ᠡᠳ᠋ ᠤᠨ ᠵᠠᠰᠠᠭ ᠤᠨ ᠶᠠᠮᠤᠨ᠄ ᠲᠤᠰᠬᠠᠢ ᠵᠦᠢᠯ ᠤᠨ ᠦᠭᠴᠡᠭᠡ ᠪᠠᠷ ᠦᠯᠡᠳᠡᠭᠡᠯ ᠲᠠᠸᠠᠷ ᠤᠨ ᠤᠷᠤᠨ ᠰᠠᠭᠤᠴᠠ ᠬᠤᠳᠠᠯᠳᠤᠨ ᠠᠪᠬᠤ ᠶᠢ ᠣᠷᠣᠨ ᠨᠤᠲᠤᠭ ᠦᠪᠡᠰᠦᠪᠡᠨ ᠡᠵᠡᠨ ᠮᠡᠳᠡᠵᠦ ᠰᠠᠶᠢᠨ ᠳᠤᠷ᠎ᠠ ᠠᠴᠠ ᠪᠠᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/10/21

      ᠡᠳ᠋ ᠤᠨ ᠵᠠᠰᠠᠭ ᠤᠨ ᠶᠠᠮᠤᠨ ᠠᠴᠠ ᠢᠯᠡᠷᠬᠡᠶᠢᠯᠡᠭᠰᠡᠨ ᠨᠢ᠂ ᠤᠷᠤᠨ ᠨᠤᠲᠤᠭ ᠤᠨ ᠳᠤᠰᠬᠠᠢ ᠵᠦᠢᠯ ᠤᠨ ᠦᠭᠴᠡᠭᠡ ᠪᠠᠷ ᠦᠯᠡᠳᠡᠭᠡᠯ ᠲᠠᠸᠠᠷ ᠤᠨ ᠤᠷᠤᠨ ᠰᠠᠭᠤᠴᠠ ᠬᠤᠳᠠᠯᠳᠤᠨ ᠠᠪᠴᠦ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠪᠣᠯᠭᠠᠬᠤ ᠶᠢ ᠲᠡᠮᠵᠢᠭᠦ ᠲᠤᠬᠠᠢ ᠡᠨᠡ ᠬᠦ ᠳᠦᠷᠦ ᠶᠢᠨ ᠪᠤᠲᠤᠯᠭ᠎ᠠ ᠨᠢ ᠭᠤᠤᠯᠲᠠᠭᠤ ᠤᠷᠤᠨ ᠨᠤᠲᠤᠭ ᠦᠪᠡᠰᠦᠪᠡᠨ ᠡᠵᠡᠨ ᠮᠡᠳᠡᠨ ᠰᠶᠢᠳᠪᠦᠷᠢᠲᠤ ᠪᠤᠲᠤᠯᠭ᠎ᠠ ᠲᠤᠭᠲᠠᠭᠠᠵᠤ᠂ ᠰᠠᠶᠢᠨ ᠲᠤᠷ᠎ᠠ ᠠᠴᠠ ᠪᠠᠨ ᠬᠡᠷᠡᠭᠵᠢᠭᠦᠯᠵᠦ᠂ ᠬᠠᠥᠯᠢᠵᠢᠯ ᠤᠨ ᠵᠠᠷᠴᠢᠮ ᠢ ᠵᠢᠷᠤᠮᠯᠠᠨ᠂ ᠵᠠᠬ᠎ᠠ ᠲᠡᠯᠭᠡᠭᠦᠷᠴᠢᠯᠡᠭᠦ ᠶᠤᠰᠤᠭᠠᠷ ᠠᠵᠢᠯᠯᠠᠵᠤ᠂ ᠲᠦᠷᠦᠯ ᠵᠦᠢᠯ ᠤᠨ ᠪᠡᠯᠡ ᠲᠤᠭᠢᠷᠠᠭᠤᠯᠭ᠎ᠠ ᠶᠢᠨ ᠠᠰᠢᠭ ᠤᠷᠤᠯᠭ᠎ᠠ ᠶᠢᠨ ᠲᠡᠩᠴᠡᠭᠦᠷᠢᠲᠠᠢ ᠪᠠᠶᠢᠬᠤ ᠶᠢ ᠦᠨᠡᠨ ᠬᠦ ᠪᠠᠲᠤᠯᠠᠭᠰᠠᠨ ᠰᠠᠭᠤᠷᠢᠨ ᠲᠡᠬᠡᠷ᠎ᠡ᠂ ᠤᠷᠤᠨ ᠨᠤᠲᠤᠭ ᠤᠨ ᠬᠢᠨ ᠳᠤᠰᠬᠠᠢ ᠵᠦᠢᠯ ᠤᠨ ᠵᠢᠬᠡᠯᠡᠯᠬᠡ ᠶᠢᠨ ᠲᠡᠮᠲᠡᠭᠲᠤ ᠲᠤᠭᠢᠷᠠᠭᠤᠯᠵᠤ ᠪᠠᠶᠢᠭᠠᠳ ᠦᠯᠡᠳᠡᠭᠡᠯ ᠲᠠᠸᠠᠷ ᠤᠨ ᠤᠷᠤᠨ ᠰᠠᠭᠤᠴᠠ ᠬᠤᠲᠠᠯᠲᠤᠨ ᠠᠪᠬᠤ ᠳᠤ ᠬᠡᠷᠡᠭᠯᠡᠵᠦ ᠪᠤᠯᠤᠨ᠎ᠠ᠃ ᠡᠨᠡ ᠬᠦ ᠳᠦᠷᠤ ᠶᠢᠨ ᠪᠤᠲᠣᠯᠭ᠎ᠠ ᠨᠢ ᠪᠤᠰᠣᠣᠠ ᠬᠠᠮᠢᠶ᠎ᠠ ᠪᠦᠭᠦᠢ ᠲᠠᠮᠵᠢᠯᠭᠡ ᠶᠢᠨ ᠳᠦᠷᠤ ᠶᠢᠨ ᠪᠤᠲᠣᠯᠭ᠎ᠠ ᠲᠠᠢ ᠬᠠᠮᠵᠢᠯᠴᠠᠨ ᠬᠦᠴᠦᠯᠡᠵᠦ᠂ ᠣᠷᠣᠠ ᠨᠣᠲᠤᠭ ᠤᠨ ᠪᠠᠯᠠ ᠮᠦᠩᠭᠦᠨ ᠤ ᠢᠷᠡᠯᠲᠡ ᠶᠢᠨ ᠠᠷᠭ᠎ᠠ ᠵᠠᠮ ᠢ ᠣᠯᠠᠮ ᠨᠢᠭᠡ ᠠᠯᠬᠤᠮ ᠦᠷᠭᠡᠳᠭᠡᠨ᠂ ᠦᠯᠡᠳᠡᠭᠡᠯ ᠲᠠᠸᠠᠷ ᠤᠨ ᠤᠷᠤᠨ ᠰᠠᠭᠤᠴᠠ ᠶᠢ ᠪᠦᠲᠣᠮᠵᠢᠲᠠᠢ ᠪᠠᠷ ᠬᠤᠷᠤᠭᠳᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠠᠬᠢᠭᠤᠯᠬᠤ ᠪᠠᠷ ᠦᠯᠦ ᠪᠠᠷᠠᠮ᠂ ᠪᠠᠰᠠ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ᠂ ᠣᠯᠠᠨ ᠠᠷᠭ᠎ᠠ ᠵᠠᠮ ᠢᠶᠠᠷ ᠪᠠᠲᠣᠯᠠᠭ᠎ᠠ ᠶᠢᠨ ᠴᠢᠨᠠᠷᠲᠠᠢ ᠣᠷᠣᠠ ᠰᠠᠭᠤᠴᠠ ᠶᠢ ᠲᠦᠪᠯᠡᠷᠡᠭᠦᠯᠦᠨ ᠴᠣᠬᠯᠠᠭᠤᠯᠬᠤ ᠳᠤ ᠠᠰᠢᠬᠲᠠᠢ ᠶᠣᠮ᠃ (ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ  ︽ᠳᠤᠮᠳᠠᠳᠦ ᠤᠯᠤᠰ ᠤᠨ ᠰᠤᠨᠢᠨ ᠮᠡᠳᠡᠭᠡᠨ ᠤ ᠰᠦᠯᠵᠢᠶ᠎ᠡ︾ ᠠᠴᠠ ᠰᠢᠯᠵᠢᠭᠦᠯᠪᠡ )

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ