ᠬᠢᠨᠠᠨ ᠪᠤᠳᠤᠬᠤ ᠲᠢᠩᠬᠢᠮ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ  ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/10/17

       2023 ᠣᠨ ᠳᠤ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠨᠢ ᠠᠶᠢᠮᠠᠭ ᠬᠤᠲᠠ᠂ ᠬᠤᠰᠢᠭᠤ ᠰᠢᠶᠠᠨ ᠤ ᠬᠢᠨᠠᠨ ᠪᠤᠳᠤᠬᠤ ᠪᠠᠶᠢᠭᠤᠯᠭ᠎ᠠ ᠨᠤᠭᠤᠳ ᠢ ᠵᠣᠬᠢᠶᠠᠨ ᠪᠠᠶᠢᠭᠤᠯᠵᠤ᠂ 39 ᠬᠤᠰᠢᠭᠤ ᠰᠢᠶᠠᠨ ᠳᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠲᠤᠰᠬᠠᠶ ᠬᠢᠨᠠᠨ ᠪᠤᠳᠤᠬᠤ ᠪᠠᠶᠢᠴᠠᠭᠠᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠲᠤᠰᠬᠠᠶ ᠬᠢᠨᠠᠨ ᠪᠤᠳᠤᠬᠤ ᠠᠵᠢᠯ ᠢ ᠥᠷᠨᠢᠭᠦᠯᠪᠡ᠃ ᠡᠨᠡ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ  ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠪᠣᠳᠣᠬᠤ ᠪᠠᠶᠢᠴᠠᠭᠠᠯᠲᠠ ᠳᠤ ᠢᠯᠡᠷᠡᠭᠦᠯᠦᠭᠰᠡᠨ 10 ᠶᠡᠭᠡ ᠲᠥᠷᠥᠯ ᠤᠨ 511 ᠠᠰᠠᠭᠤᠳᠠᠯ ᠤᠨ ᠳᠣᠲᠤᠷᠠᠬᠢ 462 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 90% ᠳᠤ ᠬᠦᠷᠪᠡ︔ ᠰᠤᠯᠠ ᠲᠠᠯᠪᠢᠭᠳᠠᠵᠤ ᠪᠠᠶᠢᠭ᠎ᠠ 2731.76 ᠲᠦᠮᠡᠨ ᠲᠦᠭᠦᠷᠢᠭ ᠤᠨ ᠪᠡᠯᠡ ᠮᠦᠩᠬᠦ ᠪᠠ ᠡᠳ᠋ ᠬᠦᠷᠦᠩᠭᠡ ᠶᠢ ᠭᠦᠢᠯᠭᠡᠭᠡᠨ ᠲᠠᠢ ᠪᠣᠯᠭᠠᠵᠤ᠂ 9 ᠠᠶᠢᠮᠠᠭ ᠬᠤᠲᠠ ᠶᠢᠨ 13 ᠬᠤᠰᠢᠭᠤ ᠰᠢᠶᠠᠨ ᠢ ᠰᠢᠮᠳᠠᠭᠤᠯᠵᠤ ᠪᠠᠶᠢᠭᠠᠳ 35.38 ᠲᠦᠮᠡᠨ ᠬᠦᠮᠦᠨ ᠳᠤ 20728.28 ᠲᠥᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦᠯ ᠤᠨ ᠨᠦᠬᠦᠪᠦᠷᠢ ᠮᠦᠩᠭᠦ ᠶᠢ ᠣᠯᠭᠤᠪᠠ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠭᠦᠯᠦᠨ ᠬᠦᠷᠭᠡᠭᠰᠡᠨ ᠰᠦᠪᠡᠭᠴᠢ 27 ᠪᠠᠶᠢᠵᠤ᠂ ᠨᠢᠭᠡᠨᠲᠡ ᠰᠢᠢᠳᠪᠦᠷᠢᠯᠡᠭᠰᠡᠨ ᠦᠷ᠎ᠡ ᠳ᠋ᠦᠩ ᠢᠶᠠᠨ ᠬᠠᠷᠢᠭᠤ ᠳᠤᠰᠬᠠᠭᠰᠠᠨ ᠨᠢ 26 ᠪᠠᠶᠢᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠬᠤ 26 ᠬᠦᠮᠦᠨ ᠳᠤ ᠰᠢᠢᠳᠬᠡᠯ ᠥᠭᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠢᠨᠠᠨ ᠪᠣᠳᠤᠯᠲᠠ ᠳᠤ ᠢᠯᠡᠷᠡᠭᠦᠯᠦᠭᠰᠡᠨ 223 ᠠᠰᠠᠭᠤᠳᠠᠯ ᠤᠨ ᠳᠣᠲᠤᠷᠠᠬᠢ 214 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ ᠨᠢ 96% ᠳᠤ ᠬᠦᠷᠴᠦ᠂ ᠰᠤᠯᠠ ᠲᠠᠯᠪᠢᠭᠳᠠᠵᠤ ᠪᠠᠶᠢᠭ᠎ᠠ 5902.31 ᠲᠦᠮᠡᠨ ᠲᠥᠭᠦᠷᠢᠭ ᠤᠨ ᠪᠡᠯᠡ ᠮᠦᠩᠬᠦ ᠪᠠ ᠡᠳ᠋ ᠬᠦᠷᠦᠩᠭᠡ ᠶᠢ ᠭᠦᠢᠯᠭᠡᠭᠡᠨ ᠲᠠᠢ ᠪᠣᠯᠭᠠᠵᠤ᠂ 40 ᠵᠦᠢᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠬᠤ 11 ᠬᠦᠮᠦᠨ ᠳᠤ ᠰᠢᠢᠳᠬᠡᠯ ᠥᠭᠴᠡᠢ᠃ ︵ᠬᠢᠨᠠᠨ ᠪᠣᠳᠣᠬᠤ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ