ᠸᠠᠩ ᠯᠢ ᠰᠢᠶᠠ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/18

    10 ᠰᠠᠷ᠎ᠠ ᠶᠢᠨ 14 ᠠᠴᠠ 17 ᠤ ᠡᠳᠦᠷ ᠪᠤᠯᠲᠠᠯ᠎ᠠ᠂ ᠸᠠᠩ ᠯᠢ ᠰᠢᠶᠠ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠡᠷᠭᠢ ᠳᠠᠭᠠᠤ ᠶᠢᠨ ᠬᠡᠰᠡᠭ ᠬᠤᠰᠢᠭᠤ ᠰᠢᠶᠠᠨ ᠲᠣᠭᠤᠷᠢᠭ ᠲᠤ ᠬᠦᠷᠴᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃

1.jpg

 



    ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠂ ᠠᠰᠠᠭᠤᠳᠠᠯ ᠤᠨ ᠨᠠᠷᠢᠨ ᠳᠠᠩᠰᠠ ᠶᠢᠨ ᠲᠣᠭᠤᠷᠢᠨ ᠳᠤ᠂ ᠸᠠᠩ ᠯᠢ ᠰᠢᠶᠠ ᠤᠷᠢᠳ ᠬᠤᠵᠢᠳ ᠭᠦᠭᠡᠬᠤᠲᠠ᠂ ᠦᠬᠠᠢ᠂ ᠠᠯᠠᠱᠠ᠂ ᠣᠷᠳᠣᠰ ᠤᠨ ᠬᠡᠰᠡᠭ ᠠᠵᠤ ᠠᠬᠤᠶᠢᠯᠠᠯ ᠳᠤ ᠬᠦᠷᠴᠦ᠂ ᠤᠷᠢᠳᠴᠢᠯᠠᠨ ᠮᠡᠳᠡᠭᠳᠡᠭᠰᠡᠨ ᠦᠭᠡᠢ ᠪᠠᠷ ᠵᠢᠶᠦ᠋ᠨ ᠯᠠᠩ ᠡᠮ ᠡᠮᠨᠡᠯᠭᠡ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠪᠣᠬᠢᠷ ᠤᠰᠤ ᠰᠢᠢᠳᠪᠦᠷᠢᠯᠡᠬᠦ ᠴᠡᠭ᠂ ᠵᠢᠶᠠᠨ ᠠᠨ ᠨᠡᠭᠦᠷᠡᠰᠦᠨ ᠠᠭᠤᠷᠬᠠᠢ ᠶᠢᠨ ᠠᠶᠠᠨᠳᠠᠭᠠᠨ ᠨᠣᠴᠣᠬᠤ ᠴᠡᠭ᠂ ᠰᠢ ᠴᠢᠩ ᠺᠤᠮᠫᠠᠨᠢ ᠶᠢᠨ ᠦᠨᠡᠰᠦ ᠬᠠᠳᠠᠭᠠᠯᠠᠬᠤ ᠲᠠᠯᠠᠪᠠᠢ ᠳᠤ ᠭᠦᠨᠵᠡᠭᠡᠶᠢᠷᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠵᠢᠯᠤᠭᠤᠳᠴᠤ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠶᠡᠭᠡ ᠬᠠᠮᠠᠭᠠᠯᠠᠯᠲᠠ᠂ ᠶᠡᠭᠡ ᠬᠤᠪᠢᠷᠠᠯᠲᠠ᠂ ᠶᠡᠭᠡ ᠴᠡᠭᠴᠡᠯᠡᠨ ᠥᠭᠡᠷᠡᠴᠢᠯᠡᠯᠲᠡ︾ ᠶᠢᠨ ᠱᠠᠭᠠᠷᠳᠠᠯᠭ᠎ᠠ ᠶᠣᠰᠣᠭᠠᠷ᠂ ᠥᠭᠡᠷᠡᠴᠢᠯᠡᠯᠲᠡ ᠶᠢᠨ ᠠᠷᠭ᠎ᠠ ᠪᠠᠷ ᠠᠮᠢ ᠠᠬᠤᠢ ᠶᠢᠨ ᠬᠠᠮᠠᠭᠠᠯᠠᠯᠲᠠ ᠪᠠ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠠᠳᠤᠨ ᠭᠤᠣᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ᠨᠠᠷᠢᠨ ᠲᠠᠩᠰᠠ ᠲᠠᠢ ᠬᠠᠷᠭᠤᠭᠤᠯᠤᠨ ᠪᠦᠭᠦ ᠲᠠᠯ᠎ᠠ ᠪᠠᠷ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠩᠭᠢᠯᠠᠨ ᠰᠢᠢᠳᠪᠦᠷᠢᠯᠡᠬᠦ ᠵᠡᠷᠭᠡ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠠᠢ ᠰᠠᠶᠢᠵᠢᠷᠠᠭᠤᠯᠵᠤ ᠲᠤᠶᠢᠯᠪᠤᠷᠢᠲᠠᠢ ᠰᠠᠶᠢᠵᠢᠷᠠᠭᠤᠯᠬᠤ᠂ ᠰᠢᠯᠭᠠᠯᠲᠠ ᠶᠢ ᠳᠠᠭᠠᠭᠠᠵᠤ ᠳᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠸᠠᠩ ᠯᠢ ᠰᠢᠶᠠ ᠪᠠᠰᠠ ᠯᠢᠩ ᠱᠧᠩ ᠲᠠᠷᠢᠮᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠡᠴᠦᠰ ᠤᠨ ᠬᠡᠯᠬᠢᠶ᠎ᠡ ᠲᠡᠶᠢᠰᠢ ᠲᠠᠰᠤᠷᠠᠯᠳᠠ ᠦᠭᠡᠢ ᠤᠷᠲᠤᠳᠬᠠᠬᠤ ᠶᠢ ᠠᠬᠢᠭᠤᠯᠵᠤ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠲᠡᠶᠢᠰᠢ ᠤᠷᠤᠭᠰᠢᠯᠠᠵᠤ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠬᠡᠪ ᠳᠠᠭᠤᠷᠢᠶᠠᠯ ᠢ ᠪᠤᠢ ᠪᠤᠯᠭᠠᠬᠤ ᠶᠢ ᠵᠣᠷᠢᠭᠵᠢᠭᠤᠯᠪᠠ᠃

    ᠤᠰᠤ ᠪᠣᠯ ᠬᠠᠲᠤᠨ ᠭᠤᠣᠯ ᠤᠨ ᠰᠠᠪᠠ ᠭᠠᠵᠠᠷ ᠤᠨ ᠲᠣᠪᠣᠶᠢᠮ᠎ᠠ ᠠᠰᠠᠭᠤᠳᠠᠯ ᠪᠣᠯᠣᠨ᠎ᠠ᠂ ᠸᠠᠩ ᠯᠢ ᠰᠢᠶᠠ ᠤᠰᠤ ᠠᠷᠪᠢᠯᠠᠬᠤ ᠥᠭᠡᠷᠡᠴᠢᠯᠡᠯᠲᠡ᠂ ᠳᠠᠬᠢᠯᠲᠠ ᠤᠰᠤ ᠶᠢ ᠬᠤᠷᠢᠶᠠᠨ ᠠᠪᠴᠤ ᠠᠰᠢᠭᠯᠠᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠨᠠᠩ ᠰᠢᠨᠵᠢᠯᠡᠬᠦ ᠤᠬᠠᠭᠠᠨᠴᠢ᠂ ᠠᠷᠪᠢᠴᠢ ᠭᠠᠮᠲᠠᠢ᠂ ᠦᠷᠭᠦᠯᠵᠢᠯᠡᠬᠦ ᠵᠠᠰᠠᠯᠲᠠ ᠶᠢᠨ ᠠᠷᠭ᠎ᠠ ᠶᠢ ᠰᠦᠪᠡᠭᠴᠢᠯᠡᠵᠦ᠂ ᠵᠠᠰᠠᠯᠲᠠ ᠶᠢᠨ ᠰᠠᠨᠠᠭᠠᠴᠢᠯᠠᠭᠠᠲᠤ ᠡᠷᠬᠡ ᠶᠢ ᠠᠵᠤ ᠠᠬᠤᠶᠢᠯᠠᠯ ᠳᠤ ᠲᠤᠰᠢᠶᠠᠵᠤ᠂ ᠵᠠᠰᠠᠭ ᠤᠨ ᠣᠷᠳᠣᠨ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ ᠠᠷᠭ᠎ᠠ ᠭᠡᠯᠪᠡᠷᠢ ᠪᠠᠷ ᠲᠠᠮᠵᠢᠨ ᠠᠵᠤ ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠵᠤ᠂ ᠬᠠᠶᠠᠭᠳᠠᠮᠠᠯ ᠪᠣᠳᠠᠰ ᠢ ᠬᠡᠷᠡᠭᠴᠡᠭᠡ ᠲᠠᠢ ᠵᠦᠢᠯ ᠪᠤᠯᠭᠠᠵᠤ᠂ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ᠃ ᠤᠰᠤᠨ ᠤ ᠦᠨ᠎ᠡ ᠶᠢ ᠲᠣᠬᠢᠷᠠᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠬᠦᠷᠢᠶᠡᠯᠡᠩ ᠲᠣᠭᠤᠷᠢᠭ ᠤᠨ ᠳᠤᠮᠳᠠᠬᠢ ᠤᠰᠤᠨ ᠤ ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠪᠠ ︽ᠰᠤᠯᠠ ᠭᠠᠵᠠᠷ ᠢ ᠤᠰᠤᠯᠠᠬᠤ︾ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠦᠢᠯᠡᠳᠪᠦᠷᠢ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

    ᠠᠷᠪᠠᠰ ᠤᠨ ᠲᠠᠯ᠎ᠠ ᠨᠤᠲᠤᠭ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠰᠠᠶᠢᠨ ᠪᠠᠶᠢᠬᠤ ᠶᠢ ᠦᠵᠡᠭᠡᠳ᠂ ᠸᠠᠩ ᠯᠢ ᠰᠢᠶᠠ ᠲᠤᠬᠠᠢ ᠶᠢᠨ ᠭᠠᠵᠠᠷ ᠤᠨ ᠬᠢᠨ ᠢ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠠᠰᠢᠶᠠᠯᠠᠨ ᠲᠡᠵᠢᠭᠡᠵᠦ ᠠᠷᠠᠴᠢᠯᠠᠬᠤ ᠵᠠᠭᠪᠤᠷ ᠢ ᠳᠡᠯᠭᠡᠷᠡᠭᠦᠯᠵᠦ᠂ ᠡᠨᠡ ᠬᠦ ᠲᠠᠯ᠎ᠠ ᠨᠤᠲᠤᠭ ᠢ ᠰᠠᠶᠢᠲᠤᠷ ᠰᠠᠬᠢᠨ ᠬᠠᠮᠠᠭᠠᠯᠠᠭᠠᠷᠠᠢ ᠭᠡᠵᠦ ᠵᠣᠷᠢᠭᠵᠢᠭᠤᠯᠪᠠ᠃

    ᠸᠠᠩ ᠯᠢ ᠰᠢᠶᠠ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠮᠠᠰᠢ ᠬᠠᠯᠠᠮᠵᠢᠯᠠᠵᠤ᠂ ᠵᠠᠮ ᠳᠠᠭᠠᠤ ᠦᠬᠡᠷᠲᠦ ᠶᠢᠨ ᠲᠣᠬᠤᠢ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠦᠬᠠᠢ ᠶᠢᠨ ᠫᠧᠷᠮᠢ ᠭᠠᠯᠪᠠ ᠶᠢᠨ ᠤᠷᠭᠤᠮᠠᠯ ᠤᠨ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠣᠶᠣᠯ ᠤᠨ ᠪᠠ ᠪᠠᠶᠢᠭᠠᠯᠢ ᠶᠢᠨ ᠥᠪ ᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠭᠯᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ ︽ᠬᠠᠩᠭᠠᠯᠭ᠎ᠠ ᠶᠢᠨ ᠲᠠᠯ᠎ᠠ︾ ᠶᠢᠨ ᠥᠭᠡᠷᠡᠴᠢᠯᠡᠯᠲᠡ ᠶᠢ ᠠᠬᠢᠭᠤᠯᠵᠤ᠂ ᠨᠡᠩ ᠤᠯᠠᠨ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠪᠤᠢ ᠪᠤᠯᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠪᠠᠶᠢᠴᠠᠭᠠᠨ ᠰᠤᠳᠤᠯᠤᠯᠲᠠ ᠬᠢᠬᠦ ᠵᠠᠮ ᠵᠠᠭᠤᠷ᠎ᠠ ᠸᠠᠩ ᠯᠢ ᠰᠢᠶᠠ ᠳᠠᠩᠰᠠ ᠲᠤᠰᠢᠶᠠᠵᠤ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠠᠭ ᠮᠥᠴᠡ ᠲᠠᠢ ᠤᠷᠤᠯᠳᠤᠨ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠵᠦ᠂ ᠡᠯ᠎ᠡ ᠬᠦᠷᠢᠶᠡᠨ ᠤ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠬᠢᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠢ ᠭᠡᠵᠦ ᠲᠠᠭᠢᠨ ᠳᠠᠪᠲᠠᠨ ᠵᠠᠬᠢᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ