ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/10/12

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

      ᠥᠪᠥᠷ ᠵᠠᠰᠠᠭ ᠲᠠᠷᠬᠠᠭᠠᠭᠰᠠᠨ ﹇2024﹈ 14 ᠳ᠋ᠦ᠋ᠭᠡᠷ ᠲᠣᠭᠠᠲᠤ

      

      ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ

ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

      

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠥᠰᠥᠯ ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

      

2024 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ

      ︵ᠲᠣᠰ ᠪᠢᠴᠢᠭ ᠮᠠᠲ᠋ᠧᠷᠢᠶᠠᠯ ᠳᠤ ᠬᠠᠰᠤᠯᠲᠠ ᠲᠠᠢ ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ

ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠥᠰᠥᠯ

      ︽︿ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯᠯᠠᠭᠠᠨ ᠢ ᠠᠬᠢᠭᠤᠯᠬᠤ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2024﹈ 7 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃

       ᠨᠢᠭᠡ᠂ ᠭᠤᠣᠯ ᠬᠠᠷᠠᠯᠲᠠ

      2027 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶᠡᠵᠢᠯ ᠢ 2023 ᠣᠨ ᠤ ᠬᠢ ᠠᠴᠠ 50% ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶᠡᠵᠢᠯ ᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠦᠨ᠎ᠡ︔ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠭᠤᠣᠯᠳᠠᠭᠤᠯᠤᠨ ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠤ ᠪᠠᠨ ᠡᠨᠧᠷᠭᠢ ᠠᠷᠪᠢᠯᠠᠬᠤ ᠲᠦᠪᠰᠢᠨ ᠳᠤ ᠬᠦᠷᠦᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠨᠢ A ᠲᠠᠰ ᠤᠨ ᠲᠦᠪᠰᠢᠨ ᠳᠤ ᠬᠦᠷᠬᠦ ᠦᠢᠯᠡᠳᠪᠦᠷᠢᠯᠡᠬᠦ ᠴᠢᠳᠠᠮᠵᠢ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠳ᠋ᠢᠵᠢᠲ᠋ᠠᠯᠴᠢᠯᠠᠭᠰᠠᠨ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠪᠠᠭᠠᠵᠢ ᠶᠢᠨ ᠲᠦᠭᠡᠮᠡᠯᠵᠢᠭᠦᠯᠦᠯᠲᠡ ᠶᠢᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠣᠭᠠᠨ ᠡᠵᠡᠮᠰᠢᠯᠵᠢᠯᠲᠡ ᠶᠢᠨ ᠨᠣᠷᠮ᠎ᠠ ᠶᠢ ᠲᠣᠰ ᠲᠣᠰ 90%᠂ 75% ᠠᠴᠠ ᠳᠠᠪᠠᠭᠤᠯᠤᠨ᠎ᠠ︔ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡᠨ ᠤ ᠡᠭᠡᠭᠦᠯᠦᠨ ᠬᠤᠷᠢᠶᠠᠬᠤ ᠬᠡᠮᠵᠢᠶ᠎ᠡ ᠶᠢ 2023 ᠣᠨ ᠤ ᠬᠢ ᠠᠴᠠ ᠪᠠᠷᠤᠭ ᠨᠢᠭᠡ ᠳᠠᠬᠢᠨ ᠨᠡᠮᠡᠭᠳᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ ᠬᠡᠮᠵᠢᠶ᠎ᠡ ᠶᠢ 2023 ᠣᠨ ᠤ ᠬᠢ ᠠᠴᠠ 45% ᠨᠡᠮᠡᠭᠳᠡᠭᠦᠯᠦᠨ᠂ ᠬᠠᠶᠠᠭᠳᠠᠮᠠᠯ ᠬᠠᠭᠤᠴᠢᠷᠠᠭᠰᠠᠨ ᠭᠡᠷ ᠤᠨ ᠴᠠᠬᠢᠯᠭᠠᠨ ᠬᠡᠷᠡᠭᠰᠡᠯ ᠤᠨ ᠡᠭᠡᠭᠦᠯᠦᠨ ᠬᠤᠷᠢᠶᠠᠬᠤ ᠬᠡᠮᠵᠢᠶ᠎ᠡ ᠶᠢ 2023 ᠣᠨ ᠤ ᠬᠢ ᠠᠴᠠ 30% ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠵᠤ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠬᠢᠯᠲᠠ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃

      ᠬᠤᠶᠠᠷ᠂ ᠭᠤᠣᠯᠳᠠᠯᠭ᠎ᠠ ᠲᠠᠢ ᠡᠭᠦᠷᠭᠡ

      ︵ᠨᠢᠭᠡ︶ ᠲᠥᠬᠦᠭᠡᠷᠦᠮᠵᠢ ᠶᠢ ᠰᠢᠨᠡᠳᠬᠡᠬᠦ ᠠᠵᠢᠯᠯᠠᠭᠠᠨ ᠢ ᠬᠡᠷᠡᠭᠵᠢᠭᠦᠯᠦᠨ᠎ᠡ᠃

      1. ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠲᠤᠯᠤᠭᠠᠨ ᠶᠡᠭᠡ ᠬᠦᠷᠢᠶ᠎ᠡ ᠴᠠᠷᠠᠭ᠎ᠠ ᠪᠠᠷ ᠭᠤᠣᠯᠳᠠᠯᠭ᠎ᠠ ᠪᠣᠯᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠬᠡᠲᠦ ᠳᠣᠣᠷ᠎ᠠ ᠭᠠᠳᠠᠭᠰᠢᠯᠠᠭᠤᠯᠤᠯᠲᠠ᠂ ᠠᠶᠤᠯ ᠦᠭᠡᠢ ᠦᠢᠯᠡᠳᠪᠦᠷᠢᠯᠡᠯ᠂ ᠳ᠋ᠢᠵᠢᠲ᠋ᠠᠯᠵᠢᠭᠤᠯᠤᠨ ᠬᠡᠯᠪᠡᠷᠢ ᠶᠢ ᠨᠢ ᠬᠤᠪᠢᠷᠠᠭᠤᠯᠬᠤ᠂ ᠣᠶᠤᠨᠴᠢ ᠲᠡᠶᠢᠰᠢ ᠲᠠᠰ ᠳᠡᠪᠰᠢᠭᠦᠯᠬᠦ ᠵᠡᠷᠭᠡ ᠪᠠᠷ ᠴᠢᠭᠯᠡᠯ ᠢᠶᠠᠨ ᠪᠣᠯᠭᠠᠵᠤ᠂ ᠡᠯ᠎ᠡ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ᠂ ᠲᠡᠷᠢᠭᠦᠨ ᠤ ᠲᠦᠪᠰᠢᠨ ᠲᠠᠢ ᠬᠠᠷᠭᠤᠭᠤᠯᠵᠤ᠂ ᠡᠮᠦᠨᠡᠬᠢ ᠬᠤᠭᠤᠴᠠᠭᠠᠨ ᠤ ᠲᠥᠷᠥᠯ ᠵᠦᠢᠯ ᠤᠨ ᠪᠠᠶᠢᠳᠠᠯ ᠢ ᠨᠢ ᠣᠶᠢᠯᠠᠭᠠᠵᠤ ᠤᠬᠠᠭᠠᠯᠠᠨ ᠲᠥᠰᠥᠭᠡᠯᠡᠬᠦ ᠠᠵᠢᠯ ᠢ ᠥᠷᠨᠢᠭᠦᠯᠵᠦ᠂ ᠲᠥᠷᠥᠯ ᠵᠦᠢᠯ ᠤᠨ ᠨᠥᠭᠡᠴᠡ ᠪᠡᠯᠡᠳᠬᠡᠯ ᠢᠶᠠᠨ ᠬᠦᠴᠦᠯᠡᠨ ᠴᠢᠩᠭᠠᠳᠬᠠᠵᠤ᠂ ᠬᠦᠷᠢᠶ᠎ᠡ ᠴᠠᠷᠠᠭ᠎ᠠ ᠬᠤᠪᠢᠶᠠᠨ ᠲᠥᠷᠥᠯ ᠵᠦᠢᠯ ᠤᠨ ᠲᠣᠳᠣᠷᠬᠠᠢ ᠬᠠᠭᠤᠳᠠᠰᠤ ᠪᠠᠶᠢᠭᠤᠯᠤᠨ᠂ ᠡᠯ᠎ᠡ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠲᠥᠷᠥᠯ ᠵᠦᠢᠯ ᠤᠨ ᠨᠥᠭᠡᠴᠡ ᠪᠡᠯᠡᠳᠬᠡᠯ ᠠᠵᠢᠯ ᠢ ᠰᠠᠶᠢᠲᠤᠷ ᠬᠢᠯᠭᠡᠨ᠎ᠡ᠃

      2.ᠭᠤᠣᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠᠨ ᠲᠦᠷᠭᠡᠳᠬᠡᠨ᠎ᠡ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ︵ᠨᠡᠭᠦᠷᠡᠰᠦᠨ ᠠᠭᠤᠷᠬᠠᠢ᠂ ᠨᠡᠭᠦᠷᠡᠰᠦᠨ ᠠᠭᠤᠷᠬᠠᠢ ᠶᠢᠨ ᠪᠤᠰᠤ ᠲᠥᠬᠦᠭᠡᠷᠦᠮᠵᠢ ᠵᠢᠴᠢ ᠴᠠᠬᠢᠯᠭᠠᠨ ᠬᠦᠴᠦᠨ ᠴᠠᠬᠢᠯᠭᠠᠨ ᠲᠣᠣᠷ ᠤᠨ ᠲᠥᠬᠦᠭᠡᠷᠦᠮᠵᠢ ᠪᠠᠭᠲᠠᠨ᠎ᠠ︶ ᠶᠢ ᠰᠢᠨᠡᠳᠬᠡᠨ ᠥᠭᠡᠷᠡᠴᠢᠯᠡᠬᠦ ᠲᠤᠰᠬᠠᠢ ᠲᠥᠰᠥᠯ ᠢ ᠲᠣᠭᠲᠠᠭᠠᠨ᠎ᠠ᠃ ᠳᠡᠭᠡᠳᠦ  ᠳᠡᠰᠵᠢᠭᠦᠯᠦᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠱᠠᠭᠠᠷᠳᠠᠯᠭ᠎ᠠ ᠶᠣᠰᠣᠭᠠᠷ᠂ ᠠᠵᠢᠯ ᠲᠥᠷᠥᠯ ᠤᠨ ᠪᠠᠷᠢᠮᠵᠢᠶ᠎ᠠ ᠪᠠᠷ ᠪᠠᠷᠢᠮᠵᠢᠶᠠᠯᠠᠵᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ᠂ ᠨᠢᠭᠡ ᠠᠵᠢᠯ ᠲᠥᠷᠥᠯ ᠳᠤ ᠨᠢᠭᠡ ᠠᠷᠭ᠎ᠠ ᠪᠣᠳᠣᠯᠭ᠎ᠠ᠂ ᠨᠢᠭᠡ ᠬᠡᠯᠬᠢᠶ᠎ᠡ ᠳᠤ ᠨᠢᠭᠡ ᠠᠷᠭ᠎ᠠ ᠪᠣᠳᠣᠯᠭ᠎ᠠ᠂ ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ︾ ᠶᠢ ᠪᠡᠶᠡᠯᠡᠭᠦᠯᠵᠦ᠂ ᠡᠯ᠎ᠡ ᠠᠵᠢᠯ ᠲᠥᠷᠥᠯ ᠤᠨ ᠰᠢᠨᠡᠳᠬᠡᠨ ᠥᠭᠡᠷᠡᠴᠢᠯᠡᠭᠰᠡᠨ ᠰᠢᠭᠤᠳ ᠦᠷ᠎ᠡ ᠠᠰᠢᠭ ᠪᠠ ᠳᠠᠶᠢᠴᠢᠯᠠᠬᠤ ᠦᠢᠯᠡᠳᠦᠯ ᠢ ᠭᠦᠨᠵᠡᠭᠡᠢ ᠵᠠᠳᠠᠯᠵᠤ ᠦᠨᠡᠯᠡᠨ ᠵᠢᠱᠢᠨ᠎ᠡ᠃ ᠬᠤᠭᠤᠴᠠᠭ᠎ᠠ ᠬᠡᠲᠦᠷᠡᠭᠦᠯᠦᠨ ᠬᠡᠷᠡᠭᠯᠡᠵᠦ ᠪᠠᠶᠢᠭ᠎ᠠ ᠬᠤᠴᠤᠷᠤᠩᠭᠤᠢ ᠮᠥᠷᠲᠡᠭᠡᠨ ᠦᠷ᠎ᠡ ᠠᠰᠢᠭ ᠢᠶᠠᠷ ᠳᠣᠣᠷ᠎ᠠ ᠲᠥᠬᠦᠭᠡᠷᠦᠮᠵᠢ᠂ ᠡᠨᠧᠷᠭᠢ ᠶᠢᠨ ᠬᠤᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠥᠬᠦᠭᠡᠷᠦᠮᠵᠢ᠂ ᠠᠮᠤᠷ ᠲᠦᠪᠰᠢᠨ ᠤ ᠭᠡᠮ ᠰᠣᠭᠤᠭ ᠲᠠᠢ ᠲᠥᠬᠦᠭᠡᠷᠦᠮᠵᠢ ᠶᠢ ᠰᠢᠭᠰᠢᠭᠳᠡᠭᠦᠯᠬᠦ ᠪᠠᠨ ᠲᠦᠷᠭᠡᠳᠬᠡᠵᠦ᠂ ᠲᠡᠷᠢᠭᠦᠨ ᠤ ᠲᠥᠬᠦᠭᠡᠷᠦᠮᠵᠢ᠂ ᠪᠣᠬᠢᠷᠲᠤᠯ ᠦᠭᠡᠢ ᠲᠥᠬᠦᠭᠡᠷᠦᠮᠵᠢ᠂ ᠣᠶᠤᠨᠴᠢᠯᠠᠭᠰᠠᠨ ᠲᠥᠬᠦᠭᠡᠷᠦᠮᠵᠢ ᠪᠠᠷ ᠰᠢᠨᠡᠳᠬᠡᠵᠦ ᠣᠷᠣᠯᠠᠭᠤᠯᠤᠨ᠂ ᠲᠥᠬᠦᠭᠡᠷᠦᠮᠵᠢ ᠶᠢ ᠰᠢᠨᠡᠳᠬᠡᠬᠦ ᠪᠠᠷ ᠠᠵᠤ ᠦᠢᠯᠡᠰ ᠤᠨ ᠲᠡᠰ ᠳᠡᠪᠰᠢᠬᠦ ᠶᠢ ᠳᠠᠶᠢᠴᠢᠯᠠᠨ᠎ᠠ᠃ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ᠂ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠵᠠᠪᠳᠤᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠵᠡᠷᠭᠡ ᠳᠠᠪᠠᠭᠤᠯᠢᠭ ᠲᠥᠬᠦᠭᠡᠷᠦᠮᠵᠢ ᠦᠢᠯᠡᠳᠬᠦ ᠦᠢᠯᠡᠰ ᠵᠢᠴᠢ ᠭᠡᠷ ᠤᠨ ᠴᠠᠬᠢᠯᠭᠠᠨ ᠬᠡᠷᠡᠭᠰᠡᠯ ᠦᠢᠯᠡᠳᠬᠦ ᠦᠢᠯᠡᠰ᠂ ᠮᠠᠰᠢᠨ ᠲᠡᠷᠭᠡᠨ ᠤ ᠤᠭᠰᠠᠷᠠᠭ᠎ᠠ ᠲᠣᠨᠤᠭ ᠤᠨ ᠦᠢᠯᠡᠰ ᠤᠨ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠠᠪᠤᠴᠠ ᠳᠤ ᠪᠠᠨ ᠬᠥᠭᠵᠢᠯᠲᠡ ᠪᠠᠨ ᠲᠦᠷᠭᠡᠳᠬᠡᠬᠦ ᠳᠤ ᠨᠢ ᠳᠡᠮᠵᠢᠯᠭᠡ ᠦᠵᠡᠭᠦᠯᠵᠦ᠂ ᠠᠩᠬᠠᠳᠤᠭᠠᠷ ᠢᠵᠢ ᠰᠠᠤᠷᠢ᠂ ᠳᠠᠯᠳᠠ ᠮᠠᠩᠯᠠᠢ᠂ ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ ᠵᠡᠷᠭᠡ ᠠᠵᠤ ᠠᠬᠤᠶᠢᠯᠠᠯ ᠤᠨ ᠲᠥᠬᠦᠭᠡᠷᠦᠮᠵᠢ ᠪᠠ ᠦᠢᠯᠡᠳᠬᠦᠨ ᠢᠶᠠᠨ ᠰᠢᠨᠡᠳᠬᠡᠬᠦ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠵᠠᠬ᠎ᠠ ᠳᠡᠯᠭᠡᠭᠦᠷ ᠤᠨ ᠨᠡᠭᠡᠭᠡᠯᠲᠡ ᠶᠢᠨ ᠠᠵᠢᠯᠯᠠᠭᠠᠨ ᠳᠤ ᠣᠷᠣᠯᠴᠠᠬᠤ ᠶᠢ ᠨᠢ ᠠᠬᠢᠭᠤᠯᠤᠨ ᠵᠣᠷᠢᠭᠵᠢᠭᠤᠯᠵᠤ᠂ ᠦᠢᠯᠡᠳᠬᠦᠨ ᠳᠤ ᠰᠢᠨ᠎ᠡ ᠶᠢ ᠡᠭᠦᠳᠬᠦ᠂ ᠮᠠᠲ᠋ᠧᠷᠢᠶᠠᠯ ᠳᠤ ᠰᠢᠨ᠎ᠡ ᠶᠢ ᠡᠭᠦᠳᠬᠦ᠂ ᠤᠷ᠎ᠠ ᠮᠡᠷᠭᠡᠰᠢᠯ ᠳᠤ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠨᠡᠭᠦᠷᠡᠰᠦᠨ ᠠᠭᠤᠷᠬᠠᠢ ᠶᠢᠨ ᠲᠥᠬᠦᠭᠡᠷᠦᠮᠵᠢ᠂ ᠴᠠᠬᠢᠯᠭᠠᠨ ᠬᠦᠴᠦᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠣᠳᠣᠯᠲᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳ᠋ᠠᠶᠢᠲ᠋ᠠ ᠶᠢᠨ ᠲᠥᠪ ᠤᠨ ᠪᠣᠳᠣᠯᠲᠠ᠂ ᠬᠠᠳᠠᠭᠠᠯᠠᠯᠲᠠ᠂ ᠲᠣᠣᠷ ᠰᠦᠯᠵᠢᠶ᠎ᠡ᠂ ᠠᠮᠤᠷ ᠲᠦᠪᠰᠢᠨ ᠤ ᠲᠠᠯ᠎ᠠ ᠶᠢᠨ ᠵᠡᠷᠭᠡ ᠬᠠᠭᠤᠴᠢᠷᠠᠭᠰᠠᠨ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ ᠪᠠᠨ ᠲᠦᠷᠭᠡᠳᠬᠡᠵᠦ᠂ ᠰᠢᠨ᠎ᠡ ᠬᠡᠯᠪᠡᠷᠢ ᠶᠢᠨ ᠣᠶᠤᠨᠴᠢ ᠪᠣᠳᠣᠯᠲᠠ ᠶᠢᠨ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠬᠦᠴᠦᠯᠡᠨ ᠠᠬᠢᠭᠤᠯᠤᠨ᠎ᠠ᠃

      3.ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠬᠦᠷᠢᠶ᠎ᠡ ᠴᠠᠷᠠᠭᠠᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ᠃ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠬᠦᠷᠢᠶ᠎ᠡ ᠴᠠᠷᠠᠭᠠᠨ ᠤ ᠲᠥᠬᠦᠭᠡᠷᠦᠮᠵᠢ ᠶᠢ ᠰᠢᠨᠡᠳᠬᠡᠬᠦ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠣᠷᠣᠨ ᠰᠠᠭᠤᠴᠠ ᠶᠢᠨ ᠴᠠᠬᠢᠯᠭᠠᠨ ᠱᠠᠲᠤ᠂ ᠤᠰᠤ ᠬᠠᠩᠭᠠᠬᠤ ᠤᠰᠤ ᠵᠠᠯᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ ᠪᠠ ᠰᠢᠨᠡᠳᠬᠡᠨ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠠᠮᠤᠷ ᠲᠦᠪᠰᠢᠨ ᠢ ᠡᠷᠬᠢᠮᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠭᠤᠴᠠᠭ᠎ᠠ ᠬᠡᠲᠦᠷᠡᠭᠦᠯᠦᠨ ᠬᠡᠷᠡᠭᠯᠡᠵᠦ ᠠᠯᠪᠠᠳᠠᠯᠭ᠎ᠠ ᠶᠢᠨ ᠴᠢᠨᠠᠷᠲᠠᠢ ᠰᠢᠭᠰᠢᠭᠳᠡᠭᠦᠯᠬᠦ ᠪᠠᠷᠢᠮᠵᠢᠶ᠎ᠠ ᠳᠤ ᠬᠦᠷᠦᠭᠰᠡᠨ ᠲᠥᠬᠦᠭᠡᠷᠦᠮᠵᠢ ᠶᠢ ᠡᠷᠡᠰ ᠰᠢᠭᠰᠢᠭᠳᠡᠭᠦᠯᠦᠨ ᠰᠢᠨᠡᠳᠬᠡᠵᠦ᠂ ᠬᠡᠷᠡᠭᠯᠡᠯᠲᠡ ᠳᠤ ᠣᠷᠣᠭᠠᠳ 15 ᠵᠢᠯ ᠬᠡᠲᠦᠷᠡᠭᠰᠡᠨ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢᠨ ᠠᠮᠤᠷ ᠲᠦᠪᠰᠢᠨ ᠢ ᠦᠨᠡᠯᠡᠨ ᠵᠢᠱᠢᠬᠦ ᠪᠠ ᠰᠢᠨᠡᠳᠬᠡᠨ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢᠨ ᠬᠠᠭᠤᠴᠢᠷᠠᠭᠰᠠᠨ ᠬᠤᠭᠤᠯᠠᠢ ᠭᠤᠤᠷᠰᠤ ᠶᠢ ᠰᠢᠨᠡᠳᠬᠡᠨ ᠥᠭᠡᠷᠡᠴᠢᠯᠡᠬᠦ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠵᠡᠷᠭᠡ ᠶᠢᠨ ᠲᠦᠭᠰᠢᠭᠦᠷᠢ ᠲᠠᠢ ᠴᠡᠭ ᠲᠤ ᠬᠢᠨᠠᠨ ᠰᠢᠨᠵᠢᠯᠲᠡ ᠬᠢᠬᠦ ᠪᠠᠨ ᠴᠢᠩᠭᠠᠷᠠᠭᠤᠯᠤᠨ᠂ ᠪᠣᠳᠠᠰᠯᠢᠭ ᠬᠤᠯᠪᠣᠭᠠᠲᠤ ᠰᠦᠯᠵᠢᠶ᠎ᠡ᠂ ᠣᠶᠤᠨᠴᠢ ᠰᠡᠷᠡᠯ ᠵᠡᠷᠭᠡ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠᠷ ᠳᠠᠮᠵᠢᠭᠤᠯᠤᠨ ᠬᠤᠲᠠ ᠶᠢᠨ ᠠᠮᠢᠨ ᠰᠤᠳᠠᠰᠤ ᠪᠣᠯᠬᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠢ ᠴᠢᠬᠤᠯᠠᠴᠢᠯᠠᠬᠤ ᠶᠢ ᠪᠠᠷᠢᠮᠲᠠᠯᠠᠵᠤ᠂ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠯᠠᠭᠠᠯᠠᠭ᠎ᠠ ᠶᠢᠨ ᠢᠨᠵᠧᠨᠧᠷᠢᠩ ᠵᠡᠷᠭᠡ ᠱᠠᠭᠠᠷᠳᠠᠯᠭ᠎ᠠ ᠲᠠᠢ ᠤᠶᠠᠯᠳᠤᠭᠤᠯᠤᠨ ᠢᠯᠴᠢ ᠬᠠᠩᠭᠠᠬᠤ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠤᠨ᠎ᠠ᠃ ᠭᠠᠳᠠᠷ ᠬᠡᠷᠡᠮ ᠤᠨ ᠳᠤᠯᠠᠭᠠᠨ ᠬᠠᠳᠠᠭᠠᠯᠠᠬᠤ᠂ ᠡᠭᠦᠳᠡ ᠴᠣᠩᠬᠤ᠂ ᠢᠯᠴᠢ ᠬᠠᠩᠭᠠᠬᠤ ᠲᠣᠨᠤᠭ ᠲᠥᠬᠦᠭᠡᠷᠦᠮᠵᠢ ᠵᠡᠷᠭᠡ ᠪᠠᠷ ᠭᠤᠣᠯᠳᠠᠯᠭ᠎ᠠ ᠪᠣᠯᠭᠠᠵᠤ᠂ ᠤᠭ ᠤᠨ ᠪᠠᠶᠢᠭᠰᠠᠨ ᠪᠠᠷᠢᠯᠭ᠎ᠠ ᠶᠢ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ ᠠᠵᠢᠯ ᠢ ᠢᠳᠡᠪᠬᠢᠲᠡᠢ ᠠᠬᠢᠭᠤᠯᠤᠨ᠎ᠠ᠃

      4.ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ᠂ ᠲᠠᠷᠢᠶᠠᠯᠠᠩ ᠤᠨ ᠬᠠᠭᠤᠴᠢᠷᠠᠭᠰᠠᠨ ᠮᠠᠰᠢᠨ ᠮᠧᠬᠠᠨᠢᠭ ᠢ ᠰᠢᠨᠡᠳᠬᠡᠬᠦ ᠪᠠᠨ ᠲᠦᠷᠭᠡᠳᠬᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠶᠢ ᠰᠢᠨᠡᠳᠬᠡᠬᠦ ᠲᠤᠰᠬᠠᠢ ᠲᠥᠰᠥᠯ ᠢ ᠲᠣᠭᠲᠠᠭᠠᠨ᠎ᠠ᠃ ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢ ᠴᠠᠬᠢᠯᠭᠠᠨ ᠬᠥᠳᠡᠯᠭᠡᠭᠦᠷᠲᠦ ᠪᠣᠯᠭᠠᠨ ᠣᠷᠣᠯᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠰᠢᠨᠡᠳᠬᠡᠵᠦ ᠬᠠᠯᠠᠬᠤ ᠶᠢ ᠳᠡᠮᠵᠢᠨ᠎ᠡ᠃ ᠤᠯᠤᠰ ᠤᠨ ᠭᠤᠷᠪᠠᠳᠤᠭᠠᠷ ᠱᠠᠲᠤ ᠦᠶ᠎ᠡ ᠶᠢᠨ ᠬᠢ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠲᠠᠢ ᠲᠡᠭᠡᠭᠡᠪᠦᠷᠢ ᠶᠢᠨ ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠰᠢᠭᠰᠢᠭᠳᠡᠭᠦᠯᠬᠦ ᠪᠠᠨ ᠲᠦᠷᠭᠡᠳᠬᠡᠨ᠎ᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡᠨ ᠤ ᠴᠠᠬᠢᠯᠭᠠᠨ ᠴᠡᠨᠡᠭᠯᠡᠬᠦ ᠱᠣᠩ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠠᠬᠢᠯᠭᠠᠨ ᠴᠡᠨᠡᠭᠯᠡᠬᠦ ᠱᠣᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠪᠠ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠬᠦ ᠳᠤ ᠬᠦᠴᠦᠨ ᠨᠡᠮᠡᠷᠢᠯᠡᠨ᠎ᠡ᠃ ᠲᠠᠷᠢᠶᠠᠯᠠᠩ ᠤᠨ ᠮᠠᠰᠢᠨ ᠮᠧᠬᠠᠨᠢᠭ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ  ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠪᠠ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠲᠦᠪᠰᠢᠨ ᠤ ᠱᠠᠲᠤ ᠦᠶ᠎ᠡ ᠲᠠᠢ ᠤᠶᠠᠯᠳᠤᠭᠤᠯᠤᠨ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠮᠧᠬᠠᠨᠢᠭ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠩ ᠤᠨ ᠮᠠᠰᠢᠨ ᠮᠧᠬᠠᠨᠢᠭ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠮᠧᠬᠠᠨᠢᠭ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠡᠮᠡᠭᠦᠷᠢ ᠶᠢᠨ ᠬᠡᠷᠡᠭᠵᠢᠭᠦᠯᠬᠦ ᠲᠥᠰᠥᠯ︾ ︵ᠥᠪᠥᠷ ᠲᠠᠷᠢᠶᠠᠯᠠᠩ ᠮᠠᠯ ᠠᠵᠤ ᠠᠬᠤᠢ ᠮᠠᠰᠢᠨ ᠲᠠᠷᠬᠠᠭᠠᠭᠰᠠᠨ ﹇2020﹈ 280 ᠳ᠋ᠤᠭᠠᠷ ᠲᠣᠭᠠᠲᠤ︶ ᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠡᠮᠡᠭᠦᠷᠢ ᠶᠢᠨ ᠪᠡᠯᠡ ᠮᠥᠩᠭᠦ ᠳᠤ ᠲᠦᠰᠢᠭᠯᠡᠨ᠂ ᠲᠷᠠᠺᠲ᠋ᠣᠷ᠂ ᠬᠠᠳᠤᠵᠤ ᠬᠤᠷᠢᠶᠠᠬᠤ ᠬᠠᠮ ᠮᠠᠰᠢᠨ᠂ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ᠂ ᠮᠠᠰᠢᠨᠲᠤ ᠰᠠᠭᠠᠭᠢᠭᠤᠷ ︵ᠰᠡᠪᠰᠡᠯᠦᠭᠦᠷ︶ ᠮᠠᠰᠢᠨ᠂ ᠮᠠᠰᠢᠨᠲᠤ ᠮᠥᠯᠢᠬᠦ ᠮᠠᠰᠢᠨ᠂ ᠲᠡᠵᠢᠭᠡᠯ ᠪᠣᠷᠳᠤᠭ᠎ᠠ ︵ᠡᠪᠡᠰᠦ︶ ᠶᠢᠨ ᠬᠡᠮᠬᠡᠯᠦᠭᠦᠷ ᠮᠠᠰᠢᠨ᠂ ᠡᠪᠡᠰᠦ ᠬᠡᠷᠴᠢᠬᠦ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ ᠨᠡᠮᠡᠭᠦᠷᠢ ᠥᠭᠭᠦᠨ᠎ᠡ᠃

      5.ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡᠨ ᠤ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡᠨ ᠤ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠬᠦ ᠲᠤᠰᠬᠠᠢ ᠲᠥᠰᠥᠯ ᠢ ᠲᠣᠰ ᠲᠣᠰ ᠲᠣᠭᠲᠠᠭᠠᠨ᠎ᠠ᠃ ᠳᠠᠳᠤᠯᠭ᠎ᠠ ᠪᠣᠯᠪᠠᠰᠤᠷᠠᠯ ᠲᠤᠷᠰᠢᠯᠲᠠ ᠶᠢᠨ ᠲᠥᠬᠦᠭᠡᠷᠦᠮᠵᠢ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠠᠭᠤᠷᠢᠨ ᠭᠠᠵᠠᠷ᠂ ᠰᠣᠯᠪᠢᠴᠠᠭᠰᠠᠨ ᠬᠢᠴᠢᠶᠡᠯ ᠰᠢᠨᠵᠢᠯᠡᠭᠡᠨ ᠤ ᠰᠠᠯᠠᠭᠠᠨ ᠳᠤ ᠪᠠᠴᠢᠮ ᠬᠡᠷᠡᠭᠰᠡᠬᠦ ᠲᠥᠬᠦᠭᠡᠷᠦᠮᠵᠢ᠂ ᠮᠡᠳᠡᠭᠡ ᠵᠠᠩᠭᠢᠴᠢᠯᠠᠯᠲᠠ ᠶᠢᠨ ᠪᠡᠯᠡᠳᠬᠡᠮᠵᠢ ᠲᠥᠬᠦᠭᠡᠷᠦᠮᠵᠢ᠂ ᠪᠣᠭᠤᠮᠢ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠵᠡᠷᠭᠡ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠᠷ ᠭᠤᠣᠯᠳᠠᠯᠭᠠᠲᠤ ᠴᠢᠭᠯᠡᠯ ᠪᠣᠯᠭᠠᠵᠤ᠂ ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠲᠡᠷᠢᠭᠦᠨ ᠤ ᠵᠢᠭᠠᠨ ᠰᠤᠷᠭᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠲᠥᠬᠦᠭᠡᠷᠦᠮᠵᠢ ᠪᠠᠨ ᠰᠢᠨᠡᠳᠬᠡᠵᠦ ᠰᠣᠯᠢᠬᠤ ᠶᠢ ᠨᠢ ᠠᠬᠢᠭᠤᠯᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠨᠢ ᠳᠡᠭᠡᠭᠰᠢᠯᠡᠭᠦᠯᠦᠨ᠎ᠡ᠃ ᠬᠢᠴᠢᠶᠡᠯ ᠰᠢᠨᠵᠢᠯᠡᠭᠡᠨ ᠤ ᠰᠠᠯᠠᠭᠠᠨ ᠤ ᠵᠢᠭᠠᠨ ᠰᠤᠷᠭᠠᠬᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠲᠣᠬᠢᠷᠠᠭᠤᠯᠬᠤ ᠶᠢᠨ ᠬᠠᠮᠲᠤ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢ ᠴᠠᠭ ᠲᠤᠬᠠᠢ ᠳᠤ ᠨᠢ ᠰᠢᠨᠡᠳᠬᠡᠨ᠎ᠡ᠃ ᠳᠡᠭᠦᠵᠢᠩ ᠵᠠᠮᠲᠤ ᠲᠠᠲᠠᠭᠤᠷ ᠲᠡᠷᠭᠡ᠂ ᠵᠤᠭᠠᠴᠠᠨ ᠨᠠᠭᠠᠳᠬᠤ ᠲᠥᠬᠦᠭᠡᠷᠦᠮᠵᠢ᠂ ᠤᠷᠠᠨ ᠲᠣᠭᠯᠠᠯᠲᠠ ᠶᠢᠨ ᠲᠥᠬᠦᠭᠡᠷᠦᠮᠵᠢ ᠵᠡᠷᠭᠡ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢ ᠰᠢᠨᠡᠳᠬᠡᠨ ᠳᠡᠭᠡᠭᠰᠢᠯᠡᠭᠦᠯᠬᠦ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠲᠣᠭᠲᠠᠭᠠᠯ ᠶᠣᠰᠣᠭᠠᠷ ᠰᠢᠭᠰᠢᠭᠳᠡᠭᠦᠯᠦᠨ ᠰᠢᠨᠡᠳᠬᠡᠵᠦ᠂ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠦᠬᠦ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠨᠤᠭ ᠲᠥᠬᠦᠭᠡᠷᠦᠮᠵᠢ ᠪᠠ ᠮᠡᠳᠡᠭᠡ ᠵᠠᠩᠭᠢᠴᠢᠯᠠᠯᠲᠠ ᠶᠢᠨ ᠪᠡᠯᠡᠳᠬᠡᠮᠵᠢ ᠶᠢ ᠬᠠᠯᠠᠨ ᠰᠠᠶᠢᠵᠢᠷᠠᠭᠤᠯᠵᠤ ᠳᠡᠰ ᠳᠡᠪᠰᠢᠭᠦᠯᠬᠦ ᠶᠢ ᠠᠬᠢᠭᠤᠯᠵᠤ᠂ ᠨᠥᠬᠦᠴᠡᠯ ᠪᠦᠷᠢᠳᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠨᠠᠭᠠᠬᠤ ᠤᠬᠠᠭᠠᠨ ᠤ ᠵᠢᠷᠤᠭ ᠳᠦᠷᠰᠦ᠂ ᠰᠠᠴᠤᠷᠠᠭ ᠵᠠᠰᠠᠯᠲᠠ᠂ ᠠᠯᠤᠰ ᠠᠴᠠ ᠣᠨᠣᠰᠢᠯᠠᠨ ᠡᠮᠨᠡᠬᠦ᠂ ᠮᠡᠰᠡ ᠵᠠᠰᠠᠯ ᠤᠨ ᠮᠠᠰᠢᠨ ᠬᠥᠮᠥᠨ ᠵᠡᠷᠭᠡ ᠡᠮᠴᠢᠯᠡᠭᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠪᠠᠨ ᠲᠦᠷᠭᠡᠳᠬᠡᠬᠦ ᠶᠢ ᠨᠢ ᠵᠣᠷᠢᠭᠵᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠥᠷᠥᠭᠡ ᠪᠠᠨ ᠥᠭᠡᠷᠡᠴᠢᠯᠡᠨ ᠰᠠᠶᠢᠵᠢᠷᠠᠭᠤᠯᠬᠤ ᠶᠢ ᠨᠢ ᠠᠬᠢᠭᠤᠯᠵᠤ᠂ ᠡᠪᠡᠳᠴᠢᠲᠡᠨ ᠤ ᠦᠷᠦᠭᠡ ᠶᠢᠨ ᠣᠷᠴᠢᠨ ᠨᠥᠬᠦᠴᠡᠯ ᠪᠠ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃

      ︵ᠬᠤᠶᠠᠷ︶ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯᠯᠠᠭᠠᠨ ᠢ ᠬᠡᠷᠡᠭᠵᠢᠭᠦᠯᠦᠨ᠎ᠡ᠃

      ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠠᠬᠢᠭᠤᠯᠬᠤ ᠲᠤᠰᠬᠠᠢ ᠠᠵᠢᠯᠯᠠᠭᠠᠨ ᠤ ᠲᠥᠰᠥᠯ ᠢ ᠲᠣᠭᠲᠠᠭᠠᠨ᠎ᠠ᠃ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠠᠵᠢᠯᠯᠠᠭᠠᠨ ᠢ ᠥᠷᠨᠢᠭᠦᠯᠵᠦ᠂ ᠤᠯᠤᠰ ᠤᠨ ᠭᠤᠷᠪᠠᠳᠤᠭᠠᠷ ᠱᠠᠲᠤ ᠦᠶ᠎ᠡ ᠶᠢᠨ ᠬᠢ ᠵᠢᠴᠢ ᠲᠡᠭᠦᠨ ᠠᠴᠠ ᠳᠣᠷᠣᠭᠰᠢᠬᠢ ᠪᠠᠷᠢᠮᠵᠢᠶ᠎ᠠ ᠲᠠᠢ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢ ᠠᠬᠢᠭᠤᠯᠬᠤ ᠶᠢᠨ ᠬᠠᠮᠲᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠳᠡᠮᠵᠢᠨ᠎ᠡ᠃ ᠮᠠᠰᠢᠨᠲᠤ ᠲᠡᠷᠭᠡ ᠶᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ ᠲᠡᠷᠭᠡ ᠬᠥᠰᠬᠡ ᠶᠢᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠨᠡᠶᠢᠴᠡᠭᠰᠡᠨ ᠬᠠᠭᠤᠴᠢᠷᠠᠭᠰᠠᠨ ᠮᠠᠰᠢᠨ ᠲᠡᠷᠭᠡ ᠶᠢ ᠬᠠᠤᠯᠢ ᠲᠣᠭᠲᠠᠭᠠᠯ ᠶᠣᠰᠣᠭᠠᠷ ᠰᠢᠭᠰᠢᠭᠳᠡᠭᠦᠯᠦᠨ᠎ᠡ᠃ ᠠᠷᠠᠯᠵᠢᠶᠠᠯᠠᠬᠤ᠂ ᠲᠡᠷᠭᠡᠨ ᠨᠣᠮᠧᠷ ᠬᠠᠳᠠᠬᠤ᠂ ᠭᠠᠳᠠᠭᠠᠳᠤ ᠳᠤ ᠭᠠᠷᠭᠠᠬᠤ᠂ ᠰᠡᠯᠪᠢᠨ ᠵᠠᠰᠠᠬᠤ ᠵᠡᠷᠭᠡ ᠮᠠᠰᠢᠨ ᠲᠡᠷᠭᠡᠨ ᠤ ᠬᠡᠷᠡᠭᠯᠡᠭᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠲᠣᠭᠤᠷᠢᠨ ᠳᠤ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠰᠢᠨ᠎ᠡ ᠪᠠᠷ ᠰᠣᠯᠢᠬᠤ ᠶᠢ ᠨᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠡᠷ ᠤᠨ ᠴᠠᠬᠢᠯᠭᠠᠨ ᠬᠡᠷᠡᠭᠰᠡᠯ ᠪᠣᠷᠣᠯᠠᠭᠤᠯᠬᠤ ᠠᠵᠤ ᠠᠬᠤᠶᠢᠯᠠᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭᠠᠨ ᠥᠷᠨᠢᠭᠦᠯᠬᠦ ᠶᠢ ᠨᠢ ᠳᠡᠮᠵᠢᠵᠦ᠂ ᠰᠦᠯᠵᠢᠶᠡᠨ ᠳᠤ ᠪᠠ ᠰᠦᠯᠵᠢᠶᠡᠨ ᠠᠴᠠ ᠭᠠᠳᠠᠨ᠎ᠠ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠲᠤᠰᠬᠠᠢ ᠪᠣᠯᠣᠩ ᠭᠠᠷᠭᠠᠵᠤ᠂ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠷ ᠡᠨᠧᠷᠭᠢ ᠠᠷᠪᠢᠯᠠᠬᠤ ᠰᠢᠨ᠎ᠡ ᠭᠡᠷ ᠤᠨ ᠴᠠᠬᠢᠯᠭᠠᠨ ᠬᠡᠷᠡᠭᠰᠡᠯ ᠰᠣᠯᠢᠵᠤ ᠬᠤᠳᠠᠯᠳᠤᠨ ᠠᠪᠤᠭᠰᠠᠨ ᠬᠡᠷᠡᠭᠯᠡᠭᠴᠢᠳ ᠲᠤ ᠬᠠᠷᠠᠭᠠᠯᠵᠠᠯ ᠦᠵᠡᠭᠦᠯᠦᠨ᠎ᠡ᠃ ᠭᠡᠷ ᠤᠨ ᠴᠢᠮᠡᠭᠯᠡᠯ ᠤᠨ ᠬᠡᠷᠡᠭᠯᠡᠭᠡ ᠶᠢᠨ ᠰᠢᠨᠡᠴᠢᠯᠡᠯᠲᠡ ᠶᠢ ᠠᠬᠢᠭᠤᠯᠤᠨ᠂ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠴᠢᠯᠠᠬᠤ ᠵᠠᠭᠪᠤᠷ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠣᠷᠣᠨ ᠰᠠᠭᠤᠴᠠ ᠪᠠᠨ ᠵᠠᠰᠠᠵᠤ ᠴᠢᠮᠡᠭᠯᠡᠬᠦ ᠶᠢ ᠨᠢ ᠳᠡᠮᠵᠢᠵᠦ᠂ ᠭᠡᠷ ᠤᠨ ᠭᠠᠯ ᠲᠣᠭᠤᠭᠠᠨ ᠤ ᠥᠷᠥᠭᠡ ᠪᠠ ᠠᠷᠢᠭᠤᠨ ᠴᠡᠪᠡᠷ ᠤᠨ ᠲᠠᠰᠤᠭ ᠢᠶᠠᠨ ᠵᠠᠰᠠᠵᠤ ᠴᠢᠮᠡᠭᠯᠡᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠦᠨ᠂ ᠰᠢᠨᠡᠳᠬᠡᠬᠦ ᠪᠠᠷ ᠪᠠᠶᠢᠭ᠎ᠠ ᠪᠦᠬᠦᠨ ᠢ ᠰᠢᠨᠡᠳᠬᠡᠬᠦ ᠶᠢ ᠪᠡᠶᠡᠯᠡᠭᠦᠯᠵᠦ᠂ ᠭᠡᠷ ᠤᠨ ᠴᠢᠮᠡᠭᠯᠡᠯ ᠤᠨ ᠥᠯᠢᠭᠡᠷ ᠥᠷᠥᠭᠡ ᠶᠢ ᠬᠤᠳᠠᠯᠳᠤᠭᠠᠨ ᠤ ᠲᠠᠯᠠᠪᠠᠶ᠂ ᠨᠡᠶᠢᠭᠡᠮ ᠲᠣᠭᠤᠷᠢᠭ᠂ ᠲᠠᠪᠴᠠᠩ ᠳᠤ ᠣᠷᠣᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠬᠡᠶᠢᠰᠪᠦᠷᠢ ᠪᠠ ᠠᠬᠤᠶᠢᠴᠢ ᠮᠡᠷᠭᠡᠵᠢᠯ᠂ ᠰᠢᠭᠤᠳ ᠨᠡᠪᠲᠡᠷᠡᠭᠦᠯᠭᠡ ᠵᠡᠷᠭᠡ ᠠᠷᠭ᠎ᠠ ᠮᠠᠶ᠋ᠢᠭ ᠢᠶᠠᠷ ᠰᠦᠯᠵᠢᠶᠡᠨ ᠳᠤ ᠥᠯᠢᠭᠡᠷ ᠤᠨ ᠥᠷᠥᠭᠡᠨ ᠤ ᠦᠵᠡᠭᠦᠯᠭᠡ᠂ ᠤᠬᠠᠭᠤᠯᠭ᠎ᠠ ᠵᠡᠷᠭᠡ ᠡᠵᠡᠩᠨᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠶᠢ ᠨᠢ ᠵᠣᠷᠢᠭᠵᠢᠭᠤᠯᠤᠨ᠎ᠠ᠃

      ︵ᠭᠤᠷᠪᠠ︶ ᠡᠭᠡᠭᠦᠯᠦᠨ ᠬᠤᠷᠢᠶᠠᠵᠤ ᠣᠷᠴᠢᠯᠳᠤᠭᠤᠯᠤᠨ ᠠᠰᠢᠭᠯᠠᠬᠤ ᠠᠵᠢᠯᠯᠠᠭᠠᠨ ᠢ ᠬᠡᠷᠡᠭᠵᠢᠭᠦᠯᠦᠨ᠎ᠡ᠃

      1.ᠣᠷᠴᠢᠯᠳᠤᠭᠤᠯᠤᠨ ᠠᠰᠢᠭᠯᠠᠬᠤ ᠠᠵᠤ ᠦᠢᠯᠡᠰ ᠢ ᠳᠠᠭᠠᠭᠠᠨ ᠠᠪᠴᠤ ᠵᠠᠯᠭᠠᠭᠤᠯᠤᠨ ᠬᠥᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠵᠡᠷᠭᠡ ᠬᠠᠮᠢᠶ᠎ᠠ ᠪᠦᠬᠦᠢ ᠠᠶᠢᠮᠠᠭ ᠬᠤᠲᠠ ᠲᠠᠢ ᠬᠠᠮᠲᠤᠷᠠᠨ ᠪᠡᠭᠡᠵᠢᠩ ᠲᠢᠶᠠᠨᠵᠢᠨ ᠾᠧᠪᠧᠢ ᠶᠢ ᠬᠠᠮᠵᠢᠯᠴᠠᠭᠤᠯᠤᠨ ᠬᠥᠭᠵᠢᠭᠦᠯᠬᠦ ᠳᠤ ᠢᠳᠡᠪᠬᠢᠲᠡᠢ ᠠᠭᠤᠰᠤᠯᠴᠠᠵᠤ᠂ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡ᠂ ᠬᠠᠶᠠᠭᠳᠠᠮᠠᠯ ᠬᠠᠭᠤᠴᠢᠷᠠᠭᠰᠠᠨ ᠭᠡᠷ ᠤᠨ ᠴᠠᠬᠢᠯᠭᠠᠨ ᠬᠡᠷᠡᠭᠰᠡᠯ ᠵᠡᠷᠭᠡ ᠬᠠᠶᠠᠭᠳᠠᠮᠠᠯ ᠬᠠᠭᠤᠴᠢᠷᠠᠭᠰᠠᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠢ ᠳᠠᠭᠠᠭᠠᠨ ᠠᠪᠴᠤ ᠵᠠᠯᠭᠠᠭᠤᠯᠤᠨ᠂ ᠥᠪᠥᠷ ᠮᠣᠩᠭᠤᠯ — ᠪᠡᠭᠡᠵᠢᠩ ᠤᠨ ᠵᠣᠯᠭᠠᠭᠤᠯᠵᠤ ᠬᠠᠮᠲᠤᠷᠠᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠰᠦᠪᠡᠭᠴᠢᠯᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠪᠣᠶᠢᠵᠢᠭᠤᠯᠬᠤ ᠪᠠ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃

      2.ᠬᠠᠶᠠᠭᠳᠠᠮᠠᠯ ᠬᠠᠭᠤᠴᠢᠷᠠᠭᠰᠠᠨ ᠦᠢᠯᠡᠳᠬᠦᠨ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶᠠᠨ ᠤ ᠰᠦᠯᠵᠢᠶᠡᠨ ᠤ ᠲᠣᠭᠲᠠᠯᠴᠠᠭᠠᠨ ᠤ ᠳᠠᠪᠠᠭᠤᠯᠢᠭ ᠢ ᠪᠠᠳᠠᠷᠠᠭᠤᠯᠵᠤ᠂ ᠡᠮᠦᠨ᠎ᠡ ᠦᠵᠦᠭᠦᠷ ᠤᠨ ᠡᠭᠡᠭᠦᠯᠦᠨ ᠬᠤᠷᠢᠶᠠᠬᠤ ᠪᠠ ᠬᠤᠶᠢᠨ᠎ᠠ ᠦᠵᠦᠭᠦᠷ ᠤᠨ ᠵᠠᠬ᠎ᠠ ᠳᠡᠯᠭᠡᠭᠦᠷ ᠢ ᠪᠦᠲᠦᠮᠵᠢᠲᠡᠶ ᠵᠠᠯᠭᠠᠭᠤᠯᠬᠤ ᠪᠠᠨ ᠴᠢᠩᠭᠠᠳᠬᠠᠨ᠎ᠠ᠃ ᠪᠠᠷᠢᠮᠵᠢᠶᠠᠵᠢᠭᠤᠯᠤᠭᠰᠠᠨ᠂ ᠵᠢᠷᠤᠮᠵᠢᠭᠰᠠᠨ ᠡᠭᠡᠭᠦᠯᠦᠨ ᠬᠤᠷᠢᠶᠠᠬᠤ ᠴᠡᠭ᠂ ᠥᠷᠲᠡᠭᠡ᠂ ᠲᠠᠯᠠᠪᠠᠢ ᠶᠢᠨ ᠭᠤᠷᠪᠠᠨ ᠱᠠᠲᠤᠨ ᠤ ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ︽ᠰᠢᠨ᠎ᠡ ᠪᠠᠷ ᠰᠣᠯᠢᠬᠤ + ᠡᠭᠡᠭᠦᠯᠦᠨ ᠬᠤᠷᠢᠶᠠᠬᠤ︾ ᠵᠠᠮ ᠱᠤᠭᠤᠮ ᠢ ᠪᠠᠶᠢᠭᠤᠯᠬᠤ ᠶᠢ ᠨᠢ ᠠᠬᠢᠭᠤᠯᠤᠨ᠂ ᠪᠠᠷᠠᠭᠠᠨ ᠤ ᠰᠥᠷᠭᠡᠦ ᠭᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠬᠠᠶᠠᠭᠳᠠᠮᠠᠯ ᠬᠠᠭᠤᠴᠢᠷᠠᠭᠰᠠᠨ ᠦᠢᠯᠡᠳᠬᠦᠨ ᠢ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠂ ᠡᠭᠡᠭᠦᠯᠦᠨ ᠬᠤᠷᠢᠶᠠᠵᠤ ᠣᠷᠴᠢᠯᠳᠤᠭᠤᠯᠤᠨ ᠠᠰᠢᠭᠯᠠᠬᠤ ᠬᠡᠯᠬᠢᠶ᠎ᠡ ᠶᠢ ᠰᠢᠯᠤᠭᠤᠳᠬᠠᠨ᠂ ᠰᠠᠶᠢᠨ ᠣᠷᠴᠢᠯ ᠢ ᠪᠣᠶ ᠪᠣᠯᠭᠠᠨ᠎ᠠ᠃

      3.ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ ᠲᠦᠷᠭᠡᠳᠬᠡᠨ᠎ᠡ᠃ ︽ᠢᠨᠲ᠋ᠧᠷ ᠰᠦᠯᠵᠢᠶ᠎ᠡ + ᠭᠠᠷ ᠳᠠᠮᠵᠢᠭᠰᠠᠨ ᠲᠠᠸᠠᠷ︾ ᠤᠨ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ᠂ ᠭᠠᠷ ᠳᠠᠮᠵᠢᠭᠰᠠᠨ ᠲᠠᠸᠠᠷ ᠤᠨ ᠲᠣᠣᠷ ᠰᠦᠯᠵᠢᠶᠡᠨ ᠤ ᠠᠷᠠᠯᠵᠢᠶᠠᠨ ᠤ ᠲᠠᠪᠴᠠᠩ ᠤᠨ ᠵᠢᠷᠤᠮᠵᠢᠭᠤᠨ ᠬᠥᠭᠵᠢᠯᠲᠡ ᠶᠢ ᠠᠬᠢᠭᠤᠯᠵᠤ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠠᠷᠠᠯᠵᠢᠶᠠᠯᠠᠬᠤ ᠶᠢ ᠲᠦᠷᠭᠡᠳᠬᠡᠨ᠂ ᠭᠠᠷ ᠳᠠᠮᠵᠢᠭᠰᠠᠨ ᠲᠠᠸᠠᠷ ᠤᠨ ᠠᠷᠠᠯᠵᠢᠶᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠷᠠᠯᠵᠢᠶᠠᠨ ᠤ ᠲᠠᠪᠴᠠᠩ᠂ ᠪᠣᠷᠣᠯᠠᠭᠤᠯᠤᠭᠴᠢᠳ᠂ ᠬᠡᠷᠡᠭᠯᠡᠭᠴᠢᠳ᠂ ᠠᠵᠢᠯᠯᠠᠭᠰᠠᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ᠎ᠠ᠃ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠭᠠᠷᠳᠠᠮ ᠢ ᠳᠥᠭᠦᠮᠴᠢᠯᠡᠨ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠠᠬᠢᠭᠤᠯᠵᠤ᠂ ᠭᠠᠷ ᠳᠠᠮᠵᠢᠭᠰᠠᠨ ᠠᠷᠠᠯᠵᠢᠶᠠᠨ ᠤ ᠡᠯᠧᠺᠲᠷᠣᠨ ᠦᠢᠯᠡᠳᠬᠦᠨ ᠤ ᠠᠷᠠᠯᠵᠢᠶᠠᠯᠠᠬᠤ ᠶᠢ ᠵᠢᠷᠤᠮᠵᠢᠭᠤᠯᠬᠤ ᠶᠢ ᠠᠬᠢᠭᠤᠯᠵᠤ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠬᠤ ᠵᠢᠴᠢ ᠮᠠᠭᠤ ᠰᠠᠨᠠᠭᠠᠯᠠᠵᠤ ᠰᠡᠷᠭᠦᠭᠡᠬᠦ ᠶᠢ ᠰᠡᠷᠭᠡᠶᠢᠯᠡᠨ᠎ᠡ᠃ ᠭᠠᠷ ᠤᠲᠠᠰᠤ᠂ ᠬᠠᠪᠲᠠᠭᠠᠢ ᠺᠣᠮᠫᠢᠦ᠋ᠲ᠋ᠧᠷ᠂ ᠣᠶᠤᠨᠴᠢ ᠭᠠᠷ ᠴᠠᠭ ᠵᠡᠷᠭᠡ ᠡᠯᠧᠺᠲᠷᠣᠨ ᠦᠢᠯᠡᠳᠬᠦᠨ ᠪᠣᠷᠣᠯᠠᠭᠤᠯᠬᠤ ᠠᠵᠤ ᠠᠬᠤᠶᠢᠯᠠᠯ ᠢ ᠳᠡᠮᠵᠢᠵᠦ ᠪᠠᠶᠢᠭᠠᠳ ᠭᠠᠷ ᠳᠠᠮᠵᠢᠭᠰᠠᠨ ᠦᠢᠯᠡᠳᠬᠦᠨ ᠢ ᠬᠢᠨᠠᠨ ᠲᠣᠭᠲᠠᠭᠠᠬᠤ᠂ ᠰᠢᠨᠡᠳᠬᠡᠵᠦ ᠰᠡᠯᠪᠢᠨ ᠵᠠᠰᠠᠬᠤ ᠪᠠ ᠪᠣᠷᠣᠯᠠᠭᠤᠯᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃

      4.ᠳᠠᠬᠢᠨ ᠦᠢᠯᠡᠳᠬᠦ ᠠᠵᠤ ᠦᠢᠯᠡᠰ ᠢ ᠪᠣᠶᠢᠵᠢᠭᠤᠯᠬᠤ ᠪᠠ ᠦᠢᠯᠡᠳᠬᠦᠨ ᠢ ᠱᠠᠲᠤᠯᠢᠭ ᠢᠶᠠᠷ ᠠᠰᠢᠭᠯᠠᠬᠤ ᠪᠠᠨ ᠲᠦᠷᠭᠡᠳᠬᠡᠨ᠎ᠡ᠃ ᠬᠡᠷᠡᠭᠴᠡᠭᠡᠨ ᠠᠴᠠ ᠭᠠᠷᠤᠭᠰᠠᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠭᠡᠷᠡᠯᠴᠢ ᠴᠡᠨᠡᠭ ᠤᠨ ᠲᠥᠬᠦᠭᠡᠷᠦᠮᠵᠢ ᠶᠢ ᠣᠷᠴᠢᠯᠳᠤᠭᠤᠯᠤᠨ ᠠᠰᠢᠭᠯᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ᠢ ᠰᠤᠳᠤᠯᠤᠨ ᠲᠣᠭᠲᠠᠭᠠᠨ᠎ᠠ᠃ ᠬᠠᠮᠢᠶ᠎ᠠ ᠪᠦᠬᠦᠢ ᠠᠶᠢᠮᠠᠭ ᠬᠤᠲᠠ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠵᠡᠷᠭᠡ ᠬᠡᠷᠡᠭᠴᠡᠭᠡᠨ ᠠᠴᠠ ᠭᠠᠷᠤᠭᠰᠠᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠡᠭᠡᠭᠦᠯᠦᠨ ᠬᠤᠷᠢᠶᠠᠵᠤ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠡᠷᠡᠭᠴᠡᠭᠡᠨ ᠠᠴᠠ ᠭᠠᠷᠤᠭᠰᠠᠨ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠡᠭᠡᠭᠦᠯᠦᠨ ᠬᠤᠷᠢᠶᠠᠵᠤ ᠥᠷᠲᠡᠭ ᠶᠡᠭᠡ ᠲᠠᠢ ᠪᠠᠷ ᠠᠰᠢᠭᠯᠠᠬᠤ ᠵᠡᠷᠭᠡ ᠲᠠᠯ᠎ᠠ ᠶᠢᠨ ᠭᠤᠣᠯᠯᠠᠬᠤ ᠵᠠᠩᠭᠢᠯᠠᠭ᠎ᠠ ᠶᠢᠨ ᠮᠡᠷᠭᠡᠵᠢᠯ ᠤᠨ ᠲᠠᠯ᠎ᠠ ᠳᠤ ᠪᠣᠭᠤᠮᠲᠠ ᠰᠢᠪᠲᠤᠯᠵᠤ᠂ ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠢ ᠱᠠᠲᠤᠯᠢᠭ ᠢᠶᠠᠷ ᠠᠰᠢᠭᠯᠠᠬᠤ ᠶᠢ ᠠᠬᠢᠭᠤᠯᠤᠨ᠎ᠠ᠃

      5.ᠡᠬᠢ ᠪᠠᠶᠠᠯᠢᠭ ᠢ ᠥᠨᠳᠥᠷ ᠲᠦᠪᠰᠢᠨ ᠢᠶᠠᠷ ᠳᠠᠬᠢᠨ ᠠᠰᠢᠭᠯᠠᠬᠤ ᠶᠢ ᠠᠬᠢᠭᠤᠯᠤᠨ᠎ᠠ᠃ ᠬᠡᠷᠡᠭᠯᠡᠭᠡᠨ ᠠᠴᠠ ᠭᠠᠷᠤᠭᠰᠠᠨ ᠮᠠᠰᠢᠨ ᠲᠡᠷᠭᠡ᠂ ᠬᠡᠷᠡᠭᠴᠡᠭᠡᠨ ᠠᠴᠠ ᠭᠠᠷᠤᠭᠰᠠᠨ ᠭᠡᠷᠡᠯᠴᠢ ᠴᠡᠨᠡᠭ ᠤᠨ ᠲᠣᠨᠣᠭᠯᠠᠯ᠂ ᠬᠠᠶᠠᠭᠳᠠᠮᠠᠯ ᠬᠠᠭᠤᠴᠢᠷᠠᠭᠰᠠᠨ ᠭᠡᠷ ᠤᠨ ᠴᠠᠬᠢᠯᠭᠠᠨ ᠬᠡᠷᠡᠭᠰᠡᠯ᠂ ᠬᠠᠶᠠᠭᠳᠠᠮᠠᠯ ᠬᠠᠭᠤᠴᠢᠷᠠᠭᠰᠠᠨ ᠳ᠋ᠢᠶᠠᠨ ᡂᠢ᠂ ᠬᠠᠶᠠᠭᠳᠠᠮᠠᠯ ᠬᠠᠭᠤᠴᠢᠷᠠᠭᠰᠠᠨ ᠳᠤᠭᠤᠶᠢᠯᠠᠪᠤᠷᠢ ᠵᠡᠷᠭᠡ ᠳᠠᠬᠢᠯᠲᠠ ᠡᠬᠢ ᠪᠠᠶᠠᠯᠢᠭ ᠢ ᠲᠥᠷᠥᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠲᠠᠨᠢᠯᠴᠠᠭᠤᠯᠭ᠎ᠠ ᠪᠠᠨ ᠴᠢᠩᠭᠠᠳᠬᠠᠵᠤ᠂ ᠴᠢᠨᠠᠷ ᠰᠠᠶᠢᠲᠠᠢ ᠳᠠᠬᠢᠯᠲᠠ ᠡᠬᠢ ᠪᠠᠶᠠᠯᠢᠭ ᠢ ᠭᠠᠳᠠᠭᠠᠳᠤ ᠠᠴᠠ ᠣᠷᠣᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ 18 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ᠂ ᠳᠠᠬᠢᠯᠲᠠ ᠡᠬᠢ ᠪᠠᠶᠠᠯᠢᠭ ᠢ ᠪᠣᠯᠪᠠᠰᠤᠷᠠᠭᠤᠯᠵᠤ ᠠᠰᠢᠭᠯᠠᠬᠤ ᠠᠵᠤ ᠠᠬᠤᠶᠢᠯᠠᠯ ᠤᠨ ᠪᠥᠭᠡᠮᠨᠡᠷᠡᠨ᠂ ᠬᠡᠪᠴᠢᠶᠡᠵᠢᠨ ᠬᠥᠭᠵᠢᠬᠦ ᠶᠢ ᠠᠬᠢᠭᠤᠯᠵᠤ᠂ ᠦᠷ᠎ᠡ ᠠᠰᠢᠭ ᠪᠠᠷᠤᠭᠲᠠᠢ ᠦᠢᠯᠡᠳᠪᠦᠷᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠪᠤᠴᠠᠭᠠᠨ ᠭᠠᠷᠭᠠᠬᠤ ᠶᠢ ᠬᠥᠲᠥᠯᠥᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠣᠳᠠᠲᠠᠢ ᠲᠠᠢ ᠤᠶᠠᠯᠳᠤᠭᠤᠯᠤᠨ᠂ ᠬᠠᠶᠠᠭᠳᠠᠮᠠᠯ ᠪᠣᠯᠣᠳ ᠲᠡᠮᠦᠷ᠂ ᠬᠠᠶᠠᠭᠳᠠᠮᠠᠯ ᠥᠩᠭᠡᠲᠦ ᠲᠡᠮᠦᠷᠯᠢᠭ᠂ ᠬᠠᠶᠠᠭᠳᠠᠮᠠᠯ ᠰᠦᠯᠢᠶᠥᠦ ᠵᠡᠷᠭᠡ ᠳᠠᠬᠢᠯᠲᠠ ᠡᠬᠢ ᠪᠠᠶᠠᠯᠢᠭ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠨᠢᠭᠡ ᠪᠦᠯᠦᠭ ᠠᠵᠤ ᠦᠢᠯᠡᠰ ᠤᠨ ᠲᠥᠷᠥᠯ ᠵᠦᠢᠯ ᠪᠠᠶᠢᠭᠤᠯᠬᠤ ᠶᠢ ᠳᠡᠮᠵᠢᠵᠦ᠂ ᠣᠷᠴᠢᠯᠳᠤᠭᠤᠯᠤᠨ ᠠᠰᠢᠭᠯᠠᠭᠰᠠᠨ ᠭᠡᠳᠡᠷᠭᠦ ᠲᠤᠰᠠᠯᠠᠬᠤ ᠨᠥᠯᠥᠭᠡᠯᠡᠯ ᠢ ᠪᠤᠶ ᠪᠣᠯᠭᠠᠨ᠎ᠠ᠃

      ︵ᠳᠥᠷᠪᠡ︶ ᠪᠠᠷᠢᠮᠵᠢᠶ᠎ᠠ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃

      1.ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ᠂ ᠮᠡᠷᠭᠡᠵᠢᠯ ᠤᠨ ᠪᠠᠷᠢᠮᠵᠢᠶ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠠᠷᠢᠮᠵᠢᠶ᠎ᠠ ᠳᠡᠭᠡᠭᠰᠢᠯᠡᠭᠦᠯᠬᠦ ᠲᠤᠰᠬᠠᠢ ᠲᠥᠰᠥᠯ ᠢ ᠲᠣᠭᠲᠠᠭᠠᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠵᠦ᠂ ᠠᠭᠠᠷ ᠮᠠᠨᠳᠠᠯ᠂ ᠤᠰᠤᠨ ᠤ ᠪᠣᠬᠢᠷᠲᠤᠯ ᠪᠣᠳᠠᠰ ᠵᠡᠷᠭᠡ ᠶᠢᠨ ᠭᠠᠳᠠᠭᠰᠢᠯᠠᠭᠤᠯᠤᠯᠲᠠ ᠶᠢᠨ ᠡᠵᠡᠮᠳᠡᠯ ᠤᠨ ᠲᠦᠪᠰᠢᠨ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ᠂ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠪᠠ ᠰᠠᠭᠤᠳᠠᠯ ᠤᠨ ᠮᠠᠰᠢᠨ ᠲᠡᠷᠭᠡ᠂ ᠬᠦᠨᠳᠦ ᠬᠡᠯᠪᠡᠷᠢ ᠶᠢᠨ ᠬᠤᠳᠠᠯᠳᠤᠭᠠᠨ ᠤ ᠬᠡᠷᠡᠭᠯᠡᠭᠡᠨ ᠤ ᠮᠠᠰᠢᠨ ᠲᠡᠷᠭᠡᠨ ᠤ ᠡᠨᠧᠷᠭᠢ ᠶᠢᠨ ᠬᠤᠷᠣᠭᠳᠠᠯ ᠤᠨ ᠬᠡᠮᠵᠢᠶᠡᠨ ᠤ ᠬᠡᠮᠵᠢᠭᠳᠡᠯ ᠤᠨ ᠬᠠᠮᠢᠶ᠎ᠠ ᠪᠦᠬᠦᠢ ᠬᠢᠵᠠᠭᠠᠷᠯᠠᠯ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠣᠭᠠᠴᠠᠭᠠᠯᠠᠬᠤ ᠵᠡᠷᠭᠡ ᠬᠦᠷᠢᠶ᠎ᠡ ᠴᠠᠷᠠᠭᠠᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ ᠲᠥᠬᠦᠭᠡᠷᠦᠮᠵᠢ ᠶᠢ ᠬᠠᠮᠢᠶᠠᠷᠬᠤ᠂ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠥᠷᠨᠢᠭᠦᠯᠵᠦ᠂ ᠤᠯᠤᠰ ᠤᠨ ᠬᠠᠮᠢᠶ᠎ᠠ ᠪᠦᠬᠦᠢ ᠪᠠᠷᠢᠮᠵᠢᠶᠠᠨ ᠤ ᠲᠣᠭᠲᠠᠯᠴᠠᠭ᠎ᠠ ᠳᠤ ᠠᠰᠢᠭᠲᠠᠢ ᠨᠥᠬᠦᠪᠦᠷᠢ ᠬᠠᠩᠭᠠᠨ᠎ᠠ᠃

      2.ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠨ ᠴᠢᠩᠭᠠᠷᠠᠭᠤᠯᠤᠨ᠎ᠠ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠦᠢᠯᠡᠳᠬᠦᠨ᠂ ᠡᠯᠧᠺᠲᠷᠣᠨ ᠬᠡᠷᠡᠭᠯᠡᠭᠡ᠂ ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ ᠨᠢᠰᠬᠡᠯ ᠵᠡᠷᠭᠡ ᠬᠦᠷᠢᠶ᠎ᠡ ᠴᠠᠷᠠᠭᠠᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠬᠤᠭᠤᠴᠠᠭ᠎ᠠ ᠬᠢᠵᠠᠭᠠᠷ ᠪᠠ ᠡᠨᠧᠷᠭᠢ ᠠᠷᠪᠢᠯᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠦᠨ᠎ᠡ᠃ ᠬᠡᠷᠡᠭᠯᠡᠭᠡ ᠶᠢᠨ ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠴᠠᠬᠢᠭᠤᠷ᠂ ᠬᠤᠪᠣᠷ ᠰᠢᠷᠣᠢ᠂ ᠪᠣᠯᠣᠳ ᠲᠡᠮᠦᠷ ᠵᠡᠷᠭᠡ ᠦᠢᠯᠡᠳᠬᠦᠨ ᠤ ᠲᠣᠭᠤᠷᠢᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠣᠭᠠᠴᠠᠭᠠᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠤᠷᠢᠨ ᠳᠤ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠱᠣᠰᠢᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃ ᠪᠣᠬᠢᠷᠳᠤᠯ ᠦᠭᠡᠢ ᠶᠢᠨ ᠭᠡᠷᠡᠴᠢᠯᠡᠭᠡ᠂ ᠣᠷᠭᠠᠨᠢᠭ ᠦᠢᠯᠡᠳᠬᠦᠨ ᠤ ᠭᠡᠷᠡᠴᠢᠯᠡᠭᠡ ᠪᠠ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠦᠢᠯᠡᠳᠬᠦᠨ ᠤ ᠭᠡᠷᠡᠴᠢᠯᠡᠭᠡ ᠵᠡᠷᠭᠡ ᠳᠡᠭᠡᠳᠦ ᠳᠡᠰ ᠤᠨ ᠴᠢᠨᠠᠷ ᠴᠢᠨᠰᠠᠭ᠎ᠠ ᠶᠢᠨ ᠭᠡᠷᠡᠴᠢᠯᠡᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃

      3.ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠠᠬᠢᠭᠤᠯᠤᠨ᠎ᠠ᠃ ᠪᠣᠬᠢᠷᠲᠤᠯ ᠦᠭᠡᠢ ᠵᠢᠷᠤᠭ ᠲᠥᠯᠥᠪᠯᠡᠭᠡ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ᠂ ᠡᠯᠧᠺᠲᠷᠣᠨ ᠦᠢᠯᠡᠳᠬᠦᠨ ᠤ ᠭᠠᠷ ᠳᠠᠮᠵᠢᠭᠰᠠᠨ ᠠᠷᠠᠯᠵᠢᠶ᠎ᠠ ᠵᠡᠷᠭᠡ ᠬᠦᠷᠢᠶ᠎ᠡ ᠴᠠᠷᠠᠭᠠᠨ ᠳᠠᠬᠢ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ᠂ ᠳᠡᠯᠭᠡᠷᠡᠭᠦᠯᠦᠨ ᠬᠡᠷᠡᠭᠯᠡᠬᠦ ᠪᠠ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠥᠬᠦᠴᠡᠯ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ᠂ ᠪᠠᠷᠢᠮᠵᠢᠶᠠᠵᠢᠭᠤᠯᠤᠭᠰᠠᠨ ᠮᠡᠷᠭᠡᠵᠢᠯ ᠤᠨ ᠺᠣᠮᠢᠰ ᠵᠡᠷᠭᠡ ᠶᠢᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠤᠯᠤᠰ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ ᠣᠷᠤᠯᠴᠠᠬᠤ ᠪᠠᠷ ᠢᠳᠡᠪᠬᠢᠲᠡᠢ ᠭᠤᠶᠤᠴᠢᠯᠠᠬᠤ ᠶᠢ ᠨᠢ ᠳᠡᠮᠵᠢᠨ᠎ᠠ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠵᠡᠰ ᠤᠨ ᠠᠵᠤ ᠦᠢᠯᠡᠰ ᠵᠡᠷᠭᠡ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠢ ᠥᠷᠨᠢᠭᠦᠯᠦᠨ᠎ᠡ᠃

      4.ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠪᠠᠷᠢᠮᠵᠢᠶᠠᠨ ᠤ ᠬᠠᠮᠲᠤᠷᠠᠯᠴᠠᠭ᠎ᠠ ᠵᠣᠯᠭᠠᠯᠴᠠᠭ᠎ᠠ ᠶᠢ ᠴᠢᠩᠭᠠᠳᠬᠠᠨ᠎ᠠ᠃ ᠮᠣᠩᠭᠤᠯ ᠤᠯᠤᠰ ᠤᠨ ᠪᠠᠷᠢᠮᠵᠢᠶᠠᠵᠢᠭᠤᠯᠤᠭᠰᠠᠨ ︵ᠥᠪᠥᠷ ᠮᠣᠩᠭᠤᠯ︶ ᠰᠤᠳᠤᠯᠭᠠᠨ ᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠰ᠂ ᠮᠣᠩᠭᠤᠯ ᠵᠡᠷᠭᠡ ︽ᠨᠢᠭᠡ ᠪᠦᠰᠡ ᠨᠢᠭᠡ ᠵᠠᠮ︾ ᠤᠨ ᠤᠯᠤᠰ ᠪᠠ ᠭᠠᠵᠠᠷ ᠣᠷᠣᠨ ᠤ ᠠᠵᠤ ᠦᠢᠯᠡᠰ᠂ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ ᠳᠠᠬᠢ ᠪᠠᠷᠢᠮᠵᠢᠶᠠᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠪᠠ ᠵᠠᠳᠠᠯᠵᠤ᠂ ᠪᠠᠷᠢᠮᠵᠢᠶ᠎ᠠ ᠶᠢ ᠬᠠᠷᠢᠴᠠᠭᠤᠯᠤᠨ ᠵᠠᠳᠠᠯᠬᠤ ᠠᠵᠢᠯ ᠢ ᠥᠷᠨᠢᠭᠦᠯᠦᠨ᠂ ᠪᠠᠷᠢᠮᠵᠢᠶᠠᠨ ᠤ ᠲᠠᠯ᠎ᠠ ᠳᠤ ᠨᠡᠪᠲᠡᠷᠡᠯᠴᠡᠭᠡ ᠣᠶᠢᠯᠠᠭᠠᠯᠴᠠᠭ᠎ᠠ ᠬᠢᠬᠦ ᠪᠠᠨ ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠠᠵᠢᠯ ᠤᠨ ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯ ᠢ ᠳᠡᠮᠵᠢᠵᠦ ᠪᠠᠶᠢᠭᠠᠳ ᠣᠯᠠᠨ ᠤᠯᠤᠰ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠵᠡᠷᠭᠡ ᠣᠯᠠᠨ ᠤᠯᠤᠰ ᠤᠨ ᠪᠠᠷᠢᠮᠵᠢᠶᠠᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃

      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

      ︵ᠨᠢᠭᠡ︶ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠠᠬᠢᠭᠤᠯᠬᠤ ᠠᠵᠢᠯᠯᠠᠭᠠᠨ ᠤ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠨ᠂ ᠲᠥᠷᠥᠯ ᠵᠦᠢᠯ ᠢ ᠲᠥᠰᠥᠪᠯᠡᠬᠦ ᠳᠤ ᠪᠠᠨ ᠨᠢᠭᠡᠳᠦᠯᠲᠡᠢ ᠲᠥᠯᠥᠪᠯᠡᠬᠦ᠂ ᠲᠥᠷᠥᠯ ᠵᠦᠢᠯ ᠢ ᠴᠢᠷᠮᠠᠶᠢᠨ ᠣᠯᠬᠤ ᠳᠤ ᠪᠠᠨ ᠨᠢᠭᠡᠳᠦᠯᠲᠡᠢ ᠲᠥᠯᠥᠪᠯᠡᠬᠦ᠂ ᠵᠠᠬ᠎ᠠ ᠳᠡᠯᠭᠡᠭᠦᠷ ᠤᠨ ᠳᠣᠬᠢᠶᠠᠯ ᠢ ᠵᠠᠪᠳᠤᠨ ᠠᠳᠬᠤᠬᠤ ᠳᠤ ᠪᠠᠨ ᠨᠢᠭᠡᠳᠦᠯᠲᠡᠢ ᠲᠥᠯᠥᠪᠯᠡᠬᠦ᠂ ᠪᠠᠷᠢᠮᠵᠢᠶ᠎ᠠ ᠶᠢ ᠵᠢᠷᠤᠮᠵᠢᠭᠤᠯᠬᠤ ᠳᠤ ᠪᠠᠨ ᠨᠢᠭᠡᠳᠦᠯᠲᠡᠢ ᠲᠥᠯᠥᠪᠯᠡᠬᠦ᠂ ᠪᠡᠯᠡ ᠮᠥᠩᠭᠦ ᠬᠡᠷᠡᠭᠯᠡᠬᠦ ᠳᠤ ᠪᠠᠨ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠦᠨ᠎ᠡ᠃ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠲᠠᠪᠴᠠᠩ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠦᠭᠵᠢᠷᠡᠯ᠂ ᠬᠤᠷᠢᠭ᠎ᠠ ᠴᠡᠭ ᠢ ᠨᠡᠪᠲᠡᠷᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠥᠬᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ ᠠᠳᠠᠯᠢ ᠪᠠᠶᠢᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠡᠭᠦᠷᠭᠡ ᠶᠢ ᠪᠣᠳᠠᠲᠠᠶᠢᠵᠢᠭᠤᠯᠬᠤ᠂ ᠬᠠᠮᠵᠢᠯᠴᠠᠭ᠎ᠠ ᠶᠢ ᠪᠣᠳᠠᠲᠠᠶᠢᠵᠢᠭᠤᠯᠬᠤ᠂ ᠲᠥᠷᠥᠯ ᠵᠦᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃

      ︵ᠬᠤᠶᠠᠷ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ᠃ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠬᠠᠭᠤᠴᠢᠷᠠᠭᠰᠠᠨ ᠢ ᠰᠢᠨ᠎ᠡ ᠪᠠᠷ ᠰᠣᠯᠢᠬᠤ᠂ ᠮᠠᠰᠢᠨ ᠲᠡᠷᠭᠡ ᠬᠤᠳᠠᠯᠳᠤᠨ ᠠᠪᠬᠤ ᠵᠡᠷᠭᠡ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠡᠮᠵᠢᠨ ᠠᠬᠢᠭᠤᠯᠬᠤ ᠬᠡᠷᠡᠭᠲᠡᠢ᠃ ᠡᠨᠧᠷᠭᠢ ᠠᠷᠪᠢᠯᠠᠨ ᠤᠰᠤ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠲᠦᠴᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢ ᠪᠠᠨ ᠰᠢᠨᠡᠳᠬᠡᠬᠦ᠂ ᠮᠡᠷᠭᠡᠵᠢᠯ ᠢᠶᠠᠨ ᠥᠭᠡᠷᠡᠴᠢᠯᠡᠬᠦ᠂ ᠤᠯᠠᠮᠵᠢᠯᠠᠯᠲᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠲᠤᠯ ᠦᠭᠡᠢ ᠢᠲᠡᠭᠡᠮᠵᠢᠲᠦ ᠵᠢᠭᠡᠯᠡᠯᠭᠡ᠂ ᠪᠣᠬᠢᠷᠲᠤᠯ ᠦᠭᠡᠢ ᠵᠢᠭᠡᠯᠡᠯᠭᠡ ᠶᠢᠨ ᠲᠡᠮᠳᠡᠭᠲᠦ᠂ ᠪᠣᠬᠢᠷᠲᠤᠯ ᠦᠭᠡᠢ ᠳᠠᠭᠠᠳᠬᠠᠯ ᠵᠡᠷᠭᠡ ᠶᠢ ᠵᠦᠢ ᠵᠣᠬᠢᠰᠲᠠᠢ ᠨᠡᠮᠡᠭᠳᠡᠭᠦᠯᠵᠦ᠂ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠪᠦᠷᠢᠯᠡᠯ᠂ ᠦᠢᠯᠡᠴᠢᠯᠡᠭᠡ ᠪᠠ ᠬᠡᠷᠡᠭᠯᠡᠭᠡ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠤᠯᠢ ᠲᠣᠭᠲᠠᠭᠠᠯ ᠳᠤ ᠨᠡᠶᠢᠴᠡᠭᠰᠡᠨ᠂ ᠲᠦᠭᠰᠢᠭᠦᠷᠢ ᠶᠢᠨ ᠡᠵᠡᠮᠳᠡᠬᠦᠶᠢᠴᠡ᠂ ᠬᠤᠳᠠᠯᠳᠤᠭ᠎ᠠ ᠶᠢᠨ ᠦᠷᠭᠦᠯᠵᠢᠯᠡᠬᠦᠶᠢᠴᠡ ᠣᠷᠢᠳᠡᠯ ᠳᠣᠣᠷ᠎ᠠ᠂ ᠰᠠᠭᠤᠳᠠᠯ ᠤᠨ ᠮᠠᠰᠢᠨ ᠲᠡᠷᠭᠡᠨ ᠤ ᠵᠢᠭᠡᠯᠡᠯᠭᠡ ᠶᠢᠨ ᠤᠷᠢᠳ ᠢᠶᠠᠷ ᠲᠥᠯᠥᠪᠦᠷᠢᠯᠡᠬᠦ ᠬᠠᠷᠢᠴᠠᠯ ᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠤ᠂ ᠮᠠᠰᠢᠨ ᠲᠡᠷᠭᠡᠨ ᠤ ᠵᠢᠭᠡᠯᠡᠯᠭᠡ ᠶᠢᠨ ᠬᠤᠭᠤᠴᠠᠭ᠎ᠠ ᠬᠢᠵᠠᠭᠠᠷ᠂ ᠢᠲᠡᠭᠡᠮᠵᠢᠲᠦ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠲᠣᠭᠲᠠᠯᠭᠠᠨ᠎ᠠ᠃ ᠪᠣᠳᠠᠲᠠᠢ ᠵᠣᠭᠤᠰ ᠮᠥᠩᠭᠦ ᠶᠢ ᠡᠵᠡᠩᠨᠡᠯᠲᠡ ᠶᠢᠨ ᠭᠤᠣᠯ ᠴᠣᠭᠴᠠ ᠳᠤ ᠰᠢᠭᠤᠳ ᠬᠦᠷᠲᠡᠭᠡᠵᠦ᠂ ᠠᠰᠢᠭ ᠬᠠᠷᠠᠭᠠᠯᠵᠠᠯ ᠢ ᠲᠦᠭ ᠲᠦᠮᠡᠨ ᠡᠷᠦᠬᠡ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃

      ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠯᠦᠭᠡ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠪᠠᠲᠤᠯᠠᠭ᠎ᠠ ᠲᠠᠢ ᠪᠠᠷ ᠣᠷᠣᠭᠤᠯᠤᠨ ᠠᠪᠴᠢᠷᠠᠬᠤ᠂ ︽ᠵᠠᠷᠯᠠᠯ ᠨᠡᠶᠢᠲᠡᠯᠡᠨ︾ ᠤᠶᠠᠨ ᠬᠠᠲᠠᠨ ᠴᠢᠨᠠᠷᠲᠠᠢ ᠪᠠᠷ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠳᠣᠲᠣᠭᠠᠳᠤ ᠳᠠᠬᠢ ᠳᠠᠪᠠᠭᠤᠯᠢᠭ ᠲᠤᠰᠬᠠᠢ ᠮᠡᠷᠭᠡᠵᠢᠯᠲᠡᠨ ᠤ ᠪᠦᠯᠬᠦᠮ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠤᠰᠤᠲᠥ᠋ᠷᠥᠭᠴᠢ ᠡᠨᠧᠷᠭᠢ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾᠂ ︽ᠬᠠᠷᠢᠯᠴᠠᠨ ᠥᠷᠢᠰᠦᠯᠳᠦᠭᠦᠯᠬᠦ︾ ᠵᠡᠷᠭᠡ ᠴᠢᠬᠤᠯᠠ ᠶᠡᠭᠡ ᠲᠥᠷᠥᠯ ᠵᠦᠢᠯ ᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠪᠠ ︽ᠰᠢᠨ᠎ᠡ ᠶᠢ ᠡᠭᠦᠳᠬᠦ ᠬᠤᠯᠪᠣᠭᠠᠲᠤ ᠴᠣᠭᠴᠠ︾  ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠬᠠᠮᠵᠢᠯᠴᠠᠬᠤ ᠲᠣᠭᠲᠠᠴᠠ ᠪᠠᠷ ᠳᠠᠮᠵᠢᠭᠤᠯᠤᠨ᠂ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠴᠢᠬᠤᠯᠠ ᠶᠡᠭᠡ ᠮᠡᠷᠭᠡᠵᠢᠯ ᠤᠨ ᠲᠥᠬᠦᠭᠡᠷᠦᠮᠵᠢ ᠶᠢᠨ ︽ᠪᠣᠭᠤᠮᠢ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠬᠤᠰᠢᠭᠤᠷᠠᠭᠰᠠᠨ ᠮᠡᠷᠭᠡᠵᠢᠯ ᠲᠠᠢ ᠳᠠᠭᠠᠭᠠᠨ ᠵᠠᠯᠭᠠᠭᠤᠯᠵᠤ ᠵᠢᠱᠢᠶ᠎ᠡ ᠦᠵᠡᠭᠦᠯᠬᠦ ᠡᠭᠦᠷᠭᠡ ᠶᠢ ᠰᠢᠯᠭᠠᠨ ᠪᠠᠲᠤᠯᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠮᠥᠷᠳᠡᠨ ᠳᠠᠭᠠᠭᠰᠠᠨ ᠦᠢᠯᠡᠴᠢᠯᠡᠭᠡ ᠪᠠ ᠠᠵᠤ ᠦᠢᠯᠡᠰ ᠢ ᠨᠡᠪᠴᠢᠭᠦᠯᠦᠨ ᠪᠣᠳᠠᠲᠠᠶᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠵᠦᠢᠯ ᠤᠨ ᠰᠢᠨ᠎ᠡ ᠮᠡᠷᠭᠡᠵᠢᠯ ᠤᠨ ᠥᠷᠢᠰᠦᠯᠳᠦᠨ ᠪᠣᠶᠢᠵᠢᠬᠤ ᠶᠢ ᠵᠣᠷᠢᠭᠵᠢᠭᠤᠯᠤᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠴᠢᠷᠮᠠᠶᠢᠨ ᠪᠣᠶ ᠪᠣᠯᠭᠠᠨ᠎ᠠ᠃

      ︵ᠳᠥᠷᠪᠡ︶ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢ ᠤᠬᠠᠭᠤᠯᠵᠤ ᠲᠠᠶᠢᠯᠪᠤᠷᠢ ᠬᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠶᠠᠪᠤᠴᠠ ᠳᠤ ᠪᠠᠨ ᠣᠯᠣᠭᠰᠠᠨ ᠦᠷ᠎ᠡ ᠪᠦᠲᠦᠭᠡᠮᠵᠢ ᠪᠠ ᠲᠤᠷᠰᠢᠯᠭᠠᠲᠤ ᠠᠷᠭ᠎ᠠ ᠬᠢᠳᠡᠯ ᠢᠶᠠᠨ ᠴᠠᠭ ᠲᠤᠬᠠᠢ ᠳᠤ ᠨᠢ ᠳ᠋ᠦᠩᠨᠡᠵᠦ᠂ ᠰᠠᠶᠢᠨ ᠲᠤᠷᠰᠢᠯᠭᠠᠲᠤ ᠠᠷᠭ᠎ᠠ ᠬᠢᠳᠡᠯ ᠢᠶᠠᠨ ᠥᠷᠭᠡᠨ ᠢᠶᠠᠷ ᠤᠬᠠᠭᠤᠯᠤᠨ ᠮᠡᠳᠡᠭᠡᠯᠡᠬᠦ ᠬᠡᠷᠡᠭᠲᠡᠢ᠃ ᠦᠵᠡᠰᠬᠦᠯᠡᠩ ᠤᠨ ᠴᠤᠭᠯᠠᠭᠠᠨ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠵᠡᠷᠭᠡ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠰᠢᠨ᠎ᠡ ᠵᠠᠭᠤᠴᠢᠯᠠᠭᠤᠷ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠵᠠᠮ ᠮᠥᠷ ᠢ ᠠᠰᠢᠭᠯᠠᠨ ᠲᠠᠨᠢᠯᠴᠠᠭᠤᠯᠤᠨ ᠤᠬᠠᠭᠤᠯᠬᠤ ᠬᠡᠷᠡᠭᠲᠡᠢ᠃ ᠡᠯ᠎ᠡ ᠲᠥᠷᠥᠯ ᠤᠨ ᠠᠴᠢᠶᠠᠯᠠᠪᠤᠷᠢ ᠶᠢᠨ ᠲᠠᠪᠴᠠᠩ ᠢ ᠭᠦᠢᠴᠡᠳ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠤᠬᠠᠭᠤᠯᠵᠤ ᠲᠠᠶᠢᠯᠪᠤᠷᠢ ᠬᠢᠬᠦ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠪᠥᠬᠦ ᠨᠡᠶᠢᠭᠡᠮ ᠢᠶᠠᠷ ᠢᠶᠠᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯᠯᠠᠭᠠᠨ ᠢ ᠬᠠᠮᠲᠤ ᠪᠠᠷ ᠠᠩᠬᠠᠷᠤᠨ ᠳᠡᠮᠵᠢᠬᠦ ᠰᠠᠶᠢᠨ ᠰᠠᠶᠢᠬᠠᠨ ᠬᠥᠭ ᠠᠮᠢᠰᠬᠤᠯ ᠢ ᠪᠣᠶ ᠪᠣᠯᠭᠠᠬᠤ ᠬᠡᠷᠡᠭᠲᠡᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ