ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ  ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2024/10/21

    10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠦᠨ ᠤᠬᠠᠭᠠᠨ ᠰᠤᠳᠤᠯᠬᠤ ᠭᠠᠵᠠᠷ ᠤᠨ ᠳᠠᠷᠤᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠳᠤᠯᠬᠤ ᠲᠠᠰᠤᠭ ᠤᠨ ᠡᠷᠭᠢᠯᠡᠭᠴᠢ ᠵᠠᠩ ᡁᠢ ᠴᠢᠶᠠᠩ ᠤᠷᠢᠯᠭ᠎ᠠ ᠪᠠᠷ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠰᠣᠳᠣᠨ ᠴᠢᠬᠤᠯᠠ ᠠᠭᠤᠯᠭ᠎ᠠ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃

    ᠰᠦᠨ ᠱᠤᠤ ᠴᠧᠩ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ᠂ ᠰᠣᠶᠣᠯ ᠤᠨ ᠰᠢᠨ᠎ᠡ ᠡᠭᠦᠷᠭᠡ ᠶᠢ ᠡᠭᠦᠷᠭᠡᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠮᠥᠨ᠃ ᠪᠢᠳᠡ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ ᠪᠣᠳᠠᠲᠠᠢ ᠬᠢᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︽ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠨᠡ ᠬᠦ ᠴᠢᠬᠤᠯᠠ ᠦᠵᠡᠯ ᠰᠠᠨᠠᠭ᠎ᠠ ᠶᠢᠨ ᠮᠠᠨ ᠤ ᠣᠷᠣᠨ ᠳᠤ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠬᠡᠯᠡᠪᠡ᠃

    ᠰᠦᠨ ᠱᠤᠤ ᠴᠧᠩ᠂ ᠤᠨᠤᠯ ᠢᠶᠠᠷ ᠵᠡᠪᠰᠡᠭᠯᠡᠬᠦ ᠪᠠ ᠤᠨᠤᠯ ᠤᠨ ᠤᠬᠠᠭᠤᠯᠭ᠎ᠠ ᠶᠢ ᠪᠠᠶᠢᠩᠭᠤ ᠪᠦᠲᠦᠮᠵᠢᠲᠡᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠠᠵᠢᠯ᠂ ᠰᠤᠷᠤᠯᠴᠠᠯᠭ᠎ᠠ᠂ ᠠᠮᠢᠳᠤᠷᠠᠯ ᠳᠤ ᠭᠦᠢᠴᠡᠳ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠤᠷᠮ᠎ᠠ ᠵᠣᠷᠢᠭ ᠢ ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠵᠣᠪᠠᠭᠤᠷᠢ ᠵᠦᠳᠡᠭᠦᠷᠢ ᠶᠢ ᠲᠡᠰᠴᠤ ᠭᠠᠷᠪᠠᠰᠤ ᠡᠷᠬᠡᠪᠰᠢ ᠬᠦᠷᠲᠡᠮᠵᠢ ᠲᠠᠢ ᠪᠠᠶᠢᠯᠭᠠᠬᠤ︾ ᠠᠭᠤᠷ ᠠᠮᠢᠰᠬᠤᠯ ᠢ ᠪᠤᠢ ᠪᠤᠯᠭᠠᠵᠥ᠂ ︽ᠴᠤᠴᠠᠯᠲᠠ ᠦᠭᠡᠢ ᠤᠷᠤᠭᠰᠢᠯᠠᠪᠠᠰᠤ ᠪᠣᠭᠤᠮᠲᠠ ᠶᠢ ᠯᠠᠪ ᠳᠠᠪᠠᠵᠤ ᠴᠢᠳᠠᠬᠤ︾ ᠢᠲᠡᠭᠡᠯ ᠵᠣᠷᠢᠭ ᠢ ᠬᠥᠪᠴᠢᠯᠡᠵᠦ᠂ ︽ᠲᠣᠭᠲᠠᠭᠠᠭᠰᠠᠨ ᠬᠠᠷᠠᠯᠲᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠬᠰᠣᠬᠤ ᠦᠭᠡᠢ︾ ᠡᠷᠴᠢ ᠵᠣᠷᠢᠭ ᠢ ᠱᠤᠭᠤᠵᠤ᠂ ᠣᠷᠣᠨ ᠳᠠᠶᠠᠭᠠᠷ ᠲᠤ ᠬᠠᠷᠠᠯᠲᠠ ᠪᠣᠯᠣᠨ ᠦᠷ᠎ᠡ ᠪᠦᠲᠦᠮᠵᠢ ᠶᠢᠨ ᠬᠤᠭᠤᠷᠣᠨᠳᠤ ︽ᠠᠵᠢᠯᠯᠠᠬᠤ︾ ᠭᠡᠰᠡᠨ ᠦᠭᠡ ᠯᠡ ᠵᠠᠭᠠᠭᠯᠠᠭᠳᠠᠵᠤ ᠪᠠᠶᠢᠨ᠎ᠠ ᠭᠡᠳᠡᠭ ᠢ ᠰᠠᠶᠢᠲᠤᠷ ᠲᠠᠶᠢᠯᠪᠤᠷᠢᠯᠠᠨ ᠥᠭᠴᠦ᠂ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠲᠥᠷᠥ ᠶᠢᠨ ᠪᠣᠳᠣᠯᠭ᠎ᠠ ᠶᠢ ᠨᠠᠪᠲᠠᠷᠡᠭᠦᠯᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ ᠪᠠᠶᠢᠭ᠎ᠠ ᠬᠥᠮᠥᠨ ᠳᠤ ᠣᠯᠭᠤᠪᠠᠰᠤ ᠵᠣᠬᠢᠬᠤ ᠢᠷᠠᠭᠤ ᠠᠯᠳᠠᠷ ᠪᠠ ᠬᠠᠷᠠᠭᠠᠯᠵᠠᠯ ᠣᠯᠭᠤᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠣᠨ ᠠᠵᠢᠯᠯᠠᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠯᠠᠪᠳᠠᠭᠤᠨ ᠪᠠᠲᠤᠲᠠᠢ ᠪᠠᠷ ᠬᠥᠭᠵᠢᠭᠦᠯᠵᠦ᠂ ︽ᠳᠤᠮᠳᠠᠳᠤ ᠤᠯᠤᠰ ᠤᠨ ᠠᠵᠤ ᠠᠬᠤᠢ ᠶᠢᠨ ᠭᠡᠭᠡᠨ ᠰᠠᠴᠤᠷᠠᠩᠭᠤᠢ ᠤᠨᠤᠯ︾ ᠤᠨ ᠥᠪᠥᠷ ᠮᠣᠩᠭᠤᠯ ᠤᠨ ᠠᠶᠠᠰ ᠢ ᠴᠢᠪᠬᠠᠳᠠᠵᠤ᠂ ᠤᠯᠠᠨ ᠢᠶᠠᠷ ᠢᠶᠠᠨ ᠪᠦᠭᠦ ᠬᠦᠴᠦᠨ ᠴᠢᠳᠠᠯ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠵᠣᠷᠢᠭᠵᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠳᠬ᠎ᠠ ᠤᠷᠠᠯᠢᠭ ᠤᠨ ᠬᠦᠷᠢᠶᠡᠯᠡᠩ ᠪᠦᠯᠭᠦᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠪᠦᠭᠦ ᠤᠯᠤᠰ ᠤᠨ ᠬᠡᠪᠴᠢᠶᠡᠨ ᠳᠤ ᠳᠡᠯᠭᠡᠨ ᠦᠵᠡᠭᠦᠯᠵᠦ ᠲᠣᠭᠯᠠᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠰᠣᠶᠣᠯ ᠤᠨ ᠶᠡᠭᠡ ᠣᠷᠣᠨ ᠤ ᠨᠡᠷ᠎ᠡ ᠠᠯᠳᠠᠷ ᠢ ᠮᠠᠨᠳᠤᠭᠤᠯᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠶᠣᠯ ᠤᠨ ᠤᠬᠠᠭᠤᠯᠭ᠎ᠠ ᠪᠠ ᠰᠣᠯᠢᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠳᠠᠪᠠᠭᠤᠯᠢᠭ ᠢ ᠳᠡᠯᠡᠬᠡᠢ ᠳ᠋ᠠᠬᠢᠨ ᠳᠤ ᠭᠦᠢᠴᠡᠳ ᠬᠠᠷᠠᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠡᠬᠢ ᠪᠠᠶᠠᠯᠢᠭ ᠤᠨ ᠳᠠᠪᠠᠭᠤᠯᠢᠭ᠂ ᠶᠡᠭᠡ ᠰᠠᠶᠢᠨ ᠬᠥᠭᠵᠢᠯᠲᠡ ᠶᠢᠨ ᠢᠷᠡᠭᠡᠳᠦᠢ ᠶᠢ ᠭᠦᠢᠴᠡᠳ ᠬᠠᠷᠠᠭᠤᠯᠵᠤ᠂ ᠨᠡᠩ ᠰᠠᠶᠢᠲᠤᠷ ᠳᠦᠷᠢ ᠲᠥᠷᠬᠦ ᠶᠢ ᠱᠤᠭᠤᠵᠤ ᠨᠡᠶᠢᠭᠡᠮ ᠤᠨ ᠬᠠᠷᠢᠯᠴᠠᠭ᠎ᠠ ᠶᠢ ᠬᠤᠷᠠᠮᠳᠤᠭᠤᠯᠵᠤ ᠣᠷᠣᠨ ᠵᠠᠢ ᠶᠢ ᠥᠷᠭᠡᠳᠬᠡᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠣᠷᠣᠨ ᠵᠠᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃

    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ