10 ᠳ᠋ᠤᠭᠠᠷ ᠰᠠᠷ᠎ᠠ ᠶᠢᠨ 15 ᠤ ᠡᠳᠦᠷ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠭᠤᠲᠤ ᠬᠤᠲᠠ ᠳᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/10/17

      10 ᠳ᠋ᠤᠭᠠᠷ ᠰᠠᠷ᠎ᠠ ᠶᠢᠨ 15 ᠤ ᠡᠳᠦᠷ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠶ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠭᠤᠲᠤ ᠬᠤᠲᠠ ᠳᠤ ᠠᠰᠢᠭᠯᠠᠯᠲᠠ ᠳᠤ ᠣᠷᠣᠪᠠ᠃ ᠲᠣᠰ ᠰᠠᠭᠤᠷᠢᠨ ᠭᠠᠵᠠᠷ ᠤᠨ ᠶᠡᠷᠦᠩᠬᠡᠶ ᠪᠠᠯᠠ ᠣᠷᠣᠭᠤᠯᠤᠯᠲᠠ ᠨᠢ 77.9 ᠳ᠋ᠦᠩᠰᠢᠭᠤᠷ ᠲᠥᠭᠦᠷᠢᠭ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ 90 ᠭᠠᠷᠤᠶ ᠨᠢᠭᠡᠴᠢ ᠨᠦᠭᠦᠳ ᠲᠤᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠵᠠᠶ᠃ ᠲᠥᠷᠥᠯ ᠵᠦᠢᠯ ᠪᠦᠬᠦᠨ ᠢᠶᠠᠷ ᠢᠶᠠᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠬᠤᠯᠢᠮᠠᠭ ᠬᠤᠪᠣᠷ ᠰᠢᠷᠣᠶ ᠶᠢᠨ ᠨᠠᠷᠢᠯᠢᠭ ᠠᠭᠤᠷᠬᠠᠶ ᠶᠢ 19.8 ᠲᠦᠮᠡᠨ ᠲᠣᠨ᠂ ᠴᠤᠭᠯᠠᠭᠤᠯᠤᠨ ᠰᠠᠯᠭᠠᠭᠰᠠᠨ ᠬᠤᠪᠣᠷ ᠰᠢᠷᠣᠶ ᠶᠢᠨ ᠢᠰᠦᠯ ᠢ 10.6 ᠲᠦᠮᠡᠨ ᠲᠣᠨ᠂ ᠬᠤᠪᠣᠷ ᠰᠢᠷᠣᠶ ᠶᠢᠨ 15 ᠡᠯᠧᠮᠧᠨ᠋ᠲ ᠢ ᠪᠦᠬᠦᠨ ᠢ ᠰᠠᠯᠭᠠᠬᠤ ᠴᠢᠳᠠᠪᠤᠷᠢ ᠶᠢ ᠪᠦᠷᠢᠯᠳᠦᠭᠦᠯᠵᠦ᠂ ᠬᠦᠬᠦᠷ ᠬᠦᠴᠢᠯ ᠤᠨ ᠬᠤᠪᠣᠷ ᠰᠢᠷᠣᠶ᠂ ᠾᠯᠣᠷᠲᠤ ᠬᠤᠪᠣᠷ ᠰᠢᠷᠣᠶ᠂ ᠨᠡᠭᠦᠷᠡᠰᠦ ᠬᠦᠴᠢᠯ ᠤᠨ ᠬᠤᠪᠣᠷ ᠰᠢᠷᠣᠶ᠂ ᠢᠰᠦᠯᠳᠦᠭᠰᠡᠨ ᠬᠤᠪᠣᠷ ᠰᠢᠷᠣᠶ ᠵᠡᠷᠭᠡ ᠵᠢᠷᠭᠤᠭᠠᠨ ᠶᠡᠭᠡ ᠰᠢᠷᠢᠰ᠂ 100 ᠭᠠᠷᠤᠶ ᠵᠦᠢᠯ ᠤᠨ ᠬᠤᠪᠣᠷ ᠰᠢᠷᠣᠶ ᠶᠢᠨ ᠦᠢᠯᠡᠳᠬᠦᠨ ᠢ ᠦᠢᠯᠡᠳᠪᠦᠷᠢᠯᠡᠵᠦ᠂ ᠦᠢᠯᠡᠳᠬᠦᠨ ᠤ ᠴᠡᠪᠡᠷ ᠤᠨ ᠬᠡᠮᠵᠢᠶ᠎ᠡ 99.9% ᠠᠴᠠ ᠳᠡᠭᠡᠭᠰᠢ ᠳᠤ ᠬᠦᠷᠴᠦ᠂ ᠬᠡᠷᠡᠭᠯᠡᠭᠰᠡᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ᠢ ᠠᠮᠢᠳᠤᠯᠢᠭ ᠢᠶᠠᠷ ᠰᠣᠯᠢᠵᠤ᠂ ᠬᠠᠮᠤᠭ ᠤᠨ ᠶᠡᠭᠡ ᠬᠡᠮᠵᠢᠶ᠎ᠡ ᠪᠠᠷ ᠳᠣᠤᠷᠠᠳᠤ ᠤᠷᠤᠰᠬᠠᠯ ᠤᠨ ᠬᠡᠷᠡᠭᠯᠡᠭᠴᠢᠳ ᠲᠤ ᠡᠯ᠎ᠡ ᠲᠥᠷᠥᠯ ᠤᠨ ᠲᠦᠭᠦᠬᠡᠶ ᠮᠠᠲ᠋ᠧᠷᠢᠶᠠᠯ ᠤᠨ ᠦᠢᠯᠡᠳᠬᠦᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯᠤᠨ᠎ᠠ᠃ ᠠᠵᠢᠯ ᠲᠥᠷᠥᠯ ᠤᠨ ᠬᠠᠮᠤᠭ ᠤᠨ ᠲᠡᠷᠢᠭᠦᠨ ᠤ ᠤᠷᠠᠨ ᠳᠠᠷᠬ᠎ᠠ᠂ ᠮᠡᠷᠭᠡᠵᠢᠯ ᠵᠢᠴᠢ ᠲᠣᠨᠤᠭ ᠲᠥᠬᠦᠭᠡᠷᠦᠮᠵᠢ ᠶᠢ ᠬᠡᠷᠡᠭᠯᠡᠬᠦ ᠪᠠᠷ ᠳᠠᠮᠵᠢᠭᠤᠯᠤᠨ᠂ ᠬᠦᠴᠢᠯ ᠱᠦᠯᠲᠦ ᠶᠢᠨ ᠨᠢᠭᠡᠴᠢ ᠬᠤᠷᠣᠭᠳᠠᠯ ᠢ 20% ᠠᠴᠠ ᠳᠡᠭᠡᠭᠰᠢ ᠪᠠᠭᠤᠷᠠᠭᠤᠯᠵᠤ᠂ ᠰᠢᠨ᠎ᠡ ᠤᠰᠤ ᠬᠡᠷᠡᠭᠯᠡᠬᠦ ᠬᠡᠮᠵᠢᠶ᠎ᠡ ᠶᠢ 30% ᠪᠠᠷ ᠪᠠᠭᠤᠷᠠᠭᠤᠯᠤᠨ᠂ 15% ᠶᠢᠨ ᠣᠷᠴᠢᠮ ᠡᠨᠧᠷᠭᠢ ᠶᠢ ᠠᠷᠪᠢᠯᠠᠵᠤ᠂ ᠴᠥᠮ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠪᠡ᠃ ︵ᠪᠤᠭᠤᠲᠤ ᠬᠤᠲᠠ ᠶᠢᠨ ᠵᠠᠰᠠᠭ ᠤᠨ ᠣᠷᠳᠣᠨ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ