|
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ | ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠬᠤᠷᠠᠯ ᠬᠤᠷᠠᠯᠳᠤᠪᠠ ᠶᠠᠩ ᠶᠢᠨ ᠮᠥᠩᠬᠡᠲᠦ᠋ᠰᠢᠭ ᠪᠠᠶᠠᠷ ᠤᠨ ᠦᠭᠡ ᠬᠡᠯᠡᠵᠡᠢ |
|
|
ᠨᠡᠶᠢᠲᠡᠯᠡᠭᠰᠡᠨ ᠴᠠᠭ᠄
2024/10/18
|
|
10 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠳᠤᠮᠳᠠᠳᠤ ᠤᠯᠤᠰ ᠤᠨ ᠠᠵᠢᠯ ᠤᠨ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ᠂ ᠮᠣᠩᠭᠤᠯ ᠤᠯᠤᠰ ᠤᠨ ᠠᠵᠢᠯ ᠤᠨ ᠳᠤᠭᠤᠶᠢᠯᠠᠩ ᠤᠨ ᠳᠠᠷᠤᠭ᠎ᠠ᠂ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠲᠥᠷᠥ ᠶᠢᠨ ᠶᠠᠪᠤᠳᠠᠯ ᠤᠨ ᠨᠠᠷᠢᠨ ᠪᠢᠴᠢᠭᠡᠴᠢ ᠮᠥᠩᠬᠡᠲᠦ᠋ᠰᠢᠭ ᠪᠠᠶᠠᠷ ᠤᠨ ᠦᠭᠡ ᠬᠡᠯᠡᠪᠡ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠲᠣᠪᠴᠢ ᠲᠡᠮᠳᠡᠭᠯᠡᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠭᠰᠡᠨ ᠪᠥᠭᠡᠳ ᠠᠵᠤ ᠠᠬᠤᠢ ᠠᠷᠠᠯᠵᠢᠶᠠᠨ ᠤ ᠰᠣᠯᠢᠯᠴᠠᠭ᠎ᠠ᠂ ᠡᠨᠧᠷᠭᠢ ᠶᠢᠨ ᠬᠠᠮᠲᠤᠷᠠᠯᠴᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠢᠷᠭᠡᠨᠰᠢᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠯᠪᠣᠯᠳᠤᠨ ᠨᠡᠪᠲᠡᠷᠡᠯᠴᠡᠬᠦ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠵᠥᠪᠯᠡᠬᠦ ᠰᠡᠳᠦᠪ ᠤᠨ ᠲᠤᠬᠠᠢ ᠰᠠᠨᠠᠯ ᠨᠢᠭᠡᠲᠡᠢ ᠪᠣᠯᠪᠠ᠃ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠳᠤᠭᠤᠶᠢᠯᠠᠩ ᠤᠨ ᠵᠢᠷᠭᠤᠳᠤᠭᠠᠷ ᠬᠤᠷᠠᠯ ᠤᠨ ᠲᠣᠪᠴᠢ ᠲᠡᠮᠳᠡᠭᠯᠡᠯ︾ ᠳᠤ ᠭᠠᠷ ᠤᠨ ᠥᠰᠥᠭ ᠵᠢᠷᠤᠪᠠ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|