ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2024/10/18

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔2024〕 37 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

 

2024 ᠣᠨ ᠤ 9 ᠳ᠋ᠦ᠋ᠭᠡᠷ ᠰᠠᠷ᠎ᠠ ᠶᠢᠨ10 ᠤ ᠡᠳᠦᠷ   

    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ

 

    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︿ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠥᠯ﹀ ᠢ ᠤᠯᠠᠮᠵᠢᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ 〔2024〕 20 ᠳ᠋ᠤᠭᠠᠷ ᠲᠣᠭᠠᠲᠤ︶ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃

    ᠨᠢᠭᠡ᠂ ᠭᠤᠣᠯ ᠬᠠᠷᠠᠯᠲᠠ

    2025 ᠣᠨ ᠪᠣᠯᠬᠤ ᠳᠤ᠂ ᠪᠥᠬᠦ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠳᠦᠷᠢᠮ ᠤᠨ ᠲᠣᠭᠲᠠᠯᠴᠠᠭ᠎ᠠ ᠶᠢ ᠨᠠᠩ ᠪᠦᠷᠢᠨᠰᠢᠭᠦᠯᠵᠦ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠦᠭᠡᠢ ᠪᠠᠷᠢᠯᠭ᠎ᠠ ᠶᠢᠨ ᠲᠠᠯᠠᠪᠠᠶ ᠶᠢ 30 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠠᠯᠠᠪᠠᠶ ᠶᠢ 2023 ᠣᠨ ᠤ ᠬᠢ ᠠᠴᠠ 500 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠨᠡᠮᠡᠭᠳᠡᠭᠦᠯᠦᠨ᠂ ᠪᠠᠷᠢᠯᠭ᠎ᠠ ᠳᠤ ᠬᠡᠷᠡᠭᠯᠡᠬᠦ ᠡᠨᠧᠷᠭᠢ ᠳᠠᠬᠢ ᠴᠠᠬᠢᠯᠭᠠᠨ ᠬᠦᠴᠦᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠢ 40% ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠬᠤᠲᠠ ᠪᠠᠯᠭᠠᠰᠤᠨ ᠤ ᠪᠠᠷᠢᠯᠭ᠎ᠠ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠭᠠᠨ᠎ᠠ᠃ 2027 ᠣᠨ ᠪᠣᠯᠬᠤ ᠳᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠢᠭᠡ ᠪᠦᠯᠦᠭ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠪᠠᠶᠢᠭᠤᠯᠤᠨ ᠪᠦᠲᠦᠭᠡᠵᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠪᠦᠲᠦᠴᠡ ᠶᠢ ᠨᠠᠩ ᠰᠢᠯᠢᠳᠡᠭᠵᠢᠭᠦᠯᠦᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠵᠦ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃

    ᠬᠤᠶᠠᠷ᠂ ᠭᠤᠣᠯᠳᠠᠯᠭ᠎ᠠ ᠲᠠᠢ ᠡᠭᠦᠷᠭᠡ

    ︵ᠨᠢᠭᠡ︶ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠠᠶᠠᠨᠳᠠᠭᠠᠨ ᠤ ᠭᠡᠷᠡᠯ ᠠᠪᠤᠯᠭ᠎ᠠ ᠪᠠ ᠰᠠᠯᠬᠢ ᠨᠡᠪᠲᠡᠷᠡᠭᠦᠯᠬᠦ ᠶᠢ ᠭᠦᠢᠴᠡᠳ ᠠᠰᠢᠭᠯᠠᠨ᠂ ᠥᠨᠳᠥᠷ ᠦᠷ᠎ᠡ ᠪᠦᠲᠦᠮᠵᠢᠲᠡᠶ ᠡᠨᠧᠷᠭᠢ ᠳᠤ ᠠᠷᠪᠢᠲᠠᠢ ᠨᠡᠭᠦᠷᠡᠰᠦᠲᠥ᠋ᠷᠥᠭᠴᠢ ᠪᠠᠭᠠᠲᠠᠢ ᠲᠥᠬᠦᠭᠡᠷᠦᠮᠵᠢ ᠶᠢ ᠬᠡᠷᠡᠭᠯᠡᠵᠦ᠂ ᠪᠠᠷᠢᠯᠭ᠎ᠠ ᠶᠢᠨ ᠬᠦᠷᠢᠶᠡᠯᠡᠨ ᠬᠠᠮᠠᠭᠠᠯᠠᠬᠤ ᠪᠦᠲᠦᠴᠡ ᠶᠢᠨ ᠳᠤᠯᠠᠭᠠᠨ ᠢ ᠬᠠᠮᠠᠭᠠᠯᠠᠨ ᠢᠯᠴᠢ ᠬᠠᠯᠬᠠᠯᠠᠬᠤ ᠪᠠ ᠭᠠᠯ ᠰᠡᠷᠭᠡᠶᠢᠯᠡᠬᠦ ᠴᠢᠳᠠᠪᠬᠢ ᠶᠢ ᠨᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠪᠦᠬᠦ ᠶᠠᠪᠤᠴᠠ ᠶᠢᠨ ᠬᠠᠮᠢᠶᠠᠷᠤᠯᠲᠠ᠂ ᠢᠯᠠᠩᠭᠤᠶ᠎ᠠ ᠪᠠᠷᠢᠯᠭ᠎ᠠ ᠶᠢᠨ ᠠᠵᠢᠯ ᠤᠨ ᠵᠢᠷᠤᠭ ᠢ ᠬᠢᠨᠠᠨ ᠪᠠᠶᠢᠴᠠᠭᠠᠬᠤ ᠪᠠ ᠪᠠᠷᠢᠯᠭ᠎ᠠ ᠶᠢᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠭᠤᠭᠴᠤᠭ᠎ᠠ ᠶᠢ ᠴᠢᠩᠭᠠᠳᠬᠠᠨ᠂ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠬᠡᠷᠡᠭᠵᠢᠭᠦᠯᠦᠯᠲᠡ ᠶᠢᠨ ᠨᠣᠷᠮ᠎ᠠ ᠶᠢ 100% ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠣᠨ ᠤ ᠠᠵᠢᠯᠯᠠᠭᠠᠨ ᠤ ᠡᠨᠧᠷᠭᠢ ᠶᠢᠨ ᠬᠤᠷᠣᠭᠳᠠᠯ ᠨᠢ 1000 ᠲᠣᠨ ᠪᠠᠷᠢᠮᠵᠢᠶᠠᠲᠤ ᠨᠡᠭᠦᠷᠡᠰᠦ ︵ᠪᠤᠶᠤ ᠴᠠᠬᠢᠯᠭᠠᠨ ᠤ ᠬᠤᠷᠣᠭᠳᠠᠯ ᠨᠢ 500 ᠲᠦᠮᠡᠨ ᠺᠢᠯᠣᠸᠠᠲ ᠴᠠᠭ︶ ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ ᠳᠠᠬᠢ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ ᠶᠢ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ ᠨᠥᠬᠦᠴᠡᠯ ᠲᠠᠢ ᠭᠠᠵᠠᠷ ᠣᠷᠣᠨ ᠨᠢ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠳᠣᠲᠣᠷᠠᠬᠢ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ᠂ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ᠂ ᠬᠤᠲᠠ ᠶᠢᠨ ᠰᠢᠨ᠎ᠡ ᠪᠠᠷ ᠪᠠᠶᠢᠭᠤᠯᠬᠤ ᠲᠣᠭᠤᠷᠢᠭ ᠬᠢᠭᠡᠳ ᠪᠣᠬᠢᠷᠲᠤᠯ ᠦᠭᠡᠢ ᠠᠮᠢ ᠠᠬᠤᠶᠢᠲᠤ ᠬᠤᠲᠠ ᠶᠢᠨ ᠲᠣᠭᠤᠷᠢᠭ ᠲᠠᠬᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠨᠥᠬᠦᠴᠡᠯ ᠤᠨ ᠪᠢᠴᠢᠭ ᠵᠢᠴᠢ ᠭᠠᠵᠠᠷ ᠰᠣᠩᠭᠤᠬᠤ ᠰᠠᠨᠠᠯ ᠤᠨ ᠪᠢᠴᠢᠭ ᠢ ᠬᠠᠷᠭᠤᠭᠤᠯᠤᠨ ᠣᠯᠭᠤᠬᠤ ᠳᠤ᠂ ︽ᠪᠦᠲᠦᠭᠡᠨ ᠪᠠᠶᠢᠭᠤᠯᠬᠤ ᠱᠠᠭᠠᠷᠳᠠᠯᠭ᠎ᠠ︾ ᠳᠤ ᠣᠳᠣᠨ ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠪᠠᠨ ᠲᠣᠳᠣᠷᠬᠠᠶᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠤᠨ᠎ᠠ᠃ ᠳᠣᠣᠷᠠᠬᠢ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠤ ᠵᠢᠭᠰᠠᠭᠠᠬᠤ ᠦᠭᠡᠢ︶

    ︵ᠬᠤᠶᠠᠷ︶ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠡᠨᠧᠷᠭᠢ ᠶᠢᠨ ᠠᠰᠢᠭᠯᠠᠮᠵᠢ ᠶᠢᠨ ᠣᠨᠣᠰᠢᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠦᠨ᠂ ᠠᠶᠢᠮᠠᠭ ᠬᠤᠲᠠ ᠶᠢᠨ ᠱᠠᠲᠤᠨ ᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠥᠭᠡᠷᠡᠴᠢᠯᠡᠯᠲᠡ ᠶᠢᠨ ᠳ᠋ᠠᠶᠢᠲ᠋ᠠ ᠬᠥᠮᠥᠷᠭᠡ ᠪᠠ ᠲᠥᠷᠥᠯ ᠵᠦᠢᠯ ᠨᠥᠭᠡᠴᠡᠯᠡᠬᠦ ᠬᠥᠮᠥᠷᠭᠡ ᠶᠢ ᠪᠠᠶᠢᠭᠤᠯᠤᠨ᠎ᠠ᠃ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠨᠲᠡ ᠪᠠᠶᠢᠭ᠎ᠠ ᠪᠠᠷᠢᠯᠭ᠎ᠠ ᠶᠢᠨ ᠣᠨ ᠤ ᠥᠭᠡᠷᠡᠴᠢᠯᠡᠯᠲᠡ ᠶᠢᠨ ᠲᠥᠯᠥᠪᠯᠡᠭᠡ ᠶᠢ ᠲᠣᠭᠲᠠᠭᠠᠵᠤ᠂ ᠥᠭᠡᠷᠡᠴᠢᠯᠡᠬᠦ ᠴᠠᠭ ᠤᠨ ᠳᠡᠰ ᠳᠠᠷᠠᠭᠠᠯᠠᠯ ᠢ ᠵᠦᠢ ᠵᠣᠬᠢᠰᠲᠠᠢ ᠲᠣᠭᠲᠠᠭᠠᠨ᠂ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠤᠨ᠂ ᠠᠭᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ ᠭᠤᠣᠯᠳᠠᠯᠭᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠡᠭᠦᠳᠡ ᠴᠣᠩᠬᠤ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠪᠣᠯᠭᠠᠵᠤ ᠳᠡᠰ ᠳᠡᠪᠰᠢᠭᠦᠯᠦᠨ ᠥᠭᠡᠷᠡᠴᠢᠯᠡᠬᠦ ᠶᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ ᠪᠠ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠤᠰᠤᠳ ᠠᠶᠢᠮᠠᠭ ᠬᠤᠲᠠ ᠨᠢ ᠨᠥᠬᠦᠴᠡᠯ ᠪᠦᠷᠢᠳᠦᠭᠦᠯᠵᠦ ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶᠢᠲᠡ ᠶᠢᠨ ᠪᠠᠶᠢᠭᠤᠯᠤᠮᠵᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠥᠷᠨᠢᠭᠦᠯᠦᠨ᠎ᠡ᠃ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠬᠡᠰᠡᠭ ᠤᠨ ᠡᠨᠧᠷᠭᠢ ᠶᠢᠨ ᠠᠰᠢᠭᠯᠠᠮᠵᠢ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠤ ᠲᠣᠭᠲᠠᠭᠠᠯ ᠳᠤ ᠬᠦᠷᠦᠭᠦᠯᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠣᠯᠠᠨ ᠨᠡᠶᠢᠲᠡ ᠶᠢᠨ ᠪᠠᠷᠢᠯᠭ᠎ᠠ ᠶᠢ ᠥᠭᠡᠷᠡᠴᠢᠯᠡᠭᠰᠡᠨ ᠤ ᠳᠠᠷᠠᠭ᠎ᠠ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢ 20% ᠠᠴᠠ ᠳᠡᠭᠡᠭᠰᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠭᠤᠷᠪᠠ︶ ᠪᠠᠷᠢᠯᠭ᠎ᠠ ᠶᠢᠨ ᠠᠵᠢᠯᠯᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ ᠰᠢᠨᠡᠳᠬᠡᠬᠦ ᠪᠠᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ ᠵᠡᠷᠭᠡ ᠲᠥᠬᠦᠭᠡᠷᠦᠮᠵᠢ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠦᠷ᠎ᠡ ᠠᠰᠢᠭ ᠢᠶᠠᠷ ᠳᠣᠣᠷ᠎ᠠ ᠮᠥᠷᠲᠡᠭᠡᠨ ᠬᠤᠴᠤᠷᠤᠩᠭᠤᠢ ᠡᠨᠧᠷᠭᠢ ᠬᠡᠷᠡᠭᠯᠡᠬᠦ ᠲᠥᠬᠦᠭᠡᠷᠦᠮᠵᠢ ᠪᠠᠨ ᠰᠣᠯᠢᠬᠤ ᠶᠢ ᠨᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠦᠢᠯᠡᠳᠬᠦᠨ ᠪᠠ ᠮᠡᠷᠭᠡᠵᠢᠯ ᠢ ᠳᠡᠯᠭᠡᠷᠡᠭᠦᠯᠬᠦ ᠭᠠᠷᠴᠠᠭ ᠢᠶᠠᠨ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠎ᠠ᠃ ᠡᠯ᠎ᠡ ᠠᠶᠢᠮᠠᠭ ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢᠨ ᠥᠷᠥᠭᠡᠨ ᠤ ᠳᠤᠯᠠᠭᠠᠨ ᠤ ᠬᠡᠮᠵᠢᠶ᠎ᠡ ᠶᠢ ᠡᠵᠡᠮᠳᠡᠬᠦ ᠲᠣᠭᠲᠠᠴᠠ ᠶᠢ ᠲᠦᠷᠭᠡᠳᠬᠡᠨ ᠪᠠᠶᠢᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠦᠨ᠂ ᠬᠠᠤᠯᠢ ᠠᠴᠠ ᠵᠥᠷᠢᠴᠡᠨ ᠡᠨᠧᠷᠭᠢ ᠬᠡᠷᠡᠭᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠪᠠ ᠮᠡᠷᠭᠡᠵᠢᠯ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠯᠪᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠵᠠᠮ ᠬᠠᠷᠢᠯᠴᠠᠭᠠᠨ ᠤ ᠲᠠᠯᠠᠪᠤᠷ ᠥᠷᠳᠡᠭᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠥᠷᠥᠭᠡᠨ ᠤ ᠡᠪᠦᠯ ᠵᠤᠨ ᠤ ᠳᠤᠯᠠᠭᠠᠨ ᠤ ᠬᠡᠮᠵᠢᠶ᠎ᠡ ᠶᠢ ᠡᠵᠡᠮᠳᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠰᠢᠰᠲ᠋ᠧᠮ ᠤᠨ ᠠᠵᠢᠯᠯᠠᠭᠠᠨ ᠤ ᠵᠡᠷᠭᠡ ᠪᠠᠶᠢᠳᠠᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠬᠢᠨᠠᠨ ᠬᠡᠮᠵᠢᠯᠲᠡ ᠶᠢᠨ ᠲᠤᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠣᠭᠲᠠᠭᠰᠠᠨ ᠨᠣᠷᠮᠠᠲᠤ ᠲᠥᠰᠥᠪ ᠤᠨ ᠳᠦᠷᠢᠮ ᠢ ᠰᠦᠪᠡᠭᠴᠢᠯᠡᠨ᠂ ᠭᠡᠷᠡᠲᠦ ᠡᠨᠧᠷᠭᠢ᠂ ᠤᠰᠤ ᠠᠷᠪᠢᠯᠠᠬᠤ ᠭᠡᠷᠡᠲᠦ ᠬᠠᠮᠢᠶᠠᠷᠤᠯᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠡᠨᠧᠷᠭᠢ ᠠᠷᠪᠢᠯᠠᠬᠤ ᠳᠠᠯᠳᠠ ᠬᠦᠴᠦᠨ ᠢᠶᠠᠷ ᠶᠡᠭᠡ ᠣᠯᠠᠨ ᠨᠡᠶᠢᠲᠡ ᠶᠢᠨ ᠪᠠᠶᠢᠭᠤᠯᠤᠮᠵᠢ ᠶᠢ ᠰᠣᠩᠭᠤᠨ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠪᠣᠢ ᠪᠣᠯᠭᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶᠢᠲᠡ ᠶᠢᠨ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠵᠢᠴᠢ ᠤᠬᠠᠭᠤᠯᠤᠨ ᠰᠠᠨᠠᠭᠠᠴᠢᠯᠠᠬᠤ ᠠᠵᠢᠯ ᠢ ᠰᠠᠶᠢᠲᠤᠷ ᠥᠷᠨᠢᠭᠦᠯᠦᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠠᠭᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ ᠭᠤᠣᠯᠳᠠᠯᠭᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠵᠤ ᠠᠷᠠᠴᠢᠯᠠᠨ ᠬᠠᠮᠠᠭᠠᠯᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠳᠤ ᠥᠨᠳᠥᠷ ᠦᠷ᠎ᠡ ᠠᠰᠢᠭᠲᠤ ᠤᠶᠠᠨ ᠬᠠᠲᠠᠨ ᠴᠢᠨᠠᠷᠲᠠᠢ ᠣᠶᠤᠨᠴᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠵᠦ᠂ ᠴᠠᠬᠢᠯᠭᠠᠨ ᠬᠡᠷᠡᠭᠯᠡᠬᠦ ᠳᠠᠭᠠᠭᠠᠴᠠ ᠶᠢ ᠵᠦᠢ ᠵᠣᠬᠢᠰᠲᠠᠢ ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠳᠥᠷᠪᠡ︶ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠭᠡᠨ ᠢ ᠨᠢᠭᠡᠳᠦᠯᠲᠡᠢ ᠲᠥᠯᠥᠪᠵᠢᠭᠦᠯᠵᠦ᠂ ᠴᠠᠭ ᠤᠨ ᠬᠦᠰᠦᠨᠦᠭᠲᠦ᠂ ᠠᠵᠢᠯ ᠤᠨ ᠱᠤᠭᠤᠮ ᠤᠨ ᠵᠢᠷᠤᠭ᠂ ᠪᠠᠷᠢᠯᠭ᠎ᠠ ᠶᠢᠨ ᠠᠵᠢᠯ ᠤᠨ ᠵᠢᠷᠤᠭ ᠢ ᠲᠣᠭᠲᠠᠭᠠᠨ᠂︽ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠨᠡᠶᠢᠳᠡᠮ ᠬᠡᠷᠡᠭᠯᠡᠭᠡᠨ ᠤ ᠵᠢᠷᠤᠮᠵᠢᠯ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠴᠡᠪᠡᠷ ᠳᠤᠯᠠᠭᠠᠯᠠᠭ᠎ᠠ ᠬᠠᠩᠭᠠᠬᠤ ᠶᠢ ᠠᠬᠢᠭᠤᠯᠵᠤ᠂ ᠢᠯᠴᠢ ᠴᠠᠬᠢᠯᠭᠠᠨ ᠢ ᠵᠡᠷᠭᠡ ᠪᠠᠷ ᠦᠢᠯᠡᠳᠪᠦᠷᠢᠯᠡᠬᠦ᠂ ᠠᠵᠤ ᠦᠢᠯᠡᠳᠪᠦᠷᠢ ᠶᠢᠨ ᠪᠦᠯᠢᠶᠡᠨ ᠢᠯᠴᠢ ᠶᠢ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ ᠶᠢ ᠶᠡᠭᠡ ᠪᠠᠷ ᠬᠥᠭᠵᠢᠭᠦᠯᠦᠨ᠂ ᠪᠠᠷᠢᠯᠭ᠎ᠠ ᠶᠢᠨ ᠬᠦᠷᠢᠶ᠎ᠡ ᠴᠠᠷᠠᠭᠠᠨ ᠳᠠᠬᠢ ᠭᠠᠵᠠᠷ ᠤᠨ ᠢᠯᠴᠢ ᠶᠢᠨ ᠡᠨᠧᠷᠭᠢ᠂ ᠨᠡᠷᠡᠨ ᠤ ᠡᠨᠧᠷᠭᠢ ᠪᠠᠷ ᠢᠯᠴᠢ ᠬᠠᠩᠭᠠᠬᠤ ᠬᠡᠷᠡᠭᠯᠡᠭᠡᠨ ᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠨᠢ ᠲᠠᠷᠢᠶᠠᠯᠠᠬᠤ ᠮᠠᠯᠵᠢᠬᠤ ᠣᠷᠣᠨ ᠢ ᠡᠮᠬᠢ ᠵᠢᠷᠤᠮ ᠲᠠᠢ ᠵᠢᠯᠣᠭᠤᠳᠴᠤ ᠪᠠᠶᠢᠭᠠᠳ ᠪᠢᠥᠮᠠᠰ ᠤᠨ ᠡᠨᠧᠷᠭᠢᠲᠦ ᠵᠤᠤᠬ᠎ᠠ ᠪᠠᠷ ᠳᠤᠯᠠᠭᠠᠨ ᠬᠠᠩᠭᠠᠬᠤ ᠶᠢ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ ᠪᠠᠷᠢᠯᠭ᠎ᠠ ᠶᠢ ᠴᠠᠬᠢᠯᠭᠠᠨᠵᠢᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ ᠶᠢ ᠪᠦᠬᠦ ᠲᠠᠯ᠎ᠠ ᠪᠠᠷ ᠴᠠᠬᠢᠯᠭᠠᠨᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠲᠠᠪᠤ︶ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠠᠶᠢᠮᠠᠭ ᠬᠤᠲᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ ᠬᠡᠷᠡᠭᠯᠡᠬᠦ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠠᠷᠢᠯᠭ᠎ᠠ ᠶᠢᠨ ᠭᠡᠷᠡᠯᠴᠢ ᠴᠡᠨᠡᠭ ᠤᠨ ᠬᠥᠭᠵᠢᠯᠲᠡ ᠳᠤ ᠠᠰᠢᠭᠲᠠᠢ ᠲᠣᠭᠲᠠᠴᠠ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠤᠨ ᠴᠢᠨᠠᠷ ᠰᠠᠶᠢᠲᠠᠢ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ ᠪᠠᠷᠢᠯᠭ᠎ᠠ ᠪᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠣᠷᠣᠨ ᠨᠤᠲᠤᠭ ᠤᠨ ᠪᠠᠷᠢᠮᠵᠢᠶ᠎ᠠ ᠪᠠ ᠵᠢᠷᠤᠭ ᠤᠨ ᠲᠣᠪᠬᠢᠮᠠᠯ ᠢ ᠲᠣᠭᠲᠠᠭᠠᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠭᠡᠷ ᠪᠠᠶᠢᠰᠢᠩ᠂ ᠣᠯᠠᠨ ᠨᠡᠶᠢᠲᠡ ᠶᠢᠨ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠵᠡᠷᠭᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ ᠭᠡᠷᠡᠯᠴᠢ ᠴᠡᠨᠡᠭ ᠲᠠᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠠᠵᠢᠯ ᠢ ᠤᠯᠤᠰ ᠤᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠭᠡᠷᠡᠯᠴᠢ ᠴᠡᠨᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠡᠷᠡᠯᠴᠢ ᠴᠡᠨᠡᠭ ᠢᠶᠠᠷ ᠭᠠᠷᠭᠠᠬᠤ ᠴᠠᠬᠢᠯᠭᠠᠨ ᠢ ᠪᠠᠭᠲᠠᠭᠠᠨ ᠰᠢᠩᠭᠡᠭᠡᠬᠦ ᠪᠠᠨ ᠰᠠᠶᠢᠲᠤᠷ ᠬᠢᠵᠦ᠂ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠪᠠᠷᠢᠯᠭ᠎ᠠ ᠶᠢᠨ ᠭᠡᠷᠡᠯᠴᠢ ᠴᠡᠨᠡᠭ ᠤᠨ ᠲᠠᠯ᠎ᠠ ᠪᠠᠷ ᠬᠢ ᠨᠡᠶᠢᠲᠡᠯᠢᠭ ᠠᠵᠢᠯ ᠤᠨ ᠲᠤᠷᠰᠢᠯᠭ᠎ᠠ ᠶᠢ ᠴᠠᠭ ᠲᠤᠬᠠᠢ ᠳᠤ ᠨᠢ ᠤᠬᠠᠭᠤᠯᠤᠨ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠵᠢᠷᠭᠤᠭ᠎ᠠ︶ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠ ᠢᠯᠴᠢ ᠬᠠᠩᠭᠠᠭᠰᠠᠨ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ ᠦᠬᠠᠢ ᠬᠤᠲᠠ ᠳᠤ ᠤᠷᠢᠳ ᠢᠶᠠᠷ ᠲᠤᠷᠰᠢᠨ ᠬᠡᠷᠡᠭᠵᠢᠭᠦᠯᠵᠦ᠂ ᠣᠷᠣᠨ ᠪᠦᠰᠡ ᠬᠤᠪᠢᠶᠠᠨ ᠥᠪᠡᠷᠲᠡᠭᠡᠨ ᠵᠠᠰᠠᠬᠤ ᠣᠷᠣᠨ ᠤ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠᠷ ᠰᠦᠢᠳᠬᠡᠯ ᠬᠤᠷᠢᠶᠠᠬᠤ ᠥᠭᠡᠷᠡᠴᠢᠯᠡᠯᠲᠡ ᠶᠢ ᠵᠢᠱᠢᠶ᠎ᠡ ᠦᠵᠡᠭᠦᠯᠦᠨ ᠠᠬᠢᠭᠤᠯᠵᠤ᠂ ᠢᠯᠴᠢ ᠶᠢᠨ ᠬᠠᠩᠭᠠᠯᠭ᠎ᠠ ᠶᠢᠨ ᠣᠶᠤᠨᠴᠢᠯᠠᠯᠲᠠ ᠶᠢ ᠪᠡᠶᠡᠯᠡᠭᠦᠯᠦᠨ᠎ᠡ᠃ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠢᠯᠴᠢ ᠶᠢᠨ ᠬᠠᠩᠭᠠᠯᠭ᠎ᠠ ᠶᠢ ᠡᠷᠦᠬᠡ ᠡᠷᠦᠬᠡ ᠪᠠᠷ ᠬᠡᠮᠵᠢᠬᠦ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠵᠤ᠂ ᠬᠡᠮᠵᠢᠶᠡᠯᠡᠬᠦ ᠬᠠᠷᠠᠯᠲᠠ ᠡᠭᠦᠷᠭᠡ ᠪᠠ ᠥᠭᠡᠷᠡᠴᠢᠯᠡᠬᠦ ᠬᠤᠭᠤᠴᠠᠭ᠎ᠠ ᠬᠢᠵᠠᠭᠠᠷ ᠢ ᠲᠣᠳᠣᠷᠬᠠᠢ ᠪᠣᠯᠭᠠᠨ᠂ ᠨᠥᠬᠦᠴᠡᠯ ᠪᠦᠷᠢᠳᠦᠭᠦᠯᠦᠭᠰᠡᠨ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠠᠴᠠ ᠢᠯᠴᠢ ᠶᠢᠨ ᠬᠡᠷᠡᠭᠯᠡᠴᠡ ᠶᠢ ᠬᠡᠮᠵᠢᠵᠦ ᠰᠦᠢᠳᠬᠡᠯ ᠬᠤᠷᠢᠶᠠᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠡᠷᠦᠬᠡ ᠶᠢᠨ ᠳᠣᠲᠣᠭᠠᠳᠤ ᠳᠤ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢ ᠥᠭᠡᠷᠡᠴᠢᠯᠡᠨ ᠰᠢᠨᠡᠳᠬᠡᠬᠦ ᠥᠷᠲᠡᠭ ᠪᠠ ᠨᠥᠬᠦᠴᠡᠯ ᠢ ᠡᠰᠡ ᠪᠦᠷᠢᠳᠦᠭᠦᠯᠦᠭᠰᠡᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠳᠤ ᠠᠰᠠᠷ ᠤᠨ ᠣᠷᠤᠴᠠ ᠣᠷᠤᠴᠠ ᠪᠠᠷ ᠬᠡᠮᠵᠢᠬᠦ ᠠᠷᠭ᠎ᠠ ᠶᠢ ᠬᠡᠷᠡᠭᠵᠢᠭᠦᠯᠵᠦ ᠪᠣᠯᠣᠨ᠎ᠠ᠃ ᠰᠢᠨ᠎ᠡ ᠪᠠᠷ ᠪᠠᠷᠢᠵᠤ ᠳᠠᠭᠤᠰᠬᠠᠭᠰᠠᠨ ᠪᠠᠷᠢᠯᠭ᠎ᠠ ᠶᠢ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢᠨ ᠱᠠᠭᠠᠷᠳᠠᠯᠭ᠎ᠠ ᠳᠤ ᠬᠦᠷᠭᠡᠬᠦ ᠬᠡᠷᠡᠭᠲᠡᠢ᠃ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠢᠯᠴᠢ ᠶᠢᠨ ᠦᠨ᠎ᠡ ᠪᠠ ᠬᠡᠮᠵᠢᠯᠲᠡ ᠶᠢᠨ ᠢᠯᠴᠢ ᠶᠢᠨ ᠦᠨ᠎ᠡ ᠶᠢ ᠬᠠᠷᠢᠯᠴᠠᠨ ᠤᠶᠠᠯᠳᠤᠭᠤᠯᠤᠭᠰᠠᠨ ᠬᠤᠶᠠᠷ ᠢᠵᠢ ᠢᠯᠴᠢ ᠶᠢᠨ ᠦᠨ᠎ᠡ ᠶᠢ ᠲᠦᠷᠭᠡᠳᠬᠡᠨ ᠬᠡᠷᠡᠭᠵᠢᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠬᠤᠲᠠ ᠶᠢᠨ ᠢᠯᠴᠢ ᠶᠢᠨ ᠬᠠᠩᠭᠠᠯᠭ᠎ᠠ ᠶᠢᠨ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠠᠵᠢᠭᠤᠯᠤᠯᠲᠠ᠂ ᠣᠶᠤᠨᠴᠢᠯᠠᠯᠲᠠ ᠲᠡᠶᠢᠰᠢ ᠬᠡᠯᠪᠡᠷᠢ ᠪᠠᠨ ᠬᠤᠪᠢᠷᠠᠭᠤᠯᠵᠤ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠳᠣᠯᠤᠭ᠎ᠠ︶ ᠬᠥᠳᠡᠭᠡ ᠲᠣᠰᠬᠤᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠨ ᠰᠠᠶᠢᠨ ᠳᠤᠷ᠎ᠠ ᠶᠢᠨ ᠪᠠᠶᠢᠬᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠣᠷᠣᠨ ᠰᠠᠭᠤᠴᠠ ᠶᠢᠨ ᠬᠦᠷᠢᠶ᠎ᠡ ᠬᠠᠰᠢᠶᠠᠨ ᠤ ᠵᠢᠷᠤᠭ ᠲᠥᠯᠥᠪᠯᠡᠭᠡ ᠶᠢᠨ ᠵᠢᠷᠤᠭ ᠤᠨ ᠲᠣᠪᠬᠢᠮᠠᠯ︾ ᠤᠨ ᠬᠡᠷᠡᠭᠯᠡᠭᠡᠨ ᠢ ᠵᠣᠷᠢᠭᠵᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠶᠠᠨᠳᠠᠭᠠᠨ ᠰᠠᠯᠬᠢ ᠨᠡᠪᠲᠡᠷᠡᠬᠦ᠂ ᠭᠡᠷᠡᠯ ᠠᠪᠤᠯᠭ᠎ᠠ ᠪᠠ ᠳᠤᠯᠠᠭᠠᠨ ᠢ ᠬᠠᠮᠠᠭᠠᠯᠠᠬᠤ ᠴᠢᠳᠠᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠶᠢᠨ ᠬᠤᠷᠣᠭᠳᠠᠯ ᠢ ᠪᠠᠭᠠᠰᠬᠠᠬᠤ ᠶᠢᠨ ᠬᠠᠮᠲᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡᠨᠲᠡ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠵᠦ᠂ ᠭᠡᠷ ᠪᠠᠶᠢᠰᠢᠩ ᠤᠨ ᠬᠡᠷᠡᠮ ᠬᠠᠨ᠎ᠠ᠂ ᠡᠭᠦᠳᠡ ᠴᠣᠩᠬᠤ᠂ ᠭᠡᠷ ᠤᠨ ᠳᠡᠭᠡᠪᠦᠷ᠂ ᠱᠠᠯᠠ ᠵᠡᠷᠭᠡ ᠳᠤ ᠲᠣᠪᠶᠤᠭ ᠮᠠᠶ᠋ᠢᠭ ᠤᠨ ᠪᠢᠴᠢᠯ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠨᠳᠥᠷ ᠦᠷ᠎ᠡ ᠪᠦᠳᠦᠮᠵᠢᠳᠡᠢ ᠭᠡᠷᠡᠯᠲᠦᠭᠦᠯᠭᠡ᠂ ᠵᠤᠤᠬᠠᠨ ᠤ ᠬᠡᠷᠡᠭᠰᠡᠯ᠂ ᠡᠨᠧᠷᠬᠢ ᠠᠷᠪᠢᠯᠠᠬᠤ ᠪᠠᠭᠠᠵᠢ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠴᠡᠪᠡᠷ ᠳᠤᠯᠠᠭᠠᠯᠠᠭ᠎ᠠ ᠶᠢ ᠠᠬᠢᠭᠤᠯᠵᠤ᠂ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠪᠠ ᠨᠡᠷᠡᠨ ᠤ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠢᠯᠴᠢ ᠶᠢᠨ ᠡᠨᠧᠷᠭᠢ᠂ ᠪᠢᠥᠮᠠᠰ ᠤᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠨᠡᠮᠡᠵᠦ ᠤᠭᠰᠠᠷᠠᠬᠤ᠂ ᠨᠡᠭᠦᠷᠡᠰᠦ ᠰᠢᠲᠠᠭᠠᠵᠤ ᠬᠡᠷᠡᠭᠯᠡᠬᠦ ᠶᠢ ᠪᠠᠭᠠᠰᠬᠠᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠨᠠᠢᠮᠠ︶ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠦᠷᠭᠡᠳᠬᠡᠨ ᠬᠥᠭᠵᠢᠭᠦᠯᠵᠦ᠂ ᠤᠷᠢᠳᠴᠢᠯᠠᠨ ᠦᠢᠯᠡᠳᠦᠭᠰᠡᠨ ᠲᠣᠨᠣᠭᠯᠠᠭᠠᠰᠤ ᠪᠠ ᠤᠭᠰᠠᠷᠠᠭ᠎ᠠ ᠦᠢᠯᠡᠳᠬᠦᠨ ᠤᠭᠰᠠᠷᠠᠭ᠎ᠠ ᠲᠣᠨᠤᠭ ᠤᠨ ᠨᠡᠶᠢᠳᠡᠮ ᠬᠡᠷᠡᠭᠯᠡᠭᠡᠨ ᠤ ᠴᠢᠨᠠᠷ ᠢ ᠳᠡᠭᠡᠭᠰᠢᠯᠡᠭᠦᠯᠦᠨ᠂ ᠪᠠᠷᠢᠮᠵᠢᠶᠠᠵᠢᠭᠤᠯᠤᠭᠰᠠᠨ᠂ ᠴᠥᠭᠡᠨ ᠬᠡᠪ ᠪᠠᠷᠢᠮᠵᠢᠶᠠᠨ ᠤ᠂ ᠣᠯᠡᠨ ᠨᠡᠶᠢᠯᠡᠮᠡᠯ ᠵᠢᠷᠤᠭ ᠲᠥᠯᠥᠪᠯᠡᠭᠡ ᠶᠢ ᠳᠡᠯᠭᠡᠷᠡᠭᠦᠯᠵᠦ᠂ 2025 ᠣᠨ ᠪᠣᠯᠬᠤ ᠳᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠳᠡᠯᠡᠪᠡᠢ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ 30% ᠣᠷᠴᠢᠮ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠂ ᠡᠭᠦᠨ ᠳᠤ ᠬᠦᠬᠡᠬᠤᠳᠡ᠂ ᠪᠤᠭᠤᠲᠤ ᠬᠤᠳᠡ ᠶᠢᠨ ᠭᠤᠣᠯ ᠬᠤᠳᠡ ᠲᠣᠭᠤᠷᠢᠭ ᠤᠨ ᠬᠢ ᠶᠢ 40% ᠣᠷᠴᠢᠮ ᠳᠤ ᠬᠦᠷᠦᠭᠦᠯᠦᠨ᠎ᠡ᠃ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠵᠤ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠤᠭᠰᠠᠷᠠᠭᠰᠠᠨ ᠵᠠᠰᠠᠯ ᠴᠢᠮᠡᠭᠯᠡᠯ ᠢ ᠢᠳᠡᠪᠬᠢᠲᠡᠢ ᠳᠡᠯᠭᠡᠷᠡᠭᠦᠯᠵᠦ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠣᠨ ᠰᠠᠭᠤᠴᠠ ᠶᠢ ᠲᠦᠷᠭᠡᠳᠬᠡᠨ ᠪᠠᠶᠢᠭᠤᠯᠤᠨ᠎ᠠ᠃ ᠪᠤᠭᠤᠲᠤ ᠬᠤᠲᠠ᠂ ᠣᠷᠳᠣᠰ ᠬᠤᠲᠠ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠵᠢᠯᠣᠭᠤᠳᠤᠨ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠥᠷᠨᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ ᠦᠵᠡᠭᠦᠯᠬᠦ ᠶᠢ ᠰᠦᠪᠡᠭᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ ᠬᠤᠳᠠᠯᠳᠤᠭᠠᠨ ᠤ ᠲᠠᠯᠠᠪᠤᠷ ᠤᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠣᠨᠴᠠᠯᠢᠭᠲᠤ ᠣᠷᠳᠣᠨ ᠢ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠵᠤ ᠡᠵᠡᠩᠨᠡᠨ ᠠᠵᠢᠯᠯᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠬᠥᠬᠡᠬᠤᠲᠠ᠂ ᠣᠷᠳᠣᠰ ᠬᠤᠲᠠ ᠨᠢ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠤᠨ ᠳᠡᠭᠡᠭᠰᠢᠯᠡᠭᠦᠯᠦᠯᠲᠡ ᠶᠢ ᠠᠬᠢᠭᠤᠯᠬᠤ ᠬᠤᠲᠠ ᠪᠣᠯᠣᠭᠰᠠᠨ ᠤ ᠬᠤᠪᠢ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠳᠤ ᠪᠣᠬᠢᠷᠳᠤᠯ ᠦᠭᠡᠢ ᠪᠠᠷᠢᠯᠭ᠎ᠠ ᠪᠠ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠲᠡᠢ᠃ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ ᠦᠢᠯᠡᠳᠬᠦᠨ ᠤ ᠭᠡᠷᠡᠴᠢᠯᠡᠭᠡ ᠪᠠ ᠬᠡᠷᠡᠭᠯᠡᠭᠡᠨ ᠢ ᠳᠡᠯᠭᠡᠷᠡᠭᠦᠯᠬᠦ ᠪᠠᠨ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ ᠭᠡᠷᠡᠴᠢᠯᠡᠭᠡ ᠶᠢ ᠥᠷᠨᠢᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠨᠡᠮᠯᠡᠯ ᠣᠯᠣᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠪᠠ ᠦᠢᠯᠡᠳᠬᠦᠨ ᠢ ᠥᠷᠭᠡᠳᠬᠡᠨ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ ᠮᠡᠳᠡᠭᠡ ᠵᠠᠩᠭᠢ ᠶᠢ ᠴᠤᠭᠯᠠᠭᠤᠯᠬᠤ ᠬᠡᠷᠡᠭᠯᠡᠭᠡᠨ ᠤ ᠳ᠋ᠠᠶᠢᠲ᠋ᠠ ᠬᠥᠮᠥᠷᠭᠡ ᠶᠢ ᠳᠠᠰᠣᠷᠡᠯᠳᠡ ᠦᠭᠡᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠡᠨᠧᠷᠭᠢ ᠠᠷᠪᠢᠯᠠᠬᠤ ᠬᠡᠯᠪᠡᠷᠢ ᠶᠢᠨ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠶᠢ ᠳᠡᠯᠭᠡᠷᠡᠭᠦᠯᠵᠦ᠂ ᠪᠠᠷᠢᠯᠭ᠎ᠠ ᠶᠢᠨ ᠠᠵᠢᠯ ᠤᠨ ᠲᠦᠷ ᠴᠠᠭ ᠤᠨ ᠲᠥᠬᠦᠭᠡᠷᠦᠮᠵᠢ ᠬᠢᠭᠡᠳ ᠡᠭᠦᠷᠢᠳᠡ ᠶᠢᠨ ᠲᠥᠬᠦᠭᠡᠷᠦᠮᠵᠢ ᠶᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠶᠢᠰᠦ︶ ᠪᠠᠷᠢᠯᠭ᠎ᠠ ᠶᠢ ᠨᠤᠷᠠᠭᠠᠵᠤ ᠰᠢᠢᠳᠪᠦᠷᠢᠯᠡᠬᠦ ᠬᠠᠮᠢᠶᠠᠷᠤᠯᠲᠠ ᠶᠢ ᠴᠢᠩᠳᠠᠯᠠᠨ᠎ᠠ᠃ ᠬᠤᠳᠠ ᠶᠢᠨ ᠣᠷᠭᠠᠨᠢᠭ ᠰᠢᠨᠡᠴᠢᠯᠡᠯᠲᠡ ᠶᠢ ᠠᠬᠢᠭᠤᠯᠵᠤ᠂ ︽ᠦᠯᠡᠳᠡᠭᠡᠬᠦ ᠥᠭᠡᠷᠡᠴᠢᠯᠡᠬᠦ ᠨᠤᠷᠠᠭᠠᠬᠤ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠬᠠᠭᠤᠴᠢᠷᠠᠭᠰᠠᠨ ᠪᠠᠷᠢᠯᠭ᠎ᠠ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠪᠠ ᠦᠯᠡᠳᠡᠭᠡᠨ ᠠᠰᠢᠭᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠪᠠᠷᠢᠯᠭ᠎ᠠ ᠶᠢ ᠨᠤᠷᠠᠭᠠᠨ ᠰᠢᠢᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠨ᠎ᠠ᠃ ᠪᠦᠲᠦᠭᠡᠨ ᠪᠠᠶᠢᠭᠤᠯᠬᠤ ᠨᠢᠭᠡᠴᠢ ᠨᠢ ᠵᠣᠬᠢᠬᠤ ᠬᠢᠷᠢ ᠭᠡᠮ ᠲᠠᠢ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ ᠳᠠᠭᠠᠭᠠᠴᠢᠯᠠᠬᠤ ᠨᠢᠭᠡᠴᠢ ᠳᠤ ᠲᠣᠭᠲᠠᠭᠠᠯ ᠶᠣᠰᠣᠭᠠᠷ ᠨᠠᠶᠢᠳᠠᠵᠤ ᠭᠡᠷ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠳᠠᠬᠢᠨ ᠠᠰᠢᠭᠯᠠᠵᠤ ᠪᠣᠯᠬᠤ ᠳᠤ ᠬᠦᠷᠪᠡᠯ᠂ ᠣᠷᠴᠢᠯᠳᠤᠭᠤᠯᠤᠨ ᠠᠰᠢᠭᠯᠠᠨ᠎ᠠ︔ ᠳᠠᠬᠢᠨ ᠠᠰᠢᠭᠯᠠᠵᠤ ᠳᠡᠶᠢᠯᠬᠦ ᠦᠭᠡᠢ ᠶᠢ ᠨᠢ ᠲᠣᠭᠲᠠᠭᠠᠯ ᠶᠣᠰᠣᠭᠠᠷ ᠬᠤᠣᠷ ᠦᠭᠡᠶᠢᠳᠡᠭᠦᠯᠦᠨ ᠰᠢᠢᠳᠪᠦᠷᠢᠯᠡᠨ᠎ᠡ᠃ ᠡᠯ᠎ᠡ ᠭᠠᠵᠠᠷ ᠣᠷᠣᠨ ᠨᠢ ᠪᠦᠲᠦᠭᠡᠨ ᠪᠠᠶᠢᠭᠤᠯᠤᠯᠲᠠ ᠶᠢᠨ ᠴᠠᠭ ᠤᠨ ᠳᠡᠰ ᠳᠠᠷᠠᠭᠠᠯᠠᠯ ᠢ ᠡᠵᠡᠮᠳᠡᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠠᠴᠠ ᠪᠣᠯᠵᠤ ᠡᠨᠧᠷᠭᠢ ᠡᠬᠢ ᠪᠠᠶᠠᠯᠢᠭ ᠢ ᠪᠦᠷᠢᠯᠭᠡᠬᠦ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠠᠷᠪᠠ︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠲᠦᠷᠭᠡᠳᠬᠡᠨ᠎ᠡ᠃ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢᠶᠠᠨ ᠤᠯᠠᠷᠢᠭᠤᠯᠤᠨ ᠰᠢᠨᠡᠳᠬᠡᠬᠦ ᠶᠢ ᠨᠢ ᠠᠬᠢᠭᠤᠯᠵᠤ᠂ ᠨᠡᠭᠦᠷᠡᠰᠦᠲᠥ᠋ᠷᠥᠭᠴᠢ ᠪᠠᠭᠠᠲᠠᠢ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠡᠷᠭᠡ ᠮᠡᠷᠭᠡᠵᠢᠯ ᠤᠨ ᠪᠠᠷᠢᠯᠭ᠎ᠠ ᠶᠢᠨ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠣᠨᠴᠠᠯᠢᠭ ᠲᠤ ᠲᠣᠬᠢᠷᠠᠭᠰᠠᠨ ᠪᠣᠬᠢᠷᠳᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠣᠶᠢᠵᠢᠭᠤᠯᠤᠨ᠂ ᠬᠠᠬᠢᠷ ᠬᠦᠢᠲᠡᠨ᠂ ᠬᠦᠢᠲᠡᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠪᠠ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡᠨ ᠢ ᠰᠤᠳᠤᠯᠤᠨ ᠨᠡᠭᠡᠭᠡᠨ᠎ᠡ᠃ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠶᠢᠨ ᠬᠠᠮᠢᠶᠠᠷᠤᠯᠲᠠ ᠶᠢᠨ ᠲᠣᠭᠲᠠᠯᠴᠠᠭᠠᠨ ᠤ ᠭᠡᠷᠡᠴᠢᠯᠡᠭᠡ ᠶᠢ ᠠᠬᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠬᠡᠷᠡᠭᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤ ᠨᠢ ᠡᠮᠬᠢᠯᠡᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠪᠣᠯᠪᠠᠰᠤᠷᠠᠩᠭᠤᠢ ᠮᠡᠷᠭᠡᠵᠢᠯ ᠤᠨ ᠦᠢᠯᠡᠳᠬᠦᠨ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠲᠥᠯᠥᠪᠯᠡᠭᠡ ᠲᠠᠢ ᠤᠶᠠᠯᠳᠤᠭᠤᠯᠵᠤ ᠪᠠᠶᠢᠭᠠᠳ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠴᠢᠳᠠᠪᠤᠷᠢᠲᠠᠨ ᠵᠢᠴᠢ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ ᠤ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠴᠡᠯ ᠲᠠᠢ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠪᠠ ᠪᠣᠯᠪᠠᠰᠤᠷᠠᠭᠤᠯᠬᠤ ᠲᠠᠪᠴᠠᠩ ᠪᠠᠶᠢᠭᠤᠯᠬᠤ ᠶᠢ ᠳᠡᠮᠵᠢᠵᠦ᠂ ᠠᠵᠢᠯᠯᠠᠭᠰᠠᠳ ᠲᠤ ᠪᠠᠷᠢᠯᠭ᠎ᠠ ᠶᠢᠨ ᠦᠢᠯᠡᠳᠦᠯᠭᠡ ᠶᠢᠨ ᠪᠣᠯᠪᠠᠰᠤᠷᠠᠯ ᠬᠢᠬᠦ ᠪᠠᠨ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠠᠷᠪᠠᠨ ᠨᠢᠭᠡ︶ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠶᠢᠨ ᠬᠤᠷᠣᠭᠳᠠᠯ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠬᠦᠷᠢᠶᠡᠨ ᠤ ᠡᠨᠧᠷᠭᠢ ᠶᠢᠨ ᠬᠡᠷᠡᠭᠯᠡᠭᠡ ᠶᠢᠨ ᠲᠤᠬᠠᠢ ᠤᠯᠤᠰ ᠤᠨ ᠲᠤᠭ᠎ᠠ ᠪᠦᠷᠢᠳᠬᠡᠯ ᠤᠨ ᠳᠦᠷᠢᠮ ᠪᠠ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ᠂ ᠴᠠᠬᠢᠯᠭᠠᠨ ᠬᠦᠴᠦᠨ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠬᠢᠨ ᠤ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠳ᠋ᠠᠶᠢᠲ᠋ᠠ ᠶᠢᠨ ᠲᠤᠬᠠᠢ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠣᠭᠠᠴᠠᠭ᠎ᠠ ᠬᠢᠬᠦ ᠠᠷᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ︽ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾᠂ ︽ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾᠂ ︽ᠬᠤᠲᠠ ᠶᠢᠨ ᠶᠠᠪᠤᠳᠠᠯ ᠤᠨ ᠬᠥᠭᠦᠷᠭᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾ ᠵᠡᠷᠭᠡ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠪᠠᠶᠢᠭᠰᠠᠨ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠣᠭᠤᠷᠢᠨ ᠳᠤ ᠤᠷᠢᠳ ᠢᠶᠠᠷ ᠰᠦᠪᠡᠭᠴᠢᠯᠡᠬᠦ ᠶᠢ ᠨᠢ ᠳᠡᠮᠵᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠠᠵᠢᠯ ᠤᠨ ᠰᠠᠭᠤᠷᠢ ᠶᠢ ᠪᠠᠲᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠠᠷᠪᠠᠨ ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠣᠯᠡᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠬᠡᠳᠦ ᠳᠣᠣᠷ᠎ᠠ ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠵᠡᠷᠭᠡ ᠨᠢᠭᠡ ᠪᠦᠯᠦᠭ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠪᠠᠨ ᠲᠦᠷᠭᠡᠳᠬᠡᠵᠦ᠂ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠠᠷᠢᠯᠭ᠎ᠠ ᠪᠠᠷᠢᠬᠤ ᠪᠠ ᠬᠡᠷᠡᠭᠯᠡᠵᠦ ᠬᠠᠮᠠᠭᠠᠯᠠᠬᠤ ᠪᠦᠬᠦ ᠶᠠᠪᠤᠴᠠ ᠶᠢ ᠬᠠᠮᠤᠷᠤᠭᠰᠠᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠠᠵᠢᠯ ᠢᠶᠠᠨ ᠥᠷᠨᠢᠭᠦᠯᠵᠦ᠂ ᠪᠠᠷᠢᠯᠭ᠎ᠠ ᠶᠢᠨ ᠵᠢᠷᠤᠭᠯᠠᠨ ᠲᠥᠯᠥᠪᠯᠡᠭᠰᠡᠨ ᠡᠨᠧᠷᠭᠢ ᠶᠢᠨ ᠠᠰᠢᠭᠯᠠᠮᠵᠢ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ︵ᠠᠷᠪᠠᠨ ᠭᠤᠷᠪᠠ︶ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠣᠳᠣ ᠪᠠᠶᠢᠭ᠎ᠠ ᠡᠳ᠋ ᠤᠨ ᠵᠠᠰᠠᠭ ᠤᠨ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠠᠰᠢᠭᠯᠠᠵᠤ᠂ ᠨᠥᠬᠦᠴᠡᠯ ᠳᠤ ᠨᠡᠶᠢᠴᠡᠭᠰᠡᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠥᠷᠥᠯ ᠵᠦᠢᠯ ᠢ ᠳᠡᠮᠵᠢᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠳᠡᠮᠵᠢᠬᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢᠨ ᠡᠵᠡᠮᠳᠡᠬᠦᠶᠢᠴᠡ᠂ ᠬᠤᠳᠠᠯᠳᠤᠭ᠎ᠠ ᠶᠢᠨ ᠦᠷᠭᠦᠯᠵᠢᠯᠡᠬᠦᠶᠢᠴᠡ ᠤᠷᠢᠳᠠᠯ ᠳᠣᠣᠷ᠎ᠠ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠮᠥᠩᠭᠦᠨ ᠭᠦᠢᠯᠭᠡᠭᠡ ᠵᠡᠷᠭᠡ ᠨᠡᠷᠡᠳᠭᠦᠨ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠡᠳᠦ ᠳᠣᠣᠷ᠎ᠠ ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ᠂ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠣᠶᠤᠨᠴᠢ ᠴᠣᠭᠴᠠᠯᠠᠯᠲᠠ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠬᠢ ᠠᠷᠪᠢᠯᠠᠬᠤ ᠥᠭᠡᠷᠡᠴᠢᠯᠡᠯᠲᠡ᠂ ᠪᠠᠷᠢᠯᠭ᠎ᠠ ᠶᠢᠨ ᠳᠠᠬᠢᠨ ᠡᠭᠦᠰᠴᠦ ᠪᠣᠯᠬᠤ ᠡᠨᠧᠷᠬᠢ ᠶᠢᠨ ᠬᠡᠷᠡᠭᠯᠡᠭᠡᠨ ᠪᠠ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

    ᠭᠤᠷᠪᠠ᠂ ᠠᠵᠢᠯ ᠤᠨ ᠱᠠᠭᠠᠷᠳᠠᠯᠭ᠎ᠠ

    ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰ ᠲᠥᠰᠥᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠠᠷᠢᠯᠭ᠎ᠠ ᠶᠢᠨ ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠠᠷᠴᠤ ᠮᠡᠳᠡᠬᠦ ᠠᠰᠠᠭᠤᠳᠠᠯ ᠪᠠ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ ᠬᠥᠭᠵᠢᠯᠲᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ   

2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ   

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ