ᠰᠦᠨ ᠱᠤᠤ ᠴᠧᠩ ᠸᠢᠳᠢᠤ᠋ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ — ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠠᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/10/15

    10 ᠰᠠᠷ᠎ᠠ ᠶᠢᠨ 14 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠲᠠᠢ ᠬᠤᠯᠪᠤᠭ᠎ᠠ ᠠᠪᠬᠤ ᠬᠡᠯᠲᠡᠰ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ᠂ ᠭᠢᠷᠢᠨ ᠮᠤᠵᠢ ᠶᠢᠨ ᠨᠠᠮ ᠤᠨ ᠬᠤᠷᠢᠶ᠎ᠠ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ — ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠡᠭᠦᠨ ᠬᠤᠶᠢᠲᠤ ᠣᠷᠣᠨ ᠳᠠᠬᠢ ᠦᠢᠯᠡᠳᠦᠯᠭᠡ︾ ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ ᠭᠢᠷᠢᠨ ᠮᠤᠵᠢ ᠶᠢᠨ ᠴᠠᠩᠴᠦ᠋ᠨ ᠬᠤᠳᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠸᠢᠳᠢᠤ᠋ ᠪᠠᠷ ᠬᠤᠯᠪᠣᠭᠳᠠᠬᠤ ᠭᠡᠯᠪᠡᠷᠢ ᠪᠠᠷ ᠪᠠᠶᠠᠷ ᠤᠨ ᠦᠭᠡ ᠬᠡᠯᠡᠭᠰᠡᠨ ᠪᠥᠭᠡᠳ ᠠᠰᠠᠭᠤᠯᠲᠠ ᠶᠢ ᠬᠠᠷᠢᠭᠤᠯᠪᠠ᠃



2-2.jpg

 

    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠮᠠᠰᠢ ᠬᠠᠯᠠᠮᠵᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠡᠶ᠎ᠡ ᠪᠠᠷ ᠢᠶᠠᠨ ᠵᠢᠷᠤᠭᠯᠠᠵᠤ᠂ ᠥᠪᠥᠷ ᠮᠣᠩᠭᠤᠯ ᠳᠤ ︽ᠲᠠᠪᠤᠨ ᠶᠡᠭᠡ ᠡᠭᠦᠷᠭᠡ︾ ᠣᠯᠭᠤᠪᠠ᠃ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠣᠣᠷ᠎ᠠ᠂ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢ ᠵᠡᠷᠭᠡ ᠪᠠᠷ ᠡᠳ᠋ᠯᠡᠵᠦ᠂ ᠨᠢᠳᠤᠨᠤᠨ ᠤ 10 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠪᠠᠰᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠡᠶᠢᠲᠡᠯᠡᠵᠡᠢ᠃ ᠡᠳᠡᠭᠡᠷ ᠨᠢ ᠴᠥᠮ ᠥᠪᠥᠷ ᠮᠣᠩᠭᠤᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠢ ᠬᠠᠩᠭᠠᠨ ᠥᠭᠴᠡᠢ ᠭᠡᠪᠡ᠃

    ᠰᠦᠨ ᠱᠤᠤ ᠴᠧᠩ᠂ ᠣᠶᠢᠷ᠎ᠠ ᠶᠢᠨ ᠵᠢᠯ ᠤᠨ ᠲᠤᠷᠰᠢ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠪᠡᠶᠡᠯᠡᠭᠦᠯᠦᠨ᠂ ᠠᠮᠢ ᠠᠬᠤᠢ ᠣᠷᠴᠢᠨ ᠲᠣᠭᠤᠷᠢᠨ ᠲᠤᠶᠢᠯ ᠤᠨ ᠶᠡᠭᠡ ᠪᠠᠷ ᠰᠠᠶᠢᠵᠢᠷᠠᠵᠤ᠂ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠴᠢᠩᠭᠠᠷᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠥᠷᠨᠢᠭᠦᠨ ᠬᠥᠭᠵᠢᠵᠦ᠂ ᠭᠠᠳᠠᠭᠠᠳᠤ ᠨᠡᠭᠡᠭᠡᠯᠲᠡ ᠲᠠᠰᠤᠷᠠᠯᠳᠠ ᠦᠭᠡᠢ ᠥᠷᠭᠡᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠡᠬᠢᠯᠡᠭᠦᠯᠵᠦ ᠬᠥᠭᠵᠢᠭᠦᠯᠦᠨ᠂ ᠡᠯ᠎ᠡ ᠵᠦᠢᠯ ᠤᠨ ᠦᠢᠯᠡᠰ ᠢᠯᠡᠳᠲᠡ ᠠᠮᠵᠢᠯᠲᠠ ᠣᠯᠪᠠ᠃ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠳᠤ ᠡᠩᠨᠡᠭᠡ ᠠᠴᠠ ᠪᠠᠨ ᠬᠤᠴᠣᠷᠴᠤ ᠪᠤᠯᠬᠤ ᠦᠭᠡᠢ︾ ᠭᠡᠬᠦ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ᠂ ᠣᠷᠣᠯᠭ᠎ᠠ ᠶᠢ ᠨᠡᠮᠡᠭᠳᠡᠭᠦᠯᠬᠦ ᠪᠠ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠤ᠂ ᠵᠣᠯ ᠵᠢᠷᠭᠠᠯᠲᠤ ᠲᠥᠷᠥᠭᠳᠡᠯ ᠤᠯᠠᠮ ᠠᠴᠠ ᠤᠯᠠᠮ ᠴᠢᠩᠭᠠᠷᠠᠵᠤ᠂ ᠬᠠᠨᠤᠮᠵᠢ ᠶᠢᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠦᠨᠡᠨ ᠰᠡᠳᠬᠢᠯ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠢ ᠮᠡᠳᠡᠷᠡᠵᠦ᠂ ᠶᠡᠷᠦᠩᠬᠡᠢ ᠱᠦᠵᠢ ᠰᠢ ᠶᠢᠨ ᠫᠢᠩ ᠤᠨ ᠰᠠᠶᠢᠨ ᠢ ᠮᠡᠳᠡᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠡᠳᠬᠢᠯ ᠳᠡᠭᠡᠨ ᠭᠦᠨ ᠬᠠᠳᠠᠩᠰᠢᠭᠤᠯᠵᠤ᠂ ᠪᠦᠭᠦᠳᠡᠭᠡᠷ ᠢᠶᠠᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠬᠠᠮᠲᠤ ᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠪᠠ ᠭᠡᠵᠡᠢ᠃

    ᠰᠦᠨ ᠱᠤᠤ ᠴᠧᠩ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠥᠩᠭᠡ ᠦᠵᠡᠮᠵᠢ ᠰᠦᠷᠯᠢᠭ ᠰᠠᠶᠢᠬᠠᠨ᠂ ᠣᠷᠣᠨ ᠪᠠᠶᠢᠷᠢ ᠳᠠᠪᠠᠭᠤᠯᠢᠭ ᠪᠠᠶᠢᠵᠤ᠂ ᠬᠥᠭᠵᠢᠯᠲᠡ ᠶᠢᠨ ᠨᠥᠬᠦᠴᠡᠯ ᠣᠨᠴᠠᠭᠠᠢ ᠰᠠᠶᠢᠨ᠂ ᠬᠥᠭᠵᠢᠯᠲᠡ ᠶᠢᠨ ᠠᠯᠤᠰ ᠢᠷᠡᠭᠡᠳᠦᠢ ᠥᠷᠭᠡᠨ ᠠᠭᠤᠳᠠᠮ ᠶᠤᠮ᠂ ᠪᠢᠳᠡ ᠳᠤᠷᠠᠲᠠᠶ᠎ᠠ ᠬᠤᠯᠪᠣᠭᠳᠠᠯ ᠪᠦᠬᠦᠢ ᠤᠯᠤᠰ ᠪᠠ ᠭᠠᠵᠠᠷ ᠣᠷᠣᠨ ᠤ ᠬᠢᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ ᠬᠡᠯᠡᠪᠡ᠃

    ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠤᠷᠰᠢᠯᠭ᠎ᠠ ᠪᠣᠯᠣᠨ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢᠨ ᠲᠤᠬᠠᠢ ᠬᠥᠲᠥᠯᠥᠭᠴᠢ ᠶᠢᠨ ᠠᠰᠠᠭᠤᠯᠲᠠ ᠶᠢ ᠬᠠᠷᠢᠭᠤᠯᠪᠠ᠃

    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ