ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ
ᠨᠡᠶᠢᠲᠡᠯᠡᠭᠰᠡᠨ ᠴᠠᠭ᠄
2024/10/21

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

ᠥᠪᠥᠷ ᠵᠠᠰᠠᠭ ᠠᠯᠪᠠᠨ ᠦᠰᠦᠭ 〔2024〕8 ᠳ᠋ᠤᠭᠠᠷ ᠲᠣᠭᠠᠲᠤ

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

 

2024 ᠣᠨ ᠤ 2 ᠳ᠋ᠤᠭᠠᠷ ᠰᠠᠷ᠎ᠠ ᠶᠢᠨ 8 ᠤ ᠡᠳᠦᠷ

     ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠠᠵᠢᠯ ᠤᠨ ᠳᠦᠷᠢᠮ

    

     ᠨᠢᠭᠡᠳᠦᠭᠡᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽︿ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃

     ᠬᠤᠶᠠᠳᠤᠭᠠᠷ ᠵᠦᠢᠯ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ︵ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃

     ᠭᠤᠷᠪᠠᠳᠤᠭᠠᠷ ᠵᠦᠢᠯ  ᠬᠠᠮᠲᠤᠷᠠᠭᠰᠠᠨ ᠬᠤᠷᠠᠯ ᠤᠨ ᠭᠤᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠠᠵᠢᠯ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠤᠳᠤᠯᠵᠤ᠂ ᠵᠥᠪᠳᠡᠯᠴᠡᠨ ᠰᠢᠢᠳᠪᠦᠷᠢᠯᠡᠬᠦ ᠪᠣᠯᠣᠨ᠎ᠠ᠃ ᠡᠭᠦᠨ ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄

     ︵ᠨᠢᠭᠡ︶ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠨᠠᠶᠢᠳᠠᠪᠤᠷᠢᠵᠢᠭᠤᠯᠤᠭᠠᠳᠤᠢ ᠵᠦᠢᠯᠡᠰ ᠲᠤ ᠲᠣᠳᠣᠷᠬᠠᠶᠢᠯᠠᠯᠲᠠ ᠬᠢᠬᠦ ᠶᠢᠨ ᠬᠠᠮᠲᠤ ᠰᠠᠨᠠᠯ ᠢᠶᠠᠨ ᠳᠤᠷᠠᠳᠴᠤ᠂ ᠪᠡᠶᠡᠯᠡᠭᠦᠯᠬᠦ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠨ᠎ᠠ᠃

     ︵ᠬᠤᠶᠠᠷ︶ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠵᠠᠰᠠᠭ ᠤᠨ ᠣᠷᠳᠣᠨ ᠤ ᠠᠵᠢᠯ ᠤᠨ ᠶᠠᠪᠤᠴᠠ ᠳᠠᠬᠢ ᠠᠵᠢᠯᠲᠠᠨ ᠠᠵᠢᠯᠴᠢᠨ ᠤ ᠠᠰᠢᠭ ᠲᠤᠰᠠ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ︔ ᠠᠵᠢᠯᠴᠢᠨ ᠤ ᠡᠪᠯᠡᠯ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠭᠰᠡᠨ᠂ ᠠᠵᠢᠯᠲᠠᠨ ᠠᠵᠢᠯᠴᠢᠨ ᠳᠤ ᠦᠢᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ᠃

     ︵ᠭᠤᠷᠪᠠ︶ ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠳᠦᠷᠢᠮ ᠤᠨ ᠪᠠᠲᠤᠯᠠᠭ᠎ᠠ ᠶᠢ ᠰᠤᠳᠤᠯᠤᠨ᠎ᠠ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠡᠷᠦᠩᠬᠡᠢ ᠪᠠᠶᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ᠎ᠠ᠃

     ︵ᠳᠥᠷᠪᠡ︶ ᠠᠵᠢᠯᠲᠠᠨ ᠠᠵᠢᠯᠴᠢᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠵᠡᠷᠭᠡ ᠶᠢ ᠰᠤᠳᠤᠯᠵᠤ ᠰᠢᠢᠳᠪᠦᠷᠢᠯᠡᠨ᠎ᠡ︔ ᠰᠢᠨ᠎ᠡ ᠠᠵᠢᠯ ᠣᠯᠭᠤᠯᠲᠠ ᠶᠢᠨ ᠪᠠᠶᠢᠳᠠᠯ ᠳᠠᠬᠢ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ ᠢ ᠰᠤᠳᠤᠯᠵᠤ ᠰᠢᠢᠳᠪᠦᠷᠢᠯᠡᠨ᠎ᠡ᠃

     ︵ᠲᠠᠪᠤ︶ ᠠᠵᠢᠯᠴᠢᠨ ᠤ ᠡᠪᠯᠡᠯ ᠤᠨ ᠲᠣᠰ ᠪᠡᠶ᠎ᠡ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠠᠬᠢ ᠵᠠᠰᠠᠭ ᠤᠨ ᠣᠷᠳᠣᠨ ᠤ ᠳᠡᠮᠵᠢᠯᠭᠡ ᠱᠠᠭᠠᠷᠳᠠᠭᠳᠠᠬᠤ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ᠎ᠠ᠃

     ︵ᠵᠢᠷᠭᠤᠭ᠎ᠠ︶ ᠬᠠᠮᠲᠤᠷᠠᠭᠰᠠᠨ ᠬᠤᠷᠠᠯ ᠢᠶᠠᠷ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ᠃

     ᠳᠥᠷᠪᠡᠳᠦᠭᠡᠷ ᠵᠦᠢᠯ  ᠬᠠᠮᠲᠤᠷᠠᠭᠰᠠᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠮᠲᠤ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠤᠨ᠎ᠠ᠃ ᠠᠵᠢᠯᠴᠢᠨ ᠤ ᠡᠪᠯᠡᠯ ᠤᠨ ᠠᠵᠢᠯ ᠢ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠪᠠᠷ ᠶᠡᠷᠦᠩᠬᠡᠢ ᠬᠤᠷᠠᠯᠳᠤᠭᠤᠯᠤᠭᠴᠢ ᠶᠢᠨ ᠲᠤᠰᠢᠶᠠᠯ ᠳᠠᠭᠠᠭᠠᠨ ᠡᠭᠦᠷᠭᠡᠯᠡᠭᠦᠯᠵᠦ᠂ ᠠᠵᠢᠯᠴᠢᠨ ᠤ ᠡᠪᠯᠡᠯ ᠤᠨ ᠠᠵᠢᠯ ᠢ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠪᠠᠶᠢᠩᠭᠤ ᠶᠢᠨ ᠠᠵᠢᠯ ᠢ ᠬᠠᠷᠢᠭᠤᠴᠠᠵᠤ ᠪᠠᠶᠢᠭ᠎ᠠ ᠳᠡᠳ᠋ ᠲᠡᠷᠢᠭᠦᠯᠡᠭᠴᠢ ᠪᠠᠷ ᠬᠤᠷᠠᠯᠳᠤᠭᠤᠯᠤᠭᠴᠢ ᠶᠢᠨ ᠲᠤᠰᠢᠶᠠᠯ ᠳᠠᠭᠠᠭᠠᠨ ᠡᠭᠦᠷᠭᠡᠯᠡᠭᠦᠯᠦᠨ᠎ᠡ᠃ ᠣᠨᠴᠠᠭᠠᠢ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠣᠯ ᠤᠳᠤᠷᠢᠳᠬᠤ ᠨᠥᠬᠦᠳ ᠢ ᠤᠷᠢᠵᠤ ᠣᠷᠣᠯᠴᠠᠭᠤᠯᠬᠤ ᠶᠢᠨ ᠬᠠᠮᠲᠤ ᠬᠤᠷᠠᠯ ᠡᠷᠬᠢᠯᠡᠬᠦᠯᠵᠤ ᠪᠣᠯᠣᠨ᠎ᠠ᠃ ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭᠠᠶ ᠪᠠᠶᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠭᠰᠡᠨ ᠤ ᠲᠠᠷᠠᠭ᠎ᠠ ᠬᠡᠵᠢᠶ᠎ᠡ ᠴᠦ ᠭᠡᠰᠡᠨ ᠬᠤᠷᠠᠯᠳᠤᠭᠤᠯᠵᠤ ᠪᠣᠯᠣᠨ᠎ᠠ᠃

     ᠲᠠᠪᠤᠳᠤᠭᠠᠷ ᠵᠦᠢᠯ  ᠬᠠᠮᠲᠤᠷᠠᠭᠰᠠᠨ ᠬᠤᠷᠠᠯ ᠳᠤ ᠣᠷᠣᠯᠴᠠᠭᠴᠢ ᠪᠠ ᠰᠤᠯᠠ ᠣᠷᠣᠯᠴᠠᠭᠰᠠᠳ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠯ᠎ᠠ ᠠᠴᠠ ᠶᠡᠷᠦ ᠳᠤ ᠪᠠᠨ ᠪᠠᠭᠲᠠᠬᠤ ᠨᠢ᠄ ᠠᠵᠢᠯᠴᠢᠨ ᠤ ᠡᠪᠯᠡᠯ ᠤᠨ ᠠᠵᠢᠯ ᠲᠠᠢ ᠬᠠᠷᠢᠯᠴᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠥᠪᠯᠡᠬᠦ ᠰᠡᠳᠦᠪ ᠤᠨ ᠠᠭᠤᠯᠭ᠎ᠠ ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ ᠤ ᠪᠤᠰᠤᠳ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ︶᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ︔ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠠᠯ᠎ᠠ ᠠᠴᠠ ᠶᠡᠷᠦ ᠳᠤ ᠪᠠᠨ ᠪᠠᠭᠲᠠᠬᠤ ᠨᠢ᠄ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠵᠤ ᠦᠢᠯᠡᠰ ᠤᠨ ᠠᠵᠢᠯᠴᠢᠨ ᠤ ᠡᠪᠯᠡᠯ ᠤᠨ ᠬᠠᠷᠢᠭᠤᠴᠠᠯᠭᠠᠲᠠᠨ᠃

     ᠬᠠᠮᠲᠤᠷᠠᠭᠰᠠᠨ ᠬᠤᠷᠠᠯ ᠳᠤ ᠦᠨᠳᠦᠰᠦᠨ ᠱᠠᠲᠤᠨ ᠤ ᠨᠠᠮ ᠵᠠᠰᠠᠭ ᠤᠨ ᠺᠠᠳ᠋ᠷ᠂ ᠠᠵᠢᠯᠲᠠᠨ ᠠᠵᠢᠯᠴᠢᠨ ᠤ ᠲᠥᠯᠥᠭᠡᠯᠡᠭᠴᠢ᠂ ᠬᠥᠳᠡᠯᠮᠦᠷᠢ ᠶᠢᠨ ᠵᠢᠱᠢᠶᠡᠴᠢ ᠶᠢᠨ ᠲᠡᠷᠢᠭᠦᠨ ᠤ ᠲᠥᠯᠥᠭᠡᠯᠡᠭᠴᠢ ᠪᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯᠲᠠᠨ ᠵᠡᠷᠭᠡ ᠶᠢ ᠤᠷᠢᠨ ᠣᠷᠣᠯᠴᠠᠭᠤᠯᠵᠤ ᠪᠣᠯᠣᠨ᠎ᠠ᠃

     ᠵᠢᠷᠭᠤᠳᠤᠭᠠᠷ ᠵᠦᠢᠯ  ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠵᠥᠪᠳᠡᠯᠴᠡᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠵᠥᠪᠯᠡᠬᠦ ᠰᠡᠳᠦᠪ ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠳᠤᠷᠠᠳᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠮᠡᠳᠡᠭᠦᠯᠵᠦ ᠬᠤᠷᠢᠶᠠᠩᠭᠤᠶᠢᠯᠠᠨ᠎ᠠ︔ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠳᠤᠷᠠᠳᠤᠭᠰᠠᠨ ᠵᠥᠪᠯᠡᠬᠦ ᠰᠡᠳᠦᠪ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠵᠤ ᠴᠤᠭᠯᠠᠭᠤᠯᠤᠨ᠎ᠠ᠃ ᠡᠩ ᠤᠨ ᠪᠠᠶᠢᠳᠠᠯ ᠳᠤ ᠬᠠᠮᠲᠤᠷᠠᠭᠰᠠᠨ ᠬᠤᠷᠠᠯ ᠬᠤᠷᠠᠯᠳᠤᠬᠤ ᠠᠴᠠ 2 ᠰᠠᠷ᠎ᠠ ᠶᠢᠨ ᠡᠮᠦᠨ᠎ᠡ ᠵᠥᠪᠯᠡᠬᠦ ᠰᠡᠳᠦᠪ ᠴᠤᠭᠯᠠᠭᠤᠯᠬᠤ ᠠᠵᠢᠯ ᠢ ᠡᠬᠢᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ ᠪᠣᠯ ᠭᠤᠣᠯ ᠠᠵᠢᠯ ᠢ ᠡᠭᠦᠷᠭᠡᠯᠡᠵᠦ ᠪᠠᠶᠢᠭ᠎ᠠ ᠨᠢᠭᠡ ᠲᠠᠯ᠎ᠠ ᠨᠢ ᠳᠤᠷᠠᠳᠬᠤ ᠳᠡᠰ ᠳᠠᠷᠠᠭᠠᠯᠠᠯ ᠢ ᠭᠦᠢᠴᠡᠳᠬᠡᠨ᠎ᠡ᠃

     ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ᠂ ᠥᠷᠭᠡᠨ ᠢᠶᠠᠷ ᠨᠤᠲᠠᠯᠠᠯᠲᠠ ᠬᠢᠭᠰᠡᠨ᠂ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃ ᠬᠤᠷᠠᠯ ᠠᠴᠠ ᠡᠮᠦᠨᠡᠬᠢ ᠵᠣᠬᠢᠴᠠᠭᠤᠯᠭ᠎ᠠ ᠶᠢ ᠴᠢᠩᠭᠠᠷᠠᠭᠤᠯᠵᠤ᠂ ᠵᠥᠪᠯᠡᠬᠦ ᠰᠡᠳᠦᠪ ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ ᠢ ᠰᠠᠶᠢᠲᠤᠷ ᠬᠢᠵᠦ᠂ ᠬᠤᠷᠠᠯ ᠤᠨ ᠡᠴᠦᠰ ᠲᠤ ᠪᠠᠨ ᠰᠠᠨᠠᠯ ᠨᠢᠭᠡᠳᠴᠦ᠂ ᠰᠢᠢᠳᠪᠦᠷᠢ ᠭᠠᠷᠭᠠᠬᠤ ᠳᠤ ᠨᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃

     ᠳᠣᠯᠣᠳᠤᠭᠠᠷ ᠵᠦᠢᠯ  ᠬᠠᠮᠲᠤᠷᠠᠭᠰᠠᠨ ᠬᠤᠷᠠᠯ ᠤᠨ ᠶᠠᠪᠤᠳᠠᠯ ᠤᠨ ᠪᠡᠯᠡᠳᠬᠡᠯ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠬᠠᠮᠲᠤ ᠪᠠᠷ ᠡᠭᠦᠷᠭᠡᠯᠡᠵᠦ᠂ ᠪᠣᠳᠠᠲᠠᠢ ᠪᠡᠯᠡᠳᠬᠡᠯ ᠠᠵᠢᠯ ᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ᠎ᠠ᠃ ᠬᠤᠷᠠᠯ ᠤᠨ ᠮᠡᠳᠡᠭᠳᠡᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠠᠷᠢᠭᠤᠴᠠᠨ ᠳᠠᠷᠤᠮᠠᠯᠯᠠᠨ ᠲᠠᠷᠬᠠᠭᠠᠬᠤ ᠶᠢᠨ ᠬᠠᠮᠲᠤ ᠵᠠᠰᠠᠭ ᠤᠨ ᠣᠷᠳᠣᠨ ᠤ ᠲᠠᠯ᠎ᠠ ᠶᠢᠨ ᠬᠤᠷᠠᠯ ᠳᠤ ᠣᠷᠣᠯᠴᠠᠭᠴᠢ ᠶᠢ ᠵᠣᠬᠢᠴᠠᠭᠤᠯᠤᠨ᠎ᠠ᠃

     ᠨᠠᠢᠮᠠᠳᠤᠭᠠᠷ ᠵᠦᠢᠯ  ᠬᠠᠮᠲᠤᠷᠠᠭᠰᠠᠨ ᠬᠤᠷᠠᠯ ᠢ ᠵᠠᠷᠴᠢᠮ ᠳᠡᠭᠡᠷ᠎ᠡ ᠪᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠯᠴᠠᠭᠰᠠᠨ ᠤᠳᠤᠷᠢᠳᠤᠯᠭ᠎ᠠ ᠠᠴᠠ ᠡᠷᠭᠢᠯᠡᠨ᠎ᠡ᠃ ᠵᠥᠪᠯᠡᠬᠦ ᠠᠯᠬᠤᠮ ᠳᠠᠷᠠᠭ᠎ᠠ ᠳᠤ ᠶᠡᠷᠦ ᠳᠤ ᠪᠠᠨ ᠪᠠᠭᠲᠠᠬᠤ ᠨᠢ᠄ ᠳᠡᠭᠡᠷ᠎ᠡ ᠤᠳᠠᠭᠠᠨ ᠤ ᠬᠠᠮᠲᠤᠷᠠᠭᠰᠠᠨ ᠬᠤᠷᠠᠯ ᠳᠤ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠬᠦ ᠰᠡᠳᠦᠪ ᠤᠨ ᠪᠤᠢ ᠪᠣᠯᠤᠭᠰᠠᠨ ᠪᠠᠶᠢᠳᠠᠯ ᠵᠢᠴᠢ ᠭᠤᠣᠯ ᠠᠭᠤᠯᠭ᠎ᠠ ᠶᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠶᠠᠷᠢᠯᠴᠠᠬᠤ ᠶᠢᠨ ᠬᠠᠮᠲᠤ ᠵᠥᠪᠳᠡᠯᠴᠡᠨ ᠲᠣᠭᠲᠠᠭᠠᠵᠤ᠂ ᠲᠤᠰ ᠤᠳᠠᠭᠠᠨ ᠤ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠲᠠᠯ᠎ᠠ ᠪᠠᠷ ᠪᠠᠶᠢᠷᠢᠯᠠᠭᠤᠯᠤᠯᠲᠠ ᠬᠢᠨ᠎ᠡ᠃

     ᠶᠢᠰᠦᠳᠦᠭᠡᠷ ᠵᠦᠢᠯ  ᠬᠠᠮᠲᠤᠷᠠᠭᠰᠠᠨ ᠬᠤᠷᠠᠯ ᠳᠤ ᠵᠥᠪᠯᠡᠨ ᠲᠣᠭᠲᠠᠭᠠᠭᠰᠠᠨ ᠵᠦᠢᠯᠡᠰ ᠢ ᠬᠤᠷᠠᠯ ᠤᠨ ᠲᠣᠪᠴᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠭᠡᠷ ᠠᠴᠠ ᠬᠠᠷᠢᠭᠤᠴᠠᠨ ᠲᠤᠭᠤᠷᠪᠢᠵᠤ᠂ ᠲᠡᠰ ᠳᠠᠷᠠᠭᠠᠯᠠᠯ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠲᠠᠷᠠᠭ᠎ᠠ᠂ ᠬᠠᠮᠲᠤᠷᠠᠭᠰᠠᠨ ᠬᠤᠷᠠᠯ ᠤᠨ ᠲᠣᠪᠴᠢ ᠶᠢᠨ ᠬᠡᠯᠪᠡᠷᠢ ᠪᠠᠷ ᠳᠠᠷᠤᠮᠠᠯᠯᠠᠨ ᠶᠠᠪᠤᠭᠤᠯᠤᠨ᠎ᠠ᠃

     ᠠᠷᠪᠠᠳᠤᠭᠠᠷ ᠵᠦᠢ᠊‍ᠯ  ᠬᠠᠮᠲᠤᠷᠠᠭᠰᠠᠨ ᠬᠤᠷᠠᠯ ᠤᠨ ᠤᠬᠠᠭᠤᠯᠭ᠎ᠠ ᠮᠡᠳᠡᠭᠡᠯᠡᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠬᠠᠮᠲᠤ ᠪᠠᠷ ᠬᠠᠷᠢᠭᠤᠴᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠴᠣᠭᠴᠠᠯᠠᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠨ᠎ᠠ᠃

     ᠠᠷᠪᠠᠨ ᠨᠢᠭᠡᠳᠦᠭᠡᠷ ᠵᠦᠢᠯ  ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠬᠠᠷᠢᠭᠤᠴᠠᠯᠭᠠᠲᠤ ᠨᠢᠭᠡᠴᠢ ᠪᠠ ᠴᠠᠭ ᠬᠤᠭᠤᠴᠠᠭ᠎ᠠ ᠪᠠᠨ ᠲᠣᠳᠣᠷᠬᠠᠶᠢᠯᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃

     ᠠᠷᠪᠠᠨ ᠬᠤᠶᠠᠳᠤᠭᠠᠷ ᠵᠦᠢᠯ  ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠤᠰ ᠳᠦᠷᠢᠮ ᠢᠶᠠᠷ ᠯᠠᠪᠯᠠᠯᠲᠠ ᠪᠣᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ ᠤᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠡᠯ᠎ᠡ ᠣᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠪᠠ ᠠᠵᠢᠯᠴᠢᠨ ᠤ ᠡᠪᠯᠡᠯ ᠤᠨ ᠠᠵᠢᠯ ᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠢ᠃

     ᠠᠷᠪᠠᠨ ᠭᠤᠷᠪᠠᠳᠤᠭᠠᠷ ᠵᠦᠢᠯ  ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠮᠲᠤᠷᠠᠭᠰᠠᠨ ᠬᠤᠷᠠᠯ ᠤᠨ ᠳᠦᠷᠢᠮ ᠤᠨ ᠲᠣᠭᠲᠠᠭᠠᠯ ᠤᠳ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ 〔2004〕 12 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ