ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/10/11


      10 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠵᠠᠰᠠᠭ ᠤᠨ ᠣᠷᠳᠣᠨ ᠤ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ︽ ᠵᠢᠷᠭᠤᠭᠠᠨ ᠢᠨᠵᠧᠨᠧᠷᠢᠩ ︾ ᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠰᠠᠶᠢᠲᠤᠷ ᠠᠳᠬᠤᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠤᠬᠠᠭᠤᠯᠵᠤ ᠲᠠᠶᠢᠯᠪᠤᠷᠢᠯᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠤᠷᠢᠳᠴᠢᠯᠠᠨ ᠬᠢᠨᠠᠨ ᠪᠠᠶᠢᠴᠠᠭᠠᠬᠤ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ᠂ ᠨᠡᠶᠢᠳᠡᠮ ᠪᠠᠶᠢᠴᠠᠭᠠᠯᠲᠠ ᠬᠢᠬᠦ ᠶᠢᠨ ᠳᠠᠭᠠᠤ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ᠳᠠᠭᠠᠤ ᠲᠣᠭᠲᠠᠴᠠ ᠪᠠᠨ ᠲᠡᠭᠦᠯᠳᠡᠷᠵᠢᠭᠦᠯᠵᠦ᠂ ᠬᠤᠪᠣᠷ ᠨᠠᠨᠳᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠬᠤ ᠬᠡᠷᠡᠭᠲᠡᠢ᠃ ᠶᠡᠷᠦᠩᠬᠡᠢ ᠱᠦᠵᠢ ᠰᠢ  ᠶᠢᠨ ᠫᠢᠩ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠦᠵᠡᠯᠲᠡ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠤᠶ ᠪᠤᠯᠭᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠬᠤᠯᠪᠤᠭᠠᠯᠠᠨ ᠪᠠᠶᠢᠭᠤᠯᠵᠤ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠶᠡᠭᠡ ᠬᠢᠩᠭᠠᠨ ᠳᠠᠪᠠᠭ᠎ᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ ᠤᠨ ᠲᠤᠰᠬᠠᠢ ᠲᠥᠯᠦᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠪᠦᠭᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠭᠦ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠭᠦᠭᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠬᠤ ᠶᠢ ᠳᠡᠮᠵᠢᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠡᠭᠦᠳᠦᠯᠲᠡ ᠶᠢᠨ ᠴᠢᠨᠠᠷᠲᠠᠢ᠂ ᠰᠢᠪᠲᠤᠯᠤᠯᠲᠠ ᠶᠢᠨ ᠴᠢᠨᠠᠷᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠦᠭᠡᠬᠤᠲᠠ ᠶᠢᠨ ᠥᠨᠳᠥᠷ ᠲᠦᠪᠰᠢᠨ ᠪᠦᠬᠦᠢ ᠮᠥᠩᠭᠦᠨ ᠭᠦᠢᠯᠭᠡᠭᠡᠨ ᠤ ᠲᠥᠪᠯᠡᠷᠡᠯ ᠤᠨ ᠣᠷᠣᠨ ᠢ ᠲᠦᠷᠭᠡᠳᠬᠡᠨ ᠪᠠᠶᠢᠭᠤᠯᠵᠤ᠂ ᠪᠦᠭᠦ ᠣᠷᠣᠨ ᠢ ᠬᠥᠲᠥᠯᠥᠨ ᠳᠠᠭᠠᠭᠤᠯᠵᠤ ᠮᠥᠩᠭᠦᠨ ᠭᠦᠢᠯᠭᠡᠭᠡᠨ ᠤ ᠰᠢᠨ᠎ᠡ ᠪᠠᠶᠢᠳᠠᠯ ᠢ ᠡᠭᠦᠳᠬᠦ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠡᠨᠧᠷᠭᠢ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠲᠤᠨᠤᠭ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠨ ᠤ ᠡᠭᠦᠷᠭᠡ ᠶᠢᠨ ᠠᠵᠢᠯ ᠤᠨ ᠨᠠᠷᠢᠨ ᠲᠠᠩᠰᠠ ᠶᠢ ᠨᠠᠷᠢᠯᠢᠭᠵᠢᠭᠤᠯᠤᠨ᠂ ᠰᠢᠨᠡᠳᠬᠡᠨ ᠥᠭᠡᠷᠡᠴᠢᠯᠡᠬᠦ ᠠᠯᠬᠤᠭ᠎ᠠ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠬᠦᠴᠦᠯᠡᠨ ᠳᠡᠭᠡᠭᠰᠢᠯᠡᠭᠦᠯᠵᠦ᠂ ᠠᠵᠠ ᠲᠣᠭᠢᠶᠠᠯ ᠢ ᠠᠮᠵᠢᠨ ᠠᠵᠤ ᠦᠢᠯᠡᠰ ᠤᠨ ᠲᠡᠰ ᠳᠠᠪᠬᠤᠷᠭ᠎ᠠ ᠶᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠵᠢᠯ ᠢ ᠰᠤᠳᠤᠯᠵᠠᠢ᠃

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ