@ ᠪᠦᠬᠦ ᠬᠥᠮᠦᠨ  ᠱᠠᠩᠨᠠᠯ ᠲᠠᠢ︕ ᠬᠤᠷᠳᠤᠨ ᠦᠵᠡ︕
ᠨᠡᠶᠢᠲᠡᠯᠡᠭᠰᠡᠨ ᠴᠠᠭ᠄
2024/10/17

1.pngᠰᠡᠳᠦᠪ ᠬᠠᠷᠢᠭᠤᠯᠪᠠᠯ ᠱᠠᠩᠨᠠᠯ ᠲᠠᠢ︕

      ᠲᠣᠰ ᠠᠵᠢᠯᠯᠠᠭ᠎ᠠ ᠶᠢ 9 ᠳ᠋ᠦ᠋ᠭᠡᠷ ᠰᠠᠷ᠎ᠠ ᠶᠢᠨ 21 ᠤ ᠡᠳᠦᠷ ︵ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ︶ ᠠᠴᠠ ᠡᠬᠢᠯᠡᠭᠦᠯᠵᠦ᠂ ᠨᠢᠭᠡᠨᠲᠡ ᠬᠡᠳᠦᠨ ᠲᠦᠮᠡᠨ ᠰᠦᠯᠵᠢᠶᠡᠨ ᠤ ᠨᠠᠶᠢᠵᠠ ᠶᠢ ᠲᠠᠲᠠᠵᠤ ᠰᠦᠯᠵᠢᠶᠡᠨ ᠳᠡᠭᠡᠷ᠎ᠡ ᠰᠡᠳᠦᠪ ᠬᠠᠷᠢᠭᠤᠯᠤᠭᠤᠯᠤᠨ ᠱᠠᠩᠨᠠᠯ ᠰᠤᠭᠤᠯᠤᠭᠤᠯᠵᠤ᠂ ᠨᠡᠶᠢᠲᠡ 100 ᠲᠥᠭᠦᠷᠢᠭ ᠤᠨ ᠥᠷᠲᠡᠭ ᠪᠥᠬᠦᠶ ᠭᠠᠷ ᠤᠲᠠᠰᠤᠨ ᠤ ᠰᠦᠢᠳᠬᠡᠯ᠂ 50 ᠲᠥᠭᠦᠷᠢᠭ ᠤᠨ ᠥᠷᠲᠡᠭ ᠪᠥᠬᠦᠶ ᠭᠠᠷ ᠤᠲᠠᠰᠤᠨ ᠤ ᠰᠦᠢᠳᠬᠡᠯ ᠪᠠ 5 ᠲᠥᠭᠦᠷᠢᠭ᠂ 3 ᠲᠥᠭᠦᠷᠢᠭ᠂ 2 ᠲᠥᠭᠦᠷᠢᠭ ᠤᠨ ᠥᠷᠢᠰᠥᠯᠳᠦᠭᠡᠨ ᠤ ᠤᠯᠠᠭᠠᠨ ᠪᠠᠭᠯᠠᠭ᠎ᠠ ᠶᠢ ᠮᠢᠩᠭ᠎ᠠ ᠭᠠᠷᠤᠶ ᠬᠤᠪᠢ ᠲᠠᠷᠬᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ︾ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠬᠦᠴᠦᠲᠡᠶ ᠳᠥᠯᠭᠢᠨ ᠠᠬᠢᠭᠤᠯᠪᠠ᠃

ᠳᠡᠭᠡᠷᠡᠬᠢ ᠮᠡᠷᠭᠡᠨ ᠴᠣᠬᠤᠷ ᠢ ᠰᠢᠷᠪᠢᠮᠡᠭᠴᠡ ᠰᠡᠳᠦᠪ ᠬᠠᠷᠢᠭᠤᠯᠬᠤ ᠪᠠᠷ ᠥᠷᠢᠰᠦᠯᠳᠦᠵᠦ ᠪᠣᠯᠣᠨ᠎ᠠ

ᠤᠷᠤᠯᠳᠤᠭᠠᠨ ᠳᠤ ᠤᠷᠤᠯᠴᠠᠬᠤ ᠲᠦᠷᠢᠮ

      1. ᠤᠷᠤᠯᠳᠤᠭᠠᠨ ᠳᠤ ᠣᠷᠣᠯᠴᠠᠭᠰᠠᠳ ᠰᠡᠳᠦᠪ ᠬᠠᠷᠢᠭᠤᠯᠬᠤ ᠪᠠᠷ ᠣᠷᠣᠯᠴᠠᠭᠰᠠᠨ ᠤ ᠳᠠᠷᠠᠭ᠎ᠠ᠂ ᠨᠡᠷ᠎ᠡ ᠣᠪᠣᠭ᠂ ᠭᠠᠷ ᠤᠲᠠᠰᠤᠨ ᠤ ᠨᠣᠮᠧᠷ ᠢᠶᠠᠨ ᠰᠢᠷᠪᠢᠵᠦ ᠣᠷᠤᠭᠤᠯᠤᠮᠠᠭᠴᠠ ᠥᠷᠢᠰᠦᠯᠳᠦᠵᠦ ᠪᠣᠯᠣᠨ᠎ᠠ᠃

      2. ᠰᠢᠰᠲ᠋ᠧᠮ ᠠᠴᠠ 10 ᠰᠡᠳᠦᠪ ᠢ ᠲᠠᠰᠢᠷᠠᠮ ᠢᠶᠠᠷ ᠰᠤᠭᠤᠴᠢᠨ ᠭᠠᠷᠭᠠᠨ ᠠᠰᠠᠭᠤᠵᠤ ᠬᠠᠷᠢᠭᠤᠯᠤᠭᠤᠯᠤᠨ᠂ 1 ᠰᠡᠳᠦᠪ ᠵᠥᠪ ᠬᠠᠷᠢᠭᠤᠯᠪᠠᠯ 10 ᠬᠤᠪᠢ ᠲᠡᠮᠲᠡᠭᠯᠡᠵᠦ᠂ ᠪᠤᠷᠤᠭᠤ ᠬᠠᠷᠢᠭᠤᠯᠪᠠᠯ ᠬᠤᠪᠢ ᠬᠠᠰᠤᠬᠤ ᠦᠭᠡᠢ᠂ ᠰᠡᠳᠦᠪ ᠪᠦᠷᠢ ᠶᠢ ᠬᠠᠷᠢᠭᠤᠯᠤᠭᠰᠠᠨ ᠤ ᠳᠠᠷᠠᠭ᠎ᠠ ᠰᠢᠰᠲ᠋ᠧᠮ ᠠᠴᠠ ᠵᠥᠪ ᠡᠰᠡᠬᠦ ᠶᠢ ᠰᠢᠯᠭᠠᠨ᠎ᠠ᠂ ᠰᠡᠳᠦᠪ ᠬᠠᠷᠢᠭᠤᠯᠬᠤ ᠳᠤ ᠴᠠᠭ ᠲᠡᠮᠳᠡᠭᠯᠡᠬᠦ ᠦᠭᠡᠢ᠃

      3. ᠨᠢᠭᠡ ᠭᠠᠷ ᠤᠲᠠᠰᠤᠨ ᠤ ᠨᠣᠮᠧᠷ ᠡᠳᠦᠷ ᠪᠦᠷᠢ 5 ᠤᠳᠠᠭᠠᠨ ᠤ ᠰᠡᠳᠦᠪ ᠬᠠᠷᠢᠭᠤᠯᠬᠤ ᠵᠠᠪᠰᠢᠶᠠᠨ ᠲᠠᠢ ᠪᠠᠶᠢᠵᠤ᠂ ᠰᠢᠰᠲ᠋ᠧᠮ ᠠᠴᠠ ᠠᠶᠠᠨᠳᠠᠭᠠᠨ ᠣᠯᠣᠭᠰᠠᠨ ᠬᠤᠪᠢ ᠶᠢ ᠲᠡᠮᠲᠡᠭᠯᠡᠵᠦ᠂ ᠤᠳᠠᠭ᠎ᠠ ᠪᠦᠷᠢ ᠶᠢᠨ ᠥᠷᠢᠰᠥᠯᠳᠦᠨ ᠬᠠᠷᠢᠭᠤᠯᠤᠭᠰᠠᠨ ᠬᠤᠪᠢ 80 ᠬᠤᠪᠢ ᠳᠤ ᠬᠦᠷᠪᠡᠯ 1 ᠤᠳᠠᠭᠠᠨ ᠤ ᠱᠠᠩᠨᠠᠯ ᠰᠤᠭᠤᠯᠬᠤ ᠵᠠᠪᠰᠢᠶᠠᠨ ᠢ ᠣᠯᠭᠤᠨ᠎ᠠ᠃ ᠨᠠᠶᠢᠵᠠ ᠶᠢᠨ ᠲᠤᠭᠤᠷᠢᠭ ᠲᠤ ᠪᠠᠨ ᠳᠠᠮᠵᠢᠭᠤᠯᠪᠠᠯ ᠳᠠᠬᠢᠨ 1 ᠤᠳᠠᠭᠠᠨ ᠤ ᠱᠠᠩᠨᠠᠯ ᠰᠤᠭᠤᠯᠬᠤ ᠵᠠᠪᠰᠢᠶᠠᠨ ᠢ ᠣᠯᠭᠤᠨ᠎ᠠ᠃

      4. ᠬᠤᠪᠢ ᠬᠥᠮᠦᠨ ᠤ ᠨᠡᠷᠡᠰ ᠤᠨ ᠵᠢᠭᠰᠠᠭᠠᠯᠲᠠ᠄ ᠰᠢᠰᠲ᠋ᠧᠮ ᠠᠴᠠ ᠡᠮᠦᠨ᠎ᠡ ᠵᠢᠭᠰᠠᠭᠠᠭᠳᠠᠭᠰᠠᠨ 100 ᠬᠥᠮᠦᠨ ᠤ ᠨᠡᠷᠡᠰ ᠤᠨ ᠵᠢᠭᠰᠠᠭᠠᠯᠲᠠ ᠶᠢ ᠢᠯᠡᠷᠡᠭᠦᠯᠵᠦ᠂ ᠬᠡᠷᠪᠡ ᠬᠤᠪᠢ ᠨᠢ ᠠᠳᠠᠯᠢ ᠪᠣᠯ ᠰᠡᠳᠦᠪ ᠬᠠᠷᠢᠭᠤᠯᠬᠤ ᠳᠤ ᠬᠡᠷᠡᠭᠯᠡᠭᠰᠡᠨ ᠴᠠᠭ ᠢᠶᠠᠷ ᠨᠢ ᠵᠢᠭᠰᠠᠭᠠᠨ᠂ ᠰᠡᠳᠦᠪ ᠬᠠᠷᠢᠭᠤᠯᠬᠤ ᠳᠤ ᠬᠡᠷᠡᠭᠯᠡᠭᠰᠡᠨ ᠴᠠᠭ ᠨᠢ ᠣᠬᠤᠷ ᠪᠠᠶᠢᠪᠠᠯ ᠲᠡᠷᠡ ᠬᠦᠮᠦᠨ ᠤ ᠨᠡᠷᠡᠰ ᠤᠨ ᠵᠢᠭᠰᠠᠭᠠᠯᠲᠠ ᠨᠢ ᠡᠮᠦᠨᠡᠭᠦᠷ ᠵᠢᠭᠰᠠᠭᠠᠭᠳᠠᠨ᠎ᠠ︔ ᠬᠡᠷᠪᠡ ᠣᠯᠣᠭᠰᠠᠨ ᠬᠤᠪᠢ ᠪᠠ ᠬᠡᠷᠡᠭᠯᠡᠭᠰᠡᠨ ᠴᠠᠭ ᠨᠢ ᠴᠥᠮ ᠠᠳᠠᠯᠢ ᠪᠠᠶᠢᠪᠠᠯ᠂ ᠤᠷᠤᠯᠳᠤᠭᠠᠨ ᠳᠤ ᠣᠷᠣᠯᠴᠠᠭᠰᠠᠳ ᠤᠨ ᠴᠠᠭ ᠤᠨ ᠳᠠᠷᠠᠭᠠᠯᠠᠯ ᠢᠶᠠᠷ ᠨᠢ ᠵᠢᠭᠰᠠᠭᠠᠨ᠎ᠠ᠃

      ᠬᠦᠴᠦᠷᠬᠡᠭ ᠶᠡᠭᠡ ᠪᠠᠶᠢᠬᠤ ᠤᠯᠤᠰ ᠤᠨ ᠪᠠᠲᠤᠯᠠᠨ ᠬᠠᠮᠠᠭᠠᠯᠠᠯᠲᠠ ᠪᠣᠯ ᠦᠨᠳᠦᠰᠦᠲᠡᠨ ᠤ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠤᠯᠤᠰ ᠣᠷᠣᠨ ᠤ ᠣᠷᠣᠰᠢᠨ ᠲᠣᠭᠲᠠᠨᠢᠵᠤ ᠬᠥᠭᠵᠢᠬᠦ ᠶᠢᠨ ᠴᠢᠬᠤᠯᠠ ᠪᠠᠲᠤᠯᠠᠭ᠎ᠠ ᠮᠥᠨ᠃ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠠᠷᠠᠳ ᠤᠨ ᠬᠦᠴᠦᠷᠬᠡᠭ ᠶᠡᠭᠡ ᠴᠡᠷᠢᠭ ᠠᠩᠭᠢ ᠶᠢ ᠪᠠᠶᠢᠭᠤᠯᠬᠤ ᠶᠢᠨ ᠰᠠᠭᠤᠷᠢ ᠴᠢᠨᠠᠷᠲᠠᠶ ᠢᠨᠵᠧᠨᠧᠷᠢᠩ ᠪᠠᠶᠢᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠪᠣᠯᠣᠨ᠎ᠠ᠃ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠢᠳᠡᠪᠬᠢᠲᠡᠢ ᠰᠤᠷᠤᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠶ᠎ᠠ᠃

      ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠮᠡᠳᠡᠯᠭᠡ ᠶᠢᠨ ᠰᠦᠯᠵᠢᠶᠡᠨ ᠳᠠᠬᠢ ᠱᠠᠩᠨᠠᠯᠲᠤ ᠦᠷᠢᠰᠦᠯᠳᠦᠭᠡᠨ ᠲᠠᠨ ᠤ ᠥᠷᠢᠰᠦᠯᠳᠦᠬᠦ ᠶᠢ ᠬᠦᠯᠢᠶᠡᠵᠦ ᠪᠣᠢ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ