ᠣᠷᠳᠣᠰ ᠬᠤᠲᠠ ᠬᠤᠲᠠ ᠶᠢᠨ ᠰᠢᠨᠡᠴᠢᠯᠡᠯᠲᠡ ᠶᠢᠨ ᠠᠵᠢᠯ ᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠤᠨ ᠨᠠᠷᠢᠨ ᠳᠠᠩᠰᠠᠨ ᠳᠤ ᠵᠢᠭᠰᠠᠭᠠᠨ ᠣᠷᠤᠭᠤᠯᠪᠠ
ᠨᠡᠶᠢᠲᠡᠯᠡᠭᠰᠡᠨ ᠴᠠᠭ᠄
2024/10/16

      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭᠠᠨ ᠤ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠤᠨ ᠨᠠᠷᠢᠨ ᠳᠠᠩᠰᠠ ︵ᠭᠤᠷᠪᠠᠳᠤᠭᠠᠷ ᠪᠦᠯᠦᠭ︶ ᠶᠢ ᠬᠡᠷᠡᠭᠵᠢᠭᠦᠯᠬᠦ ᠪᠠᠷ ᠳᠠᠷᠤᠮᠠᠯᠯᠠᠨ ᠲᠠᠷᠬᠠᠭᠠᠵᠤ᠂ ᠣᠷᠳᠣᠰ ᠬᠤᠲᠠ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠢ ᠵᠣᠷᠢᠭᠵᠢᠭᠤᠯᠵᠤ ᠪᠠᠶᠢᠭᠠᠳ ᠬᠤᠲᠠ ᠶᠢᠨ ᠰᠢᠨᠡᠴᠢᠯᠡᠯᠲᠡ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠭᠰᠡᠨ ᠠᠷᠭ᠎ᠠ ᠬᠢᠳᠡᠯ ᠨᠢ ᠮᠠᠨ ᠤ ᠣᠷᠣᠨ ᠤ ᠬᠤᠲᠠ ᠶᠢᠨ ᠰᠢᠨᠡᠴᠢᠯᠡᠯᠲᠡ ᠶᠢᠨ ᠣᠯᠠᠨ ᠲᠠᠯ᠎ᠠ ᠶᠢᠨ ᠬᠢᠨ ᠢ ᠣᠷᠣᠯᠴᠠᠭᠤᠯᠬᠤ ᠲᠣᠭᠲᠠᠴᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠬᠦ ᠲᠠᠯ᠎ᠠ ᠪᠠᠷ ᠬᠢ ᠲᠥᠯᠥᠭᠡᠯᠡᠭᠴᠢ ᠲᠥᠷᠥᠯ ᠵᠦᠢᠯ ᠢᠶᠠᠷ ᠠᠮᠵᠢᠯᠲᠠ ᠲᠠᠢ ᠪᠠᠷ ᠰᠣᠩᠭᠤᠭᠳᠠᠭᠰᠠᠨ ᠤ ᠬᠠᠮᠲᠤ ᠪᠥᠬᠦ ᠤᠯᠤᠰ ᠲᠤ ᠳᠡᠯᠭᠡᠷᠡᠭᠦᠯᠪᠡ᠃ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 1980 ᠬᠠᠭᠤᠴᠢᠨ ᠵᠡᠭᠡᠯᠢ ᠲᠣᠭᠤᠷᠢᠭ ᠤᠨ ᠲᠥᠷᠥᠯ ᠵᠦᠢᠯ ᠢ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠨᠢᠭᠡᠳᠦᠯᠲᠡᠶ ᠡᠭᠡᠭᠦᠯᠦᠨ ᠲᠦᠷᠢᠶᠡᠰᠦᠯᠡᠭᠦᠯᠬᠦ᠂ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠥᠭᠡᠷᠡᠴᠢᠯᠡᠵᠦ᠂ ᠠᠷᠢᠬᠢᠨ ᠪᠠᠭᠠᠷ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ᠂ ᠣᠯᠠᠨ ᠡᠰᠢᠴᠢᠯᠡᠭᠰᠡᠨ ᠡᠵᠡᠩᠨᠡᠯᠲᠡ ᠪᠠᠷ ᠳᠠᠮᠵᠢᠭᠤᠯᠤᠨ ᠬᠤᠳᠠᠯᠳᠤᠭᠠᠨ ᠤ ᠥᠷᠲᠡᠭ ᠢ ᠨᠢ ᠭᠦᠢᠯᠭᠡᠭᠡᠨ ᠲᠠᠢ ᠪᠣᠯᠭᠠᠵᠤ᠂ ᠵᠡᠭᠡᠯᠢ ᠲᠣᠭᠤᠷᠢᠭ ᠤᠨ ᠤᠤᠭᠠᠯ ᠰᠠᠭᠤᠭᠠᠯᠢ ᠠᠷᠠᠳ ᠢ ᠳᠠᠶᠢᠴᠢᠯᠠᠨ ᠰᠠᠨᠠᠭᠠᠴᠢᠯᠠᠭ᠎ᠠ ᠠᠴᠠ ᠪᠠᠨ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢᠶᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠨᠠᠶᠢᠳᠠᠵᠤ ᠨᠢᠭᠡᠳᠦᠯᠲᠡᠶ ᠬᠠᠮᠢᠶᠠᠷᠤᠭᠤᠯᠵᠤ᠂ ᠰᠠᠶᠢᠨ ᠳᠤᠷ᠎ᠠ ᠠᠴᠠ ᠪᠠᠨ ᠵᠡᠭᠡᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠳᠤ ᠣᠷᠣᠯᠴᠠᠭᠤᠯᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠨᠡᠶᠢᠲᠡ 1700 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠳᠠᠯᠳᠤᠭᠠᠴᠢᠨ ᠡᠷᠦᠬᠡ ᠶᠢ ᠳᠠᠶᠢᠴᠢᠯᠠᠨ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 94 ᠢᠵᠢ ᠭᠡᠷ ᠪᠠᠶᠢᠰᠢᠩ ᠢ ᠭᠦᠢᠯᠭᠡᠭᠡᠨ ᠲᠠᠢ ᠪᠣᠯᠭᠠᠪᠠ᠃ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠠᠮᠵᠢᠯᠲᠠ ᠣᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠤᠨᠴᠠᠯᠢᠬᠳᠤ 6 ᠵᠡᠭᠡᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ ᠶᠢ ᠳᠡᠯᠭᠡᠷᠡᠭᠦᠯᠵᠦ᠂ 1000 ᠭᠠᠷᠤᠶ ᠬᠡᠷ ᠪᠠᠶᠢᠰᠢᠩ ᠢ ᠭᠦᠢᠯᠭᠡᠭᠡᠨ ᠲᠠᠢ ᠪᠣᠯᠭᠠᠬᠤ ᠪᠣᠯᠤᠨ᠎ᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠣᠷᠳᠣᠰ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ