ᠲᠦᠩᠯᠢᠶᠣᠤ ᠬᠤᠲᠠ ︽ᠲᠠᠪᠤᠨ ᠲᠥᠪᠯᠡᠷᠡᠭᠦᠯᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠢᠯᠢᠳᠡᠭᠵᠢᠭᠦᠯᠦᠨ ᠪᠣᠳᠠᠲᠠᠶᠢᠵᠢᠭᠤᠯᠪᠠ
ᠨᠡᠶᠢᠲᠡᠯᠡᠭᠰᠡᠨ ᠴᠠᠭ᠄
2024/10/21

      ᠲᠦᠩᠯᠢᠶᠣᠣ ᠬᠤᠲᠠ ᠶᠢᠨ ᠬᠢᠨ ︽ᠲᠠᠪᠤᠨ ᠲᠥᠪᠯᠡᠷᠡᠭᠦᠯᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠢᠯᠢᠳᠡᠭᠵᠢᠭᠦᠯᠦᠨ ᠪᠣᠳᠠᠲᠠᠶᠢᠵᠢᠭᠤᠯᠪᠠ᠃ ᠨᠢᠭᠡ ᠳᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠪᠠᠯᠭᠠᠰᠤᠨ ᠤ 16544 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠣᠨ ᠤ ᠡᠭᠦᠷᠭᠡ ᠶᠢᠨ 132.35% ᠶᠢ ᠪᠡᠶᠡᠯᠡᠭᠦᠯᠪᠡ︔ ᠶᠡᠭᠡ ᠳᠡᠭᠡᠳᠦ ᠰᠤᠷᠭᠠᠭᠤᠯᠢ ᠳᠡᠭᠦᠰᠦᠭᠰᠡᠳ ᠲᠤ ᠠᠵᠢᠯ ᠣᠯᠭᠤᠬᠤ ᠪᠤᠶᠤ ᠠᠵᠢᠯ ᠣᠯᠬᠤ ᠬᠠᠨᠳᠤᠰᠢ ᠶᠢ 7025 ᠬᠦᠮᠦᠨ ᠳᠤ ᠪᠡᠶᠡᠯᠡᠭᠦᠯᠵᠦ ᠨᠠᠶᠢᠳᠠᠪᠤᠷᠢᠵᠢᠭᠤᠯᠪᠠ᠃ ᠬᠤᠶᠠᠷ ᠲᠤ᠂ ᠴᠡᠴᠡᠷᠯᠢᠭ ᠤᠨ ᠬᠡᠦᠬᠡᠳ ᠤᠨ ᠣᠷᠤ ᠶᠢ ᠨᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠡᠨᠡ ᠵᠢᠯ ᠪᠥᠬᠦ ᠬᠤᠲᠠ ᠳᠤ ᠬᠡᠦᠬᠡᠳ ᠤᠨ ᠴᠡᠴᠡᠷᠯᠢᠭ ᠢ 10 ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ ᠡᠭᠡᠭᠦᠯᠦᠨ ᠬᠤᠳᠠᠯᠳᠤᠨ ᠠᠪᠬᠤ ᠪᠠᠷ ᠲᠥᠯᠥᠪᠯᠡᠵᠦ᠂ ᠵᠢᠱᠢᠯᠲᠡ ᠪᠠᠷ ᠴᠡᠴᠡᠷᠯᠢᠭ ᠤᠨ ᠬᠡᠦᠬᠡᠳ ᠤᠨ ᠣᠷᠣ  2670 ᠰᠢᠨ᠎ᠡ ᠪᠠᠷ ᠨᠡᠮᠡᠭᠳᠡᠬᠦ ᠪᠣᠯᠤᠨ᠎ᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 7 ᠶᠢ ᠨᠢ ᠠᠵᠢᠯ ᠡᠬᠢᠯᠡᠭᠦᠯᠪᠡ᠂ ᠡᠭᠦᠨ ᠳᠤ 1 ᠶᠢ ᠨᠢ ᠨᠢᠭᠡᠨᠲᠡ ᠠᠰᠢᠭᠯᠠᠯᠲᠠ ᠳᠤ ᠣᠷᠣᠭᠤᠯᠵᠤ᠂ ᠨᠡᠶᠢᠲᠡ ᠴᠡᠴᠡᠷᠯᠢᠭ ᠤᠨ ᠬᠡᠦᠬᠡᠳ ᠤᠨ ᠣᠷᠣ ᠶᠢ 240 ᠰᠢᠨ᠎ᠡ ᠪᠠᠷ ᠨᠡᠮᠡᠭᠳᠡᠭᠦᠯᠪᠡ᠃ ᠭᠤᠷᠪᠠ ᠳᠤ᠂ ᠬᠡᠤᠬᠡᠳ ᠰᠠᠭᠠᠲᠠᠭᠤᠯᠬᠤ ᠭᠠᠵᠠᠷ ᠤᠨ ᠣᠷᠣ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠡᠨᠡ ᠵᠢᠯ 1166 ᠣᠷᠣ ᠶᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 2099 ᠣᠷᠣ ᠶᠢ ᠨᠡᠮᠡᠭᠳᠡᠭᠦᠯᠵᠦ᠂ ᠪᠡᠶᠡᠯᠡᠭᠦᠯᠦᠭᠰᠡᠨ ᠨᠣᠷᠮ᠎ᠠ 180% ᠳᠤ ᠬᠦᠷᠪᠡ᠃ ᠳᠥᠷᠪᠡ ᠳᠤ᠂ ᠨᠠᠰᠤᠵᠢᠯ ᠤᠨ ᠠᠰᠠᠷᠠᠮᠵᠢ ᠶᠢᠨ ᠣᠷᠣ ᠶᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠡᠨᠡ ᠵᠢᠯ 200 ᠭᠠᠷᠤᠶ ᠲᠦᠮᠡᠨ ᠲᠥᠭᠦᠷᠢᠭ ᠤᠨ ᠪᠡᠯᠡ ᠣᠷᠤᠭᠤᠯᠵᠤ᠂ ᠬᠤᠲᠠ ᠪᠠᠯᠭᠠᠰᠤ ᠶᠢᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 10 ᠪᠠᠶᠢᠭᠤᠯᠬᠤ ᠪᠠᠷ ᠲᠦᠯᠦᠪᠯᠡᠵᠦ᠂ ᠣᠳᠣᠬᠠᠨ ᠳᠤ ᠨᠢᠭᠡᠨᠲᠡ ᠪᠦᠬᠦᠨ ᠢ ᠪᠠᠶᠢᠭᠤᠯᠵᠤ ᠳᠠᠭᠤᠰᠬᠠᠪᠠ︔ ᠪᠦᠬᠦ ᠬᠤᠲᠠ ᠶᠢᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠦᠢᠯᠡᠴᠢᠯᠡᠭᠡᠨ ᠤ ᠥᠷᠲᠡᠭᠡ ᠨᠡᠶᠢᠲᠡ 951 ᠪᠣᠯᠵᠤ᠂ ᠬᠤᠲᠠ ᠪᠠᠯᠭᠠᠰᠤ ᠶᠢᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠨᠡᠶᠢᠳᠡᠮ ᠪᠦᠷᠬᠦᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠪᠡ︔ ᠪᠥᠬᠦ ᠬᠤᠲᠠ ᠳᠤ ᠨᠢᠭᠡᠨᠲᠡ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 22 ᠪᠠᠶᠢᠭᠤᠯᠪᠠ︔ ᠪᠦᠬᠦ ᠬᠤᠳᠠ ᠶᠢᠨ ᠨᠠᠰᠤᠵᠢᠯᠳᠡ ᠳᠤ ᠲᠣᠬᠢᠷᠠᠭᠰᠠᠨ 1000 ᠡᠷᠤᠬᠡ ᠶᠢ ᠰᠠᠶᠢᠵᠢᠷᠠᠭᠤᠯᠵᠤ ᠰᠢᠨᠡᠳᠭᠡᠬᠦ ᠡᠭᠦᠷᠭᠡ ᠪᠠᠨ ᠨᠢᠬᠡᠨᠳᠡ ᠪᠦᠬᠦᠨ ᠢ ᠪᠡᠶᠡᠯᠡᠭᠦᠯᠪᠡ︔ ᠣᠳᠤᠬᠠᠨ ᠳᠤ ᠪᠦᠬᠦ ᠬᠤᠲᠠ ᠳᠤ ᠨᠠᠰᠤᠵᠢᠯ ᠤᠨ ᠠᠰᠠᠷᠠᠮᠵᠢ ᠶᠢᠨ ᠣᠷᠣ 8500 ᠪᠠᠶᠢᠨ᠎ᠠ᠃ ᠲᠠᠪᠤ ᠳᠤ᠂ ᠡᠮᠴᠢᠯᠡᠭᠡᠨ ᠤ ᠪᠠᠲᠤᠯᠠᠭ᠎ᠠ ᠶᠢᠨ ᠭᠠᠵᠠᠷ ᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠪᠡ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 2521᠂ ᠪᠠᠷᠢᠮᠵᠢᠶᠠᠵᠢᠭᠤᠯᠤᠭᠰᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 1699᠂ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠳᠠᠭᠠᠭᠠᠨ ᠡᠷᠬᠢᠯᠡᠵᠦ ᠪᠣᠯᠬᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 2521 ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠪᠠᠨ ᠪᠡᠶᠡᠯᠡᠭᠦᠯᠪᠡ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ