ᠰᠢᠨᠬᠤᠸᠠ ᠬᠤᠷᠢᠶᠠᠨ ᠤ ᠪᠡᠭᠡᠵᠢᠩ ᠤᠨ 10 ᠳ᠋ᠤᠭᠠᠷ ᠰᠠᠷ᠎ᠠ ᠶᠢᠨ 13 ᠤ ᠡᠳᠦᠷ ᠤᠨ ᠴᠠᠭᠢᠯᠭᠠᠨ ᠮᠡᠳᠡᠭᠡ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠄ ︽ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠤᠨ᠎ᠠ︾ ᠭᠡᠵᠦ ᠳᠤᠷᠠᠳᠴᠠᠢ᠃ ᠡᠨᠡ ᠪᠣᠯ ᠰᠢᠨ᠎ᠡ ᠪᠠᠶᠢᠳᠠᠯ ᠳᠣᠣᠷᠠᠬᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠦ᠂ ᠲᠡᠷᠡ ᠨᠢ ᠥᠷᠭᠡᠨ ᠤᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ ᠤᠶᠤᠨ ᠤ ᠠᠮᠢᠳᠤᠷᠠᠯ ᠢ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠴᠢᠨᠠᠷ ᠰᠠᠶᠢᠲᠠᠢ ᠰᠣᠶᠣᠯ ᠤᠨ ᠠᠮᠢᠳᠤᠷᠠᠯ ᠪᠣᠯ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠤᠨᠴᠠᠭᠠᠶᠢᠯᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠥᠷᠭᠡᠨ ᠣᠯᠠᠨ ᠠᠷᠠᠳ ᠲᠦᠮᠡᠨ ᠤ ᠣᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠨᠡᠩ ᠴᠢᠩᠭ᠎ᠠ᠂ ᠨᠡᠩ ᠪᠠᠶᠠᠯᠢᠭ ᠣᠯᠠᠨ ᠶᠠᠩᠵᠤ ᠶᠢᠨ ᠪᠤᠯᠤᠭᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠬᠠᠮᠲᠤ ᠪᠠᠷ ᠴᠢᠨᠡᠭᠡᠯᠢᠭᠵᠢᠬᠦ ᠶᠢ ᠨᠢᠭᠡᠳᠦᠯᠲᠡᠢ ᠲᠦᠯᠦᠪᠯᠡᠨ ᠯᠠᠪᠳᠠᠭᠤᠨ ᠪᠠᠲᠤᠲᠠᠢ ᠠᠬᠢᠭᠤᠯᠬᠤ ᠠᠵᠢᠯ ᠤᠨ ᠪᠠᠶᠢᠷᠢᠰᠢᠭᠤᠯᠤᠯᠲᠠ ᠬᠢᠬᠦ ᠳᠤ ᠪᠠᠨ᠂ ᠴᠠᠭ ᠲᠤ ᠨᠢ ᠲᠣᠬᠢᠷᠠᠭᠤᠯᠤᠨ ᠠᠷᠠᠳ ᠲᠦᠮᠡᠨ ᠤ ᠤᠶᠤᠨ ᠤ ᠠᠮᠢᠳᠤᠷᠠᠯ ᠢ ᠬᠠᠮᠲᠤ ᠪᠠᠷ ᠴᠢᠨᠡᠭᠡᠯᠢᠭᠵᠢᠭᠦᠯᠬᠦ ᠶᠢ ᠠᠬᠢᠭᠤᠯᠬᠤ ᠡᠨᠡ ᠬᠦ ᠴᠢᠬᠤᠯᠠ ᠶᠡᠭᠡ ᠰᠡᠳᠦᠪ ᠢ ᠳᠤᠷᠠᠳᠴᠠᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠠᠨ ᠨᠡᠶᠢᠲᠡ ᠶᠢᠨ ᠰᠣᠶᠣᠯ ᠤᠨ ᠦᠢᠯᠡᠰ ᠤᠨ ᠣᠷᠣᠭᠤᠯᠤᠯᠲᠠ ᠶᠢ ᠨᠡᠮᠡᠭᠳᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠦᠨᠳᠦᠰᠦᠨ ᠰᠣᠶᠣᠯ ᠤᠨ ᠡᠷᠬᠡ ᠠᠰᠢᠭ ᠢ ᠪᠠᠲᠤᠯᠠᠵᠤ᠂ ᠬᠠᠮᠢᠶ᠎ᠠ ᠪᠦᠬᠦᠢ ᠠᠵᠢᠯ ᠳᠤ ᠲᠠᠰᠤᠷᠠᠯᠳᠠ ᠦᠭᠡᠢ ᠢᠯᠡᠳᠲᠡ ᠠᠬᠢᠴᠠ ᠪᠠ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠵᠠᠷᠢᠮ ᠣᠯᠠᠨ ᠲᠦᠮᠡᠨ ᠪᠠᠰᠠ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ︽ᠣᠮᠳᠠ ᠲᠠᠶᠢᠯᠬᠤ︾ ᠲᠠᠯ᠎ᠠ ᠪᠠᠷ ᠬᠦᠷᠦᠯᠴᠡᠬᠦ ᠦᠭᠡᠢ᠂ ᠤᠨᠴᠠᠭᠠᠶᠢᠯᠠᠨ ᠨᠡᠯᠢᠶᠡᠳ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠲᠠᠢ ᠣᠶᠢᠷᠠᠳᠬᠤ ᠳᠤ ᠪᠡᠷᠬᠡ ᠪᠠᠶᠢᠵᠦ᠂ ᠡᠨᠡ ᠨᠢ ᠪᠠᠰᠠ ᠣᠳᠣᠬᠠᠨ ᠤ ᠡᠯ᠎ᠡ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠲᠠᠯᠴᠠᠭᠠᠨ ᠤ ᠪᠠᠶᠢᠭᠤᠯᠤᠯᠲᠠ ᠳᠤ ᠪᠠᠰᠠ ᠭᠤᠤᠯᠳᠠᠯᠭ᠎ᠠ ᠲᠠᠢ ᠵᠦᠢᠯᠡᠰ ᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠨᠠᠶᠢᠳᠠᠪᠤᠷᠢᠵᠢᠭᠤᠯᠬᠤ ᠴᠢᠬᠤᠯᠠᠲᠠᠶ ᠪᠠᠶᠢᠬᠤ ᠶᠢ ᠬᠠᠷᠠᠭᠤᠯᠵᠤ ᠪᠤᠢ᠃ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠬᠤ ᠨᠢ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠤᠨ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠣᠯᠠᠨ ᠳᠤ ᠨᠡᠩ ᠰᠢᠯᠢᠳᠡᠭ᠂ ᠨᠡᠩ ᠦᠷ᠎ᠡ ᠪᠦᠲᠦᠮᠵᠢᠲᠡᠶ᠂ ᠨᠡᠩ ᠲᠥᠪ ᠭᠤᠤᠯᠴᠢ᠂ ᠨᠡᠩ ᠦᠷᠬᠦᠯᠵᠢᠯᠡᠬᠦᠶᠢᠴᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠰᠣᠶᠣᠯ ᠤᠨ ᠠᠵᠢᠯᠯᠠᠭ᠎ᠠ ᠳᠤ ᠨᠡᠩ ᠰᠠᠶᠢᠲᠤᠷ ᠣᠷᠣᠯᠴᠠᠭᠤᠯᠵᠤ᠂ ᠤᠳᠭ᠋᠎ᠠ ᠤᠷᠠᠯᠢᠭ ᠤᠨ ᠤᠷ᠎ᠠ ᠴᠢᠳᠠᠪᠤᠷᠢ ᠶᠢ ᠨᠢ ᠪᠤᠶᠢᠵᠢᠭᠤᠯᠵᠤ᠂ ᠰᠣᠶᠣᠯ ᠤᠨ ᠠᠮᠢᠳᠤᠷᠠᠯ ᠢ ᠡᠳ᠋ᠯᠡᠭᠦᠯᠬᠦ᠂ ᠰᠣᠶᠣᠯ ᠤᠨ ᠬᠠᠯᠠᠭᠤᠨ ᠰᠡᠳᠬᠢᠯᠭᠡ ᠶᠢ ᠬᠦᠭᠵᠢᠭᠡᠬᠦ᠂ ᠤᠶᠤᠨ ᠤ ᠬᠦᠴᠦᠨ ᠴᠢᠳᠠᠯ ᠢ ᠨᠢ ᠨᠡᠮᠡᠭᠳᠡᠭᠦᠯᠬᠦ ᠳᠤ ᠠᠰᠢᠭᠲᠠᠢ ᠶᠤᠮ᠃
ᠡᠨᠡ ᠬᠦ ᠱᠠᠭᠠᠷᠳᠠᠯᠭ᠎ᠠ ᠶᠢ ᠣᠶᠢᠯᠠᠭᠠᠬᠤ ᠪᠠ ᠠᠬᠢᠭᠤᠯᠤᠨ ᠬᠡᠷᠡᠭᠵᠢᠭᠦᠯᠬᠦ ᠳᠤᠮᠳᠠ᠂ ᠳᠣᠤᠷᠠᠬᠢ 4 ᠲᠠᠯ᠎ᠠ ᠶᠢ ᠬᠦᠴᠦᠯᠡᠨ ᠰᠠᠶᠢᠲᠤᠷ ᠡᠵᠡᠮᠳᠡᠬᠦ ᠬᠡᠷᠡᠭᠲᠡᠶ᠃
ᠨᠢᠭᠡᠳᠦᠭᠡᠷ ᠲᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠨᠠᠮ ᠤᠨ ᠤᠳᠤᠷᠢᠳᠤᠯᠭ᠎ᠠ ᠳᠣᠤᠷ᠎ᠠ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠤᠨ ᠬᠢᠨ ᠢ ᠤᠷᠤᠯᠴᠠᠭᠤᠯᠬᠤ᠂ ᠭᠤᠤᠯᠳᠠᠯᠭ᠎ᠠ ᠲᠠᠢ ᠵᠦᠢᠯᠡᠰ ᠢ ᠦᠨᠳᠦᠰᠦᠨ ᠱᠠᠲᠤᠨ ᠳᠤ ᠰᠢᠯᠵᠢᠭᠦᠯᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠶᠢ ᠪᠠᠷᠢᠮᠲᠠᠯᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠬᠠᠲᠠᠭᠤ ᠲᠣᠨᠤᠭ︾ ᠪᠠ ︽ᠵᠥᠭᠡᠯᠡᠨ ᠲᠣᠨᠤᠭ︾ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠭᠡᠬᠦ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠨᠡᠩ ᠢᠯᠡᠭᠦᠦ ᠳᠣᠷᠣᠭᠰᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠲᠡᠶᠢᠰᠢ ᠬᠡᠯᠪᠠᠶᠢᠯᠭᠡᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠲᠡᠶᠢᠰᠢ ᠬᠡᠯᠪᠠᠶᠢᠯᠭᠡᠬᠦ ᠶᠢ ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠨᠣᠮ ᠤᠨ ᠰᠠᠩ᠂ ᠰᠣᠶᠣᠯ ᠤᠨ ᠦᠪ ᠤᠨ ᠣᠷᠳᠣᠨ᠂ ᠮᠦᠽᠧᠶ᠂ ᠤᠷᠠᠨ ᠵᠢᠷᠤᠭ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠣᠷᠳᠣᠨ ᠵᠡᠷᠭᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠶᠡᠷᠦᠩᠬᠡᠶ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠬᠥᠳᠡᠭᠡ ᠶᠢᠨ ᠰᠣᠶᠣᠯ ᠤᠨ ᠰᠣᠯᠢᠯᠴᠠᠭᠠᠨ ᠤ ᠪᠠᠶᠢᠩᠭᠤᠰᠢᠭᠤᠯᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠳᠤ ᠨᠡᠶᠢᠲᠡ ᠶᠢᠨ ᠠᠰᠠᠷᠠᠮᠵᠢ ᠶᠢᠨ ᠺᠢᠨᠣ᠋ ᠶᠢ ᠲᠠᠷᠬᠠᠭᠠᠨ ᠦᠵᠡᠭᠦᠯᠬᠦ ᠪᠠ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠵᠡᠷᠭᠡ ᠬᠤᠲᠠ ᠬᠥᠳᠡᠭᠡ ᠶᠢᠨ ᠭᠦᠢᠯᠭᠡᠮᠡᠯ ᠰᠣᠶᠣᠯ ᠤᠨ ᠦᠢᠯᠡᠴᠢᠯᠡᠭᠡᠨ ᠢ ᠶᠡᠭᠡ ᠪᠠᠷ ᠬᠦᠭᠵᠢᠭᠦᠯᠦᠨ᠎ᠡ᠃
ᠬᠤᠶᠠᠳᠤᠭᠠᠷ ᠲᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠯᠠᠨ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ︽ᠣᠯᠠᠨ ᠲᠦᠮᠡᠨ ᠤ ᠵᠠᠬᠢᠶᠠᠯᠠᠭ᠎ᠠ ᠠᠪᠬᠤ︾ ᠪᠠ ︽ᠵᠠᠰᠠᠭ ᠤᠨ ᠣᠷᠳᠣᠨ ᠤ ᠲᠤᠭᠠᠴᠠᠭ᠎ᠠ ᠬᠢᠬᠦ︾ ᠶᠢ ᠨᠠᠩ ᠰᠠᠶᠢᠲᠤᠷ ᠵᠣᠯᠭᠠᠭᠤᠯᠬᠤ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠪᠠ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤ ᠪᠦᠲᠦᠮᠵᠢᠲᠡᠶ ᠠᠭᠤᠰᠤᠯᠴᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠦᠨ᠎ᠡ᠃ ︽ᠳᠤᠤᠷᠠᠲᠦ ᠱᠠᠲᠤ ᠠᠴᠠ ᠳᠡᠭᠡᠳᠦ ᠱᠠᠲᠤ ᠳᠡᠶᠢᠰᠢ ᠬᠡᠷᠡᠭᠴᠡᠭᠡ ᠪᠠᠷ ᠬᠠᠩᠭᠠᠯᠭ᠎ᠠ ᠶᠢ ᠲᠤᠭᠲᠠᠭᠠᠬᠤ︾ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠲᠣᠪᠶᠤᠭ ᠮᠠᠶ᠋ᠢᠭ ᠤᠨ ᠬᠡᠯᠪᠡᠷᠢ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠵᠦ᠂ ᠲᠥᠪᠯᠡᠷᠡᠭᠦᠯᠦᠨ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠤᠨ ᠬᠦᠷᠭᠡᠬᠦ ᠪᠠ ᠠᠵᠢᠯᠯᠠᠭᠤᠯᠬᠤ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠢ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠳᠤ ᠢᠳᠡᠪᠬᠢᠲᠡᠶ ᠤᠷᠤᠯᠴᠠᠭᠤᠯᠬᠤ ᠶᠢ ᠵᠣᠷᠢᠭᠵᠢᠭᠤᠯᠤᠨ᠂ ᠦᠨᠳᠦᠰᠦᠨ ᠱᠠᠲᠤᠨ ᠤ ᠰᠣᠶᠣᠯ ᠤᠨ ᠪᠡᠯᠡᠳᠬᠡᠮᠵᠢ ᠶᠢᠨ ᠨᠡᠶᠢᠭᠡᠮᠴᠢᠯᠡᠭᠰᠡᠨ ᠡᠵᠡᠩᠨᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠤᠢᠭᠡᠢ ᠨᠡᠮᠡᠭᠳᠡᠭᠦᠯᠦᠨ᠎ᠡ᠃
ᠭᠤᠷᠪᠠᠳᠤᠭᠠᠷ ᠲᠤ᠂ ᠡᠯ᠎ᠡ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳ᠋ᠢᠭᠢᠲᠴᠢᠯᠡᠭᠰᠡᠨ ᠡᠨᠧᠷᠭᠢ ᠣᠯᠭᠤᠬᠤ ᠶᠢ ᠴᠢᠩᠭᠠᠳᠬᠠᠨ᠎ᠠ᠃ ᠳ᠋ᠢᠭᠢᠲᠴᠢᠯᠡᠭᠰᠡᠨ ᠮᠡᠷᠭᠡᠵᠢᠯ ᠢ ᠬᠡᠷᠡᠭᠯᠡᠨ ᠰᠣᠶᠣᠯ ᠤᠨ ᠡᠬᠢ ᠪᠠᠶᠠᠯᠢᠭ ᠢ ᠨᠡᠶᠢᠳᠭᠡᠵᠦ᠂ ᠡᠯ᠎ᠡ ᠱᠠᠲᠤ ᠳᠠᠪᠬᠤᠷᠭ᠎ᠠ ᠶᠢᠨ ᠣᠯᠠᠨ ᠨᠡᠶᠢᠲᠡ ᠶᠢᠨ ᠰᠣᠶᠣᠯ ᠤᠨ ᠳ᠋ᠢᠭᠢᠲ᠋ᠠᠯ ᠡᠬᠢ ᠪᠠᠶᠠᠯᠢᠭ ᠤᠨ ᠬᠥᠮᠥᠷᠭᠡ ᠶᠢᠨ ᠪᠦᠯᠦᠭᠵᠢᠯ ᠢ ᠨᠡᠪᠲᠡᠷᠡᠭᠦᠯᠵᠦ᠂ ᠤᠯᠤᠰ ᠤᠨ ᠰᠣᠶᠣᠯ ᠤᠨ ᠲᠣᠮᠣ ᠳ᠋ᠠᠶᠢᠲ᠋ᠠ ᠶᠢᠨ ᠲᠤᠭᠲᠠᠯᠴᠠᠭ᠎ᠠ ᠶᠢ ᠪᠠᠶᠢᠭᠤᠯᠵᠤ᠂ ᠤᠶᠤᠨᠲᠤ ᠨᠣᠮ ᠤᠨ ᠰᠠᠩ᠂ ᠤᠶᠤᠨᠲᠤ ᠮᠦᠽᠧᠶ᠂ ᠤᠶᠤᠨᠲᠤ ᠷᠠᠳᠢᠣ᠋ ᠲᠧᠯᠸᠢᠰ ᠵᠡᠷᠭᠡ ᠳ᠋ᠢᠭᠢᠲ᠋ᠠᠯ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠭᠦᠯᠡᠨ ᠦᠵᠡᠰᠬᠦᠯᠡᠩ᠂ ᠡᠭᠦᠯᠡᠨ ᠤᠩᠰᠢᠯᠭ᠎ᠠ᠂ ᠡᠭᠦᠯᠡᠨ ᠦᠵᠡᠵᠦ ᠰᠣᠨᠣᠰᠬᠤ᠂ ᠡᠭᠦᠯᠡᠨ ᠪᠡᠶᠡᠴᠢᠯᠡᠨ ᠣᠶᠢᠯᠠᠭᠠᠬᠤ ᠶᠢ ᠢᠳᠡᠪᠬᠢᠲᠡᠢ ᠬᠥᠭᠵᠢᠭᠦᠯᠵᠦ᠂ ᠬᠦᠳᠡᠭᠡ ᠠᠶᠢᠯ ᠤᠨ ᠨᠣᠮ ᠤᠨ ᠥᠷᠥᠭᠡ ᠶᠢᠨ ᠳ᠋ᠢᠭᠢᠲᠴᠢᠯᠡᠭᠰᠡᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠢ ︽ᠡᠭᠦᠯᠡᠨ ᠦᠵᠦᠭᠦᠷ︾᠂ ︽ᠬᠤᠷᠤᠭᠤᠨ ᠦᠵᠦᠭᠦᠷ︾ ᠢᠶᠠᠷ ᠳᠠᠮᠵᠢᠭᠤᠯᠤᠨ ᠣᠯᠠᠨ ᠶᠠᠩᠵᠤᠴᠢᠯᠠᠭᠰᠠᠨ᠂ ᠣᠨᠣᠪᠴᠢᠯᠠᠭᠰᠠᠨ᠂ ᠴᠢᠨᠠᠷ ᠰᠠᠶᠢᠲᠠᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠲᠠᠢ ᠰᠢᠭᠤᠳ ᠵᠣᠯᠭᠠᠭᠤᠯᠤᠨ᠎ᠠ᠃
ᠳᠦᠷᠪᠡᠳᠦᠭᠡᠷ ᠲᠤ᠂ ︽ᠰᠤᠶᠤᠯ ᠢ ᠬᠦᠷᠭᠡᠬᠦ︾ ᠪᠠ ︽ᠰᠤᠶᠤᠯ ᠢ ᠦᠨᠳᠦᠰᠦᠯᠡᠭᠦᠯᠬᠦ︾ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠲᠡᠳᠬᠦᠵᠦ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠤᠷᠠᠯᠢᠭ ᠤᠨ ᠵᠢᠯᠣᠭᠤᠳᠣᠯᠭ᠎ᠠ᠂ ᠲᠠᠯᠠᠪᠤᠷ᠂ ᠠᠮᠤᠷ ᠲᠦᠪᠰᠢᠨ᠂ ᠬᠤᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠳᠥᠭᠦᠮ ᠳᠦᠳᠡ ᠨᠦᠬᠦᠴᠡᠯ ᠢ ᠢᠳᠡᠪᠬᠢᠲᠡᠶ ᠬᠠᠩᠭᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠣᠶᠣᠯ ᠤᠨ ᠨᠢᠭᠡᠴᠢ ᠬᠢᠭᠡᠳ ᠬᠤᠲᠠ ᠬᠥᠳᠡᠭᠡ ᠶᠢᠨ ᠦᠨᠳᠦᠰᠦᠨ ᠱᠠᠲᠤ ᠯᠤᠭ᠎ᠠ ︽ᠬᠤᠤᠰᠯᠠᠭᠤᠯᠬᠤ᠂ ᠰᠤᠶᠤᠯ ᠢ ᠦᠨᠳᠦᠰᠦᠯᠡᠭᠦᠯᠬᠦ︾ ᠠᠵᠢᠯᠯᠠᠭ᠎ᠠ ᠦᠷᠨᠢᠭᠦᠯᠬᠦ ᠶᠢ ᠵᠤᠷᠢᠭᠵᠢᠭᠤᠯᠵᠤ᠂ ᠪᠦᠬᠦ ᠠᠷᠠᠳ ᠲᠤ ᠤᠷᠠᠯᠢᠭ ᠢ ᠲᠦᠭᠡᠮᠡᠯᠵᠢᠭᠦᠯᠵᠦ᠂ ᠦᠨᠳᠦᠰᠦᠨ ᠱᠠᠲᠤᠨ ᠳᠤ ᠦᠨᠳᠦᠰᠦᠯᠡᠭᠰᠡᠨ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠢ ᠪᠤᠶᠢᠵᠢᠭᠤᠯᠤᠨ᠂ ᠬᠤᠷᠴᠠ ᠴᠢᠳᠠᠮᠠᠭᠠᠶ ᠥᠨᠳᠥᠷ ᠪᠦᠲᠦᠮᠵᠢᠲᠡᠶ ᠪᠠᠶᠢᠬᠤ ᠦᠨᠳᠦᠰᠦᠨ ᠱᠠᠲᠤᠨ ᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠣᠯᠠᠨ ᠣᠳᠣᠨ ᠱᠠᠩᠨᠠᠯ︾ ᠵᠡᠷᠭᠡ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠶᠢ ᠠᠬᠢᠭᠤᠯᠵᠤ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠰᠣᠶᠣᠯ ᠤᠨ ᠪᠠᠶᠢᠭᠤᠯᠤᠯᠲᠠ ᠶᠢᠨ ᠥᠪᠡᠷ ᠢ ᠪᠠᠨ ᠬᠥᠭᠵᠢᠭᠦᠯᠬᠦ᠂ ᠦᠪᠡᠷ ᠤᠨ ᠪᠡᠶ᠎ᠡ ᠳᠤ ᠪᠠᠨ ᠦᠢᠯᠡᠴᠢᠯᠡᠬᠦ ᠴᠢᠳᠠᠮᠵᠢ ᠶᠢ ᠨᠢ ᠨᠡᠮᠡᠭᠳᠡᠭᠦᠯᠦᠨ᠎ᠡ᠃