10 ᠳ᠋ᠤᠭᠠᠷ ᠰᠠᠷ᠎ᠠ ᠶᠢᠨ 17 ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/10/17

      10 ᠳ᠋ᠤᠭᠠᠷ ᠰᠠᠷ᠎ᠠ ᠶᠢᠨ 15 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 14.4 ᠳ᠋ᠦᠩᠰᠢᠭᠤᠷ ᠲᠥᠭᠦᠷᠢᠭ ᠪᠣᠯᠬᠤ ᠳᠤᠮᠳᠠᠳᠤ ᠤᠯᠤᠰ ᠤᠨ ᠨᠡᠭᠦᠷᠡᠰᠦᠨ ᠤ ᠯᠢᠨᠰᠢ ᠳᠠᠬᠢ ᠰᠠᠯᠬᠢ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠪᠣᠬᠢᠷᠳᠤᠯ ᠦᠭᠡᠢ ᠮᠧᠲ᠋ᠢᠯ ᠠᠯᠺᠣᠤᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠤᠯᠠᠭᠠᠨᠬᠠᠳᠠ ᠳᠤ ᠨᠤᠲᠤᠭᠰᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠯ ᠳᠤ 20 ᠲᠦᠮᠡᠨ ᠲᠣᠨ ᠪᠣᠬᠢᠷᠳᠤᠯ ᠦᠭᠡᠢ ᠮᠧᠲ᠋ᠢᠯ ᠠᠯᠺᠣᠤᠯ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 7.9 ᠳ᠋ᠦᠩᠰᠢᠭᠤᠷ ᠲᠥᠭᠦᠷᠢᠭ ᠲᠤ ᠬᠦᠷᠬᠦ ᠪᠠᠷ ᠵᠢᠱᠢᠵᠤ ᠪᠠᠶᠢᠨ᠎ᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶

      10 ᠳ᠋ᠤᠭᠠᠷ ᠰᠠᠷ᠎ᠠ ᠶᠢᠨ 13 ᠤ ᠡᠳᠦᠷ᠂ ᠯᠢᠨ ᠾᠧ ᠲᠣᠭᠤᠷᠢᠭ ᠲᠠᠬᠢ ᠥᠪᠥᠷ ᠮᠣᠩᠭᠤᠯ ᠤᠨ ᠶᠠᠩ ᠳ᠋ᠦ᠋ ᠬᠠᠩᠭᠠᠯᠭ᠎ᠠ ᠬᠡᠯᠬᠢᠶᠡᠨ ᠤ ᠬᠠᠮᠢᠶᠠᠷᠤᠯᠲᠠ ᠶᠢᠨ ᠺᠣᠮᠫᠠᠨᠢ ᠨᠢ ᠵᠥᠩ ᠨᠦᠩ ᠶᠦᠩ ᠴᠧᠩ ︵ᠵᠣᠣ ᠴᠢᠩ︶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠬᠤᠶᠠᠷ ᠲᠠᠯ᠎ᠠ ᠪᠠᠷ ᠢᠶᠠᠨ ᠠᠯᠠᠰᠢᠨ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠬᠠᠮᠲᠤᠷᠠᠨ ᠪᠠᠶᠢᠭᠤᠯᠤᠨ ᠡᠵᠡᠩᠨᠡᠵᠦ᠂ ᠵᠢᠯ ᠤᠨ ᠠᠷᠠᠯᠵᠢᠶ᠎ᠠ ᠶᠢᠨ ᠬᠡᠮᠵᠢᠶ᠎ᠡ ᠨᠢ ᠵᠠᠭᠤᠨ ᠲᠦᠮᠡᠨ ᠲᠤᠭ᠎ᠠ ᠲᠣᠯᠤᠭᠠᠢ ᠠᠴᠠ ᠳᠡᠭᠡᠭᠰᠢ ᠪᠠᠶᠢᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ