ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠠᠶᠢᠭᠤᠯᠤᠭᠳᠠᠭᠰᠠᠨ 70 ᠵᠢᠯ ᠤᠨ ᠣᠶ ᠶᠢᠨ ᠶᠡᠭᠡ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/10/16

    10 ᠰᠠᠷ᠎ᠠ ᠶᠢᠨ 15 ᠤ ᠡᠳᠦᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠢᠷᠡᠭᠡᠳᠦᠢ ᠳᠤ ᠬᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠵᠢᠴᠢ ᠦᠢᠯᠡᠳᠪᠦᠷᠢ ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠬᠤᠷᠠᠯ ᠶᠠᠪᠤᠭᠳᠠᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠲᠤᠰᠬᠠᠢ ᠮᠡᠷᠭᠡᠵᠢᠯᠲᠡᠨ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠠᠴᠠ ᠬᠦᠷᠦᠯᠴᠡᠨ ᠢᠷᠡᠭᠰᠡᠨ ᠲᠥᠯᠥᠭᠡᠯᠡᠭᠴᠢ ︽ᠲᠠᠯ᠎ᠠ ᠨᠤᠲᠤᠭ ᠤᠨ ᠪᠣᠯᠣᠳ ᠬᠤᠳᠠ︾ ᠳᠤ ᠪᠠᠶᠠᠷᠲᠠᠶᠢᠬᠠᠨ ᠴᠤᠭᠯᠠᠷᠠᠵᠤ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ ᠪᠠᠶᠢᠭᠤᠯᠤᠭᠰᠠᠨ︾ ᠲᠡᠦᠬᠡ ᠶᠢ ᠲᠠᠭᠢᠨ ᠡᠷᠭᠢᠴᠡᠭᠦᠯᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ ᠶᠠᠷᠢᠯᠴᠠᠪᠠ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠶᠡᠭᠡ ᠬᠤᠷᠠᠯ ᠳᠤ ᠣᠷᠣᠯᠴᠠᠵᠠᠢ᠃

    ᠳ᠋ᠢᠩ ᠰᠢᠤ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠦᠭᠡ ᠬᠡᠯᠡᠵᠡᠢ᠂ ᠲᠡᠷᠡ᠂ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠦᠨᠳᠦᠰᠦᠲᠡᠨ ᠤ ᠭᠠᠵᠠᠷ ᠣᠷᠣᠨ ᠳᠤ ᠪᠠᠶᠢᠭᠤᠯᠤᠭᠰᠠᠨ ᠠᠩᠬᠠᠳᠠᠭᠴᠢ ᠲᠣᠮᠣ ᠭᠡᠯᠪᠡᠷᠢ ᠶᠢᠨ ᠪᠣᠯᠣᠳ ᠲᠡᠮᠦᠷ ᠤᠨ ᠬᠤᠯᠪᠣᠭᠠᠲᠤ ᠠᠵᠤ ᠠᠬᠤᠶᠢᠯᠠᠯ ᠪᠣᠯᠣᠨ᠎ᠠ᠃ ᠨᠠᠮ ᠪᠠ ᠤᠯᠤᠰ ᠠᠴᠠ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠬᠥᠭᠵᠢᠯᠲᠡ ᠶᠢ ᠲᠤᠶᠢᠯ ᠢᠶᠠᠷ ᠬᠠᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠳᠤ ᠴᠢᠩ ᠰᠡᠳᠬᠢᠯ ᠤᠨ ᠨᠠᠶᠢᠳᠠᠯᠭ᠎ᠠ ᠲᠠᠯᠪᠢᠵᠤ᠂ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠨᠢ ᠪᠦᠭᠦᠳᠠ ᠨᠠᠶᠢᠷᠠᠮᠳᠠᠬᠤ ᠤᠯᠤᠰ ᠤᠨ ᠠᠵᠤ ᠦᠢᠯᠡᠳᠪᠦᠷᠢ ᠶᠢᠨ ᠲᠡᠮᠡᠴᠡᠯ ᠬᠥᠭᠵᠢᠯᠲᠡ ᠶᠢᠨ ᠲᠡᠦᠬᠡᠨ ᠥᠩᠭᠡᠷᠡᠯᠲᠡ ᠶᠢ ᠲᠠᠮᠠᠭᠠᠯᠠᠵᠤ᠂ ᠪᠣᠯᠣᠳ ᠲᠡᠮᠦᠷ ᠢᠶᠠᠷ ᠤᠯᠤᠰ ᠢᠶᠠᠨ ᠬᠥᠭᠵᠢᠭᠦᠯᠦᠨ ᠮᠠᠨᠳᠤᠭᠤᠯᠬᠤ᠂ ᠬᠤᠪᠣᠷ ᠰᠢᠷᠣᠢ ᠪᠠᠷ ᠤᠯᠤᠰ ᠢᠶᠠᠨ ᠬᠦᠴᠦᠷᠬᠡᠭᠵᠢᠭᠦᠯᠬᠦ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ ᠢᠮᠠᠭᠲᠠ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠪᠦᠲᠦᠭᠡᠨ ᠪᠠᠶᠢᠭᠤᠯᠬᠤ ᠲᠤᠯᠭᠠᠭᠤᠷᠢ ᠬᠦᠴᠦᠨ ᠪᠣᠯᠣᠭᠰᠠᠭᠠᠷ ᠢᠷᠡᠵᠠᠢ᠃ 70 ᠵᠢᠯ ᠤᠨ ᠲᠤᠷᠰᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠣᠯᠣᠨ ᠪᠤᠭᠤᠲᠤ ᠬᠤᠲᠠ ᠶᠢᠨ ᠬᠢᠨ ᠠᠵᠤ ᠠᠬᠤᠶᠢᠯᠠᠯ ᠪᠠ ᠣᠷᠣᠨ ᠨᠤᠲᠤᠭ ᠬᠤᠭᠤᠷᠣᠨᠳᠤ ᠪᠠᠨ ᠠᠭᠤᠰᠤᠯᠴᠠᠵᠤ᠂ ᠬᠠᠷᠢᠯᠴᠠᠨ ᠠᠮᠵᠢᠯᠲᠠ ᠪᠦᠲᠦᠮᠵᠢ ᠣᠯᠵᠤ᠂ ᠢᠷᠡᠭᠡᠳᠦᠢ ᠳᠤ ᠬᠠᠨᠳᠤᠨ᠂ ᠪᠢᠳᠠ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠴᠢᠬᠤᠯᠠ ᠶᠡᠭᠡ ᠡᠭᠦᠷᠭᠡ ᠶᠢ ᠬᠠᠮᠲᠤ ᠪᠠᠷ ᠡᠭᠦᠷᠭᠡᠯᠡᠵᠦ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ ᠤ ᠪᠠᠶᠢᠷᠢ ᠰᠠᠭᠤᠷᠢ ᠶᠢ ᠬᠠᠮᠲᠤ ᠪᠠᠷ ᠰᠠᠶᠢᠲᠤᠷ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠬᠠᠮᠲᠤ ᠪᠠᠷ ᠰᠠᠶᠢᠲᠤᠷ ᠵᠠᠮᠨᠠᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠥᠷ ᠮᠣᠩᠭᠤᠯ ᠤᠨ ᠬᠤᠪᠣᠷ ᠰᠢᠷᠣᠢ ᠶᠢᠨ ︽ᠳᠡᠯᠡᠬᠡᠢ ᠶᠢᠨ ᠲᠡᠰ ᠤᠨ ᠨᠥᠭᠡᠴᠡ︾ ᠠᠴᠠ ︽ᠳᠡᠯᠡᠬᠡᠢ ᠶᠢᠨ ᠲᠡᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠪᠢᠳᠡ ᠭᠠᠷ ᠬᠤᠯᠪᠣᠨ ᠮᠥᠷᠥ ᠵᠡᠷᠭᠡᠴᠡᠵᠦ᠂ ᠠᠯᠳᠠᠷ ᠭᠤᠲᠤᠮᠰᠢᠭ ᠢᠶᠠᠨ ᠬᠠᠮᠲᠤᠳᠬᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠪᠠᠷ ᠬᠦᠴᠢᠷᠳᠡᠯ ᠢ ᠠᠷᠢᠯᠭᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠭᠡᠷᠡᠯ ᠰᠠᠴᠤᠷᠠᠩᠭᠤᠢ ᠰᠢᠨ᠎ᠡ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃

    ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ 1954 ᠣᠨ ᠳᠤ ᠪᠠᠶᠢᠭᠤᠯᠵᠤ᠂ ︽ᠠᠩᠬᠠᠳᠤᠭᠠᠷ ᠲᠠᠪᠤᠨ ᠵᠢᠯ︾ ᠤᠨ ᠲᠥᠯᠥᠪᠯᠡᠭᠡ ᠳᠤ ᠲᠣᠭᠲᠠᠭᠠᠭᠰᠠᠨ ︽ᠭᠤᠷᠪᠠᠨ ᠶᠡᠭᠡ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠰᠠᠭᠤᠷᠢᠨ︾ ᠤ ᠨᠢᠭᠡ ᠪᠣᠯᠤᠭᠰᠠᠨ ᠤ ᠬᠤᠪᠢ ᠳᠤ᠂ 70 ᠵᠢᠯ ᠤᠨ ᠲᠤᠷᠰᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠪᠣᠯᠣᠳ ᠲᠡᠮᠦᠷ ᠤᠨ ᠭᠠᠷᠤᠯᠲᠠ ᠦᠢᠯᠡᠳᠪᠦᠷᠢ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠡᠳᠦᠨ ᠲᠦᠮᠡᠨ ᠲᠣᠨ ᠪᠠᠶᠢᠭᠰᠠᠨ ᠠᠴᠠ ᠨᠡᠮᠡᠭᠳᠡᠭᠡᠳ ᠣᠳᠣᠬᠠᠨ ᠤ 1500 ᠲᠦᠮᠡᠨ ᠲᠣᠨ ᠤ ᠲᠦᠪᠰᠢᠨ ᠳᠤ ᠲᠣᠭᠲᠠᠪᠤᠷᠢᠵᠢᠪᠠ᠃ ᠠᠵᠤ ᠦᠢᠯᠡᠰ ᠤᠨ ᠪᠦᠲᠦᠴᠡ ᠨᠢ ᠠᠰᠢᠭᠯᠠᠯᠲᠠ ᠳᠤ ᠣᠷᠣᠭᠰᠠᠨ ᠡᠬᠢᠨ ᠤ ᠦᠶ᠎ᠡ ᠶᠢᠨ ᠲᠠᠩ ᠪᠣᠯᠣᠳ ᠲᠡᠮᠦᠷ ᠤᠨ ᠠᠵᠤ ᠦᠢᠯᠡᠰ ᠪᠠᠶᠢᠭᠰᠠᠨ ᠠᠴᠠ ᠪᠠᠨ ᠤᠳᠤ ᠪᠣᠯᠣᠳ ᠲᠡᠮᠦᠷ᠂ ᠬᠤᠪᠣᠷ ᠰᠢᠷᠣᠢ ᠶᠢᠨ ᠬᠤᠣᠰ ᠭᠤᠣᠯ ᠠᠵᠤ ᠦᠢᠯᠡᠰ᠂ ᠡᠬᠢ ᠪᠠᠶᠠᠯᠢᠭ ᠵᠢᠴᠢ ᠶᠡᠷᠦᠩᠬᠡᠶᠢᠯᠡᠨ ᠠᠰᠢᠭᠯᠠᠬᠤ᠂ ᠪᠠᠷᠠᠭᠠᠨ ᠤ ᠭᠦᠢᠯᠭᠡᠭᠡ᠂ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠲᠣᠨᠣᠭᠯᠠᠯ ᠵᠢᠴᠢ ᠤᠳᠤ ᠦᠶ᠎ᠡ ᠶᠢᠨ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠬᠠᠮᠵᠢᠯᠴᠠᠨ ᠬᠥᠭᠵᠢᠭᠰᠡᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠡᠢ᠃ ᠥᠨᠥᠳᠥᠷ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ᠂ ᠬᠤᠪᠣᠷ ᠰᠢᠷᠣᠢ ᠶᠢ ᠬᠠᠶᠢᠯᠤᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠰᠠᠯᠭᠠᠬᠤ᠂ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ᠂ ᠭᠢᠯᠠᠶᠢᠯᠭᠠᠬᠤ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠪᠦᠭᠦ ᠳᠡᠯᠡᠬᠡᠢ ᠳᠤ ᠨᠢᠭᠡᠳᠦᠭᠡᠷ ᠲᠤ ᠣᠷᠣᠵᠤ᠂ ᠵᠢᠯ ᠪᠦᠷᠢ ᠪᠦᠭᠦ ᠪᠥᠮᠪᠥᠷᠴᠡᠭ ᠤᠨ 40% ᠠᠴᠠ ᠳᠡᠭᠡᠭᠰᠢᠬᠢ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠬᠦᠨ ᠢ ᠬᠠᠩᠭᠠᠵᠤ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ ᠠᠵᠤ ᠦᠢᠯᠡᠳᠪᠦᠷᠢ ᠶᠢᠨ ᠰᠠᠭᠤᠷᠢᠨ ᠪᠣᠯᠪᠠ᠃

    ᠶᠡᠭᠡ ᠬᠤᠷᠠᠯ ᠤᠨ ᠬᠤᠭᠤᠴᠠᠭᠠᠨ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︽ᠰᠢᠨ᠎ᠡ ᠴᠢᠨᠠᠷ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢᠷᠡᠭᠡᠳᠦᠢ ᠪᠠᠨ ᠤᠭᠲᠤᠨ᠎ᠠ︾ ᠭᠡᠬᠦ ᠭᠤᠣᠯ ᠰᠡᠳᠦᠪᠲᠦ ᠮᠡᠳᠡᠭᠦᠯᠦᠯᠲᠡ ᠶᠢ ᠭᠠᠳᠠᠭᠰᠢ ᠨᠡᠶᠢᠲᠡᠯᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠴᠢᠭᠯᠡᠯ ᠢ ᠪᠠᠷᠠᠯᠠᠪᠠ᠃ ᠡᠷᠬᠢᠮ ᠵᠣᠴᠢᠳ ᠢ ᠤᠷᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠡᠷᠢᠭᠦᠨ ᠤ ᠪᠣᠯᠣᠳ ᠲᠡᠮᠦᠷ ᠮᠠᠲ᠋ᠧᠷᠢᠶᠠᠯ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠶᠢᠨ ᠰᠤᠳᠤᠯᠤᠨ ᠶᠠᠷᠢᠯᠴᠠᠬᠤ ᠳᠤ ᠣᠷᠣᠯᠴᠠᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠠᠪᠰᠤᠷᠤᠨ ᠨᠢᠭᠡᠨ ᠤᠷᠢᠳᠠᠴᠢ ᠴᠢᠨᠠᠷᠲᠠᠢ᠂ ᠰᠢᠨᠵᠢᠯᠡᠬᠦ ᠤᠬᠠᠭᠠᠨᠴᠢ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠪᠤᠶ ᠪᠤᠯᠭᠠᠬᠤ ᠪᠠᠷ ᠴᠢᠷᠮᠠᠶᠢᠪᠠ᠃

    ᠲᠣᠰ ᠡᠳᠦᠷ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠤᠮᠠᠷᠠᠲᠤ ᠣᠷᠣᠨ ᠤ ᠬᠤᠪᠣᠷ ᠰᠢᠷᠣᠢ ᠶᠢᠨ ᠪᠣᠬᠢᠷᠳᠤᠯ ᠦᠭᠡᠢ ᠲᠡᠮᠦᠷᠯᠢᠭ ᠬᠠᠶᠢᠯᠤᠭᠤᠯᠵᠤ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠂ ᠲᠣᠰ ᠲᠥᠷᠥᠯ ᠵᠦᠢᠯ ᠪᠣᠯ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠠᠮᠤᠭ ᠤᠨ ᠶᠡᠭᠡ ᠲᠠᠩ ᠴᠣᠭᠴᠠᠲᠤ ᠢᠨᠵᠧᠨᠧᠷᠢᠩ ᠪᠣᠯᠣᠨ᠎ᠠ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠢ ᠪᠠᠶᠢᠭᠤᠯᠤᠨ ᠠᠰᠢᠭᠯᠠᠯᠲᠠ ᠳᠤ ᠣᠷᠣᠭᠤᠯᠤᠭᠰᠠᠨ ᠨᠢ ᠪᠦᠭᠦ ᠪᠥᠮᠪᠥᠷᠴᠡᠭ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ