ᠵᠢᠱᠢᠯᠲᠡ ᠬᠢᠵᠦ ᠪᠣᠯᠣᠨ᠎ᠠ᠃ ᠦᠨᠡᠯᠡᠨ ᠵᠢᠱᠢᠭᠰᠡᠨ ᠦᠷ᠎ᠡ ᠳ᠋ᠦᠩ ᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠬᠦ ᠶᠢᠨ ᠬᠢᠴᠢᠶᠡᠮᠵᠢ ᠪᠣᠯᠭᠤᠮᠵᠢᠲᠠᠢ ᠨᠥᠬᠦᠴᠡᠯ ᠪᠣᠯᠭᠠᠬᠤ ᠬᠡᠷᠡᠭᠲᠡᠢ᠃

      ᠳᠣᠯᠣᠳᠤᠭᠠᠷ ᠪᠦᠯᠦᠭ   ᠵᠠᠬ᠎ᠠ ᠳᠡᠯᠭᠡᠭᠦᠷ ᠤᠨ ᠥᠪᠡᠷ ᠢ ᠪᠠᠨ ᠱᠠᠭᠠᠷᠳᠠᠬᠤ

      ᠲᠠᠪᠢᠨ ᠭᠤᠷᠪᠠᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠ ᠨᠡᠶᠢᠲᠡ ᠳᠤ ᠵᠠᠷᠯᠠᠬᠤ ᠶᠢ ᠬᠠᠩᠭᠠᠬᠤ ᠬᠡᠷᠡᠭᠲᠡᠢ᠃

      ᠠᠵᠢᠯᠯᠠᠨ ᠡᠵᠡᠩᠨᠡᠬᠦ ᠪᠠᠶᠢᠭᠤᠯᠤᠮᠵᠢ᠂ ᠳᠡᠩᠰᠡᠯᠡᠵᠦ ᠳ᠋ᠦᠩᠨᠡᠨ ᠪᠤᠳᠤᠬᠤ ᠪᠠᠶᠢᠭᠤᠯᠤᠮᠵᠢ ᠪᠣᠯᠣᠨ ᠪᠤᠰᠤᠳ ᠣᠷᠣᠯᠴᠠᠭᠴᠢ ᠵᠢᠴᠢ ᠬᠠᠮᠢᠶ᠎ᠠ ᠪᠦᠬᠦᠢ ᠬᠥᠮᠥᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠨᠢ ᠲᠣᠭᠲᠠᠭᠠᠯ ᠶᠣᠰᠣᠭᠠᠷ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠡᠮᠳᠡᠭᠲᠦ ᠶᠢᠨ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠳᠤ ᠲᠡᠮᠳᠡᠭᠯᠡᠨ ᠣᠷᠣᠭᠤᠯᠬᠤ ᠬᠡᠷᠡᠭᠲᠡᠢ᠃

      ᠲᠠᠪᠢᠨ ᠳᠥᠷᠪᠡᠳᠦᠭᠡᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠲᠤ ᠣᠷᠣᠯᠴᠠᠭᠰᠠᠳ ᠤᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠲᠣᠭᠲᠠᠭᠠᠯ ᠠᠴᠠ ᠵᠥᠷᠢᠴᠡᠭᠰᠡᠳ ᠲᠤ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃

      ᠲᠠᠪᠢᠨ ᠲᠠᠪᠤᠳᠤᠭᠠᠷ ᠵᠦᠢᠯ   ᠠᠵᠢᠯᠯᠠᠨ ᠡᠵᠡᠩᠨᠡᠬᠦ ᠪᠠᠶᠢᠭᠤᠯᠤᠮᠵᠢ ᠨᠢ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠯᠪᠠᠨ ᠤ ᠰᠦᠯᠵᠢᠶᠡᠨ ᠦᠷᠳᠡᠭᠡ ᠶᠢᠨ ᠳᠤᠷᠠᠶᠢᠮ᠎ᠠ ᠣᠷᠣᠨ ᠪᠠᠶᠢᠷᠢ ᠳᠤ ᠵᠠᠭᠠᠯᠳᠤᠬᠤ ᠤᠲᠠᠰᠤ ᠵᠢᠴᠢ ᠪᠤᠰᠤᠳ ᠵᠠᠭᠠᠯᠳᠤᠬᠤ ᠠᠷᠭ᠎ᠠ ᠵᠠᠮ ᠢ ᠢᠯᠡ ᠨᠡᠶᠢᠲᠡᠯᠡᠨ᠂ ᠲᠤᠰᠬᠠᠢ ᠬᠥᠮᠥᠨ ᠲᠣᠬᠢᠷᠠᠭᠤᠯᠤᠨ ᠵᠠᠭᠠᠯᠳᠤᠯᠭ᠎ᠠ ᠶᠢᠨ ᠵᠦᠢᠯᠡᠰ ᠢ ᠬᠦᠯᠢᠶᠡᠨ ᠠᠪᠤᠭᠤᠯᠬᠤ ᠪᠠ ᠰᠢᠢᠳᠪᠦᠷᠢᠯᠡᠭᠦᠯᠵᠦ᠂ ᠵᠠᠭᠠᠯᠳᠤᠯᠭ᠎ᠠ ᠶᠢᠨ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠂ ᠵᠠᠭᠠᠯᠳᠤᠯᠭ᠎ᠠ ᠶᠢ ᠴᠠᠭ ᠲᠤᠬᠠᠢ ᠳᠤ ᠨᠢ ᠲᠣᠬᠢᠲᠠᠢ ᠰᠢᠢᠳᠪᠦᠷᠢᠯᠡᠵᠦ᠂ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ 

      ᠨᠠᠢᠮᠠᠳᠤᠭᠠᠷ ᠪᠦᠯᠦᠭ    ᠳᠠᠭᠠᠯᠳᠤᠭᠤᠯᠤᠯ ᠳᠦᠷᠢᠮ

      ᠲᠠᠪᠢᠨ ᠵᠢᠷᠭᠤᠳᠤᠭᠠᠷ ᠵᠦᠢᠯ   ᠣᠷᠣᠨ ᠪᠦᠰᠡ ᠶᠢᠨ ᠴᠢᠨᠠᠷᠲᠠᠢ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠦᠢᠯᠡᠴᠢᠯᠡᠭᠡ ᠬᠠᠩᠭᠠᠭᠰᠠᠨ ᠪᠠᠶᠢᠪᠠᠯ᠂ ᠲᠤᠰ ᠨᠠᠷᠢᠨ ᠳᠦᠷᠢᠮ ᠢ ᠯᠠᠪᠯᠠᠯᠲᠠ ᠪᠣᠯᠭᠠᠨ ᠬᠡᠷᠡᠭᠯᠡᠨ᠎ᠡ᠃

      ᠲᠠᠪᠢᠨ ᠳᠣᠯᠣ᠋ᠳ᠋ᠤᠭᠠᠷ ᠵᠦᠢᠯ   ᠲᠣᠰ ᠨᠠᠷᠢᠨ ᠳᠦᠷᠢᠮ ᠢ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃

      ᠲᠠᠪᠢᠨ ᠨᠠᠢᠮᠠᠳᠤᠭᠠᠷ ᠵᠦᠢᠯ   ᠲᠣᠰ ᠨᠠᠷᠢᠨ ᠳᠦᠷᠢᠮ ᠢ 2023 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃

      

      ᠬᠠᠭᠤᠯᠤᠨ ᠢᠯᠡᠭᠡᠬᠦ ᠨᠢ᠄

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃

      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃

      

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

      2023 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ