ᠠᠯᠠᠱᠠ ᠠᠶᠢᠮᠠᠭ ︽ᠠᠷᠪᠠᠨ ᠬᠤᠶᠠᠷ ᠵᠢᠯ ᠤᠨ ᠳᠦᠷᠢᠮᠲᠦ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ︾ ᠰᠤᠷᠭᠠᠭᠤᠯᠢ ᠡᠷᠬᠢᠯᠡᠬᠦ ᠰᠢᠨ᠎ᠡ ᠬᠡᠪ ᠵᠠᠭᠪᠤᠷ ᠢ ᠡᠬᠢᠯᠡᠭᠦᠯᠪᠡ
ᠨᠡᠶᠢᠲᠡᠯᠡᠭᠰᠡᠨ ᠴᠠᠭ᠄
2024/10/16

      10 ᠳ᠋ᠤᠭᠠᠷ ᠰᠠᠷ᠎ᠠ ᠶᠢᠨ 14 ᠤ ᠡᠳᠦᠷ᠂ ᠠᠯᠠᠱᠠ ᠠᠶᠢᠮᠠᠭ ᠨᠢ ᠪᠡᠭᠡᠵᠢᠩ ᠤᠨ ᠬᠠᠨ ᠯᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠯᠦᠭᠡ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ ᠣᠷᠣᠨ ᠪᠦᠰᠡ ᠶᠢᠨ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠬᠠᠮᠲᠤᠷᠠᠯᠴᠠᠭ᠎ᠠ ᠶᠢ ᠠᠬᠢᠭᠤᠯᠬᠤ ᠪᠦᠳᠦᠭᠦᠪᠴᠢ ᠵᠦᠪᠯᠡᠯᠴᠡᠭᠡᠷ︾ ᠲᠣᠭᠲᠠᠪᠠ᠃ ᠲᠤᠰ ᠵᠦᠪᠯᠡᠯᠴᠡᠭᠡᠷ ᠤᠨ ᠶᠣᠰᠣᠭᠠᠷ᠂ ᠬᠤᠶᠠᠷ ᠲᠠᠯ᠎ᠠ ᠪᠠᠷ ᠢᠶᠠᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠵᠡᠷᠭᠡ ᠨᠡᠶᠢᠰᠯᠡᠯ ᠤᠨ ᠨᠠᠷᠠᠲᠤ ᠰᠤᠷᠭᠠᠭᠤᠯᠢ ᠶᠢᠨ ᠡᠬᠢ ᠪᠠᠶᠠᠯᠢᠭ ᠤᠳ ᠲᠤ ᠲᠦᠰᠢᠭᠯᠡᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠠᠪᠴᠠᠩ ᠢ ᠪᠠᠶᠢᠭᠤᠯᠵᠤ᠂ ᠠᠷᠪᠠᠨ ᠬᠤᠶᠠᠷ ᠵᠢᠯ ᠤᠨ ᠳᠦᠷᠢᠮᠲᠦ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ — ᠠᠯᠠᠱᠠ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠵᠤ᠂ ᠬᠠᠮᠢᠶᠠᠷᠤᠯᠲᠠ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢᠶᠠᠨ ᠬᠠᠮᠲᠤ ᠪᠠᠷ ᠬᠦᠷᠲᠡᠬᠦ᠂ ᠰᠣᠶᠣᠯ ᠢᠶᠠᠨ ᠬᠠᠮᠲᠤ ᠪᠠᠷ ᠬᠥᠮᠦᠵᠢᠭᠦᠯᠬᠦ᠂ ᠪᠠᠭᠰᠢ ᠨᠠᠷ ᠤᠨ ᠡᠩᠨᠡᠭᠡ ᠶᠢ ᠬᠠᠮᠲᠤ ᠪᠠᠷ ᠪᠠᠶᠢᠭᠤᠯᠬᠤ᠂ ᠵᠢᠭᠠᠨ ᠰᠤᠷᠭᠠᠯᠲᠠ ᠰᠤᠳᠤᠯᠭᠠᠨ ᠤ ᠪᠠᠶᠢᠭᠤᠯᠤᠮᠵᠢ ᠬᠤᠯᠪᠣᠭᠠᠯᠠᠬᠤ ᠶᠢ ᠪᠡᠶᠡᠯᠡᠭᠦᠯᠵᠦ᠂ ᠣᠨᠴᠠᠯᠢᠭ ᠢᠯᠡ ᠲᠣᠳᠣ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠᠷ ᠲᠡᠷᠢᠭᠦᠨ ᠵᠡᠷᠭᠡ ᠶᠢᠨ ᠰᠢᠨ᠎ᠡ ᠰᠢᠯᠢᠳᠡᠭ ᠴᠢᠨᠠᠷ ᠪᠦᠬᠦᠢ ᠰᠤᠷᠭᠠᠭᠤᠯᠢ ᠶᠢᠨ ᠪᠦᠯᠦᠭᠵᠢᠯ ᠢ ᠡᠭᠦᠳᠦᠨ ᠪᠠᠶᠢᠭᠤᠯᠤᠨ᠎ᠠ᠃ ᠡᠨᠡ ᠬᠦ ᠬᠤᠭᠤᠴᠠᠭᠠᠨ ᠳᠤ᠂ ᠪᠠᠰᠠ ︽ᠴᠢᠦᠶ ᠵᠢᠶᠠᠨ ᠬᠤᠸᠠ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠪᠥᠬᠦ ᠠᠶᠢᠮᠠᠭ ᠤᠨ 21 ᠵᠠᠬᠢᠷᠤᠯ ᠠᠵᠢᠯᠯᠠᠬᠤ ᠲᠠᠰᠤᠭ ᠲᠤ ᠣᠷᠣᠯᠴᠠᠵᠤ᠂ ᠲᠤᠰᠬᠠᠶ ᠮᠡᠷᠭᠡᠵᠢᠯᠲᠡᠳ ᠬᠥᠲᠥᠯᠦᠨ ᠳᠠᠭᠠᠭᠤᠯᠬᠤ᠂ ᠥᠪᠡᠷ ᠢᠶᠠᠨ ᠰᠤᠳᠤᠯᠤᠨ ᠰᠤᠷᠤᠯᠴᠠᠬᠤ᠂ ᠪᠦᠯᠬᠦᠮ ᠨᠡᠶᠢᠲᠡ ᠪᠠᠷ ᠢᠶᠠᠨ ᠬᠠᠮᠲᠤᠷᠠᠯᠴᠠᠬᠤ᠂ ᠨᠥᠯᠥᠭᠡᠯᠡᠨ ᠳᠠᠶᠢᠴᠢᠯᠠᠬᠤ ᠴᠢᠳᠠᠪᠤᠷᠢ ᠲᠠᠢ ᠰᠤᠷᠭᠠᠭᠤᠯᠢ ᠡᠷᠭᠢᠯᠡᠬᠦ ᠰᠢᠨ᠎ᠡ ᠬᠡᠪ ᠵᠠᠭᠪᠤᠷ ᠢ ᠡᠬᠢᠯᠡᠭᠦᠯᠪᠡ᠃ ︵ᠠᠯᠠᠱᠠ ᠠᠶᠢᠮᠠᠭ ᠤᠨ ᠵᠠᠬᠢᠷᠭ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ