ᠸᠠᠩ ᠯᠢ ᠰᠢᠶᠠ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠯᠲᠠ ᠠᠵᠢᠯᠯᠠᠭᠠᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/22

    10 ᠰᠠᠷ᠎ᠠ ᠶᠢᠨ 21᠎ ᠤ ᠡᠳᠦᠷ᠂ ᠸᠠᠩ ᠯᠢ ᠰᠢᠶᠠ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠪᠠᠶᠢᠴᠠᠭᠠᠨ ᠰᠤᠳᠤᠯᠵᠤ᠂ ᠴᠢᠩᠬᠤᠸᠠ ᠶᠡᠭᠡ ᠰᠤᠷᠭᠠᠭᠤᠯᠢ᠂ ᠤᠮᠠᠷᠠᠲᠤ ᠶᠢᠨ ᠴᠠᠭᠢᠯᠭᠠᠨ ᠬᠦᠴᠦᠨ ᠤ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠲᠠᠢ ᠰᠠᠨᠠᠯ ᠢᠶᠠᠨ ᠰᠣᠯᠢᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠨ ᠢᠶᠠᠷ  ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

王莉霞.jpg

 

    ᠸᠠᠩ ᠯᠢ ᠰᠢᠶᠠ᠂ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠰᠠᠶᠢᠲᠤᠷ ᠪᠠᠶᠢᠭᠤᠯᠬᠤ ᠨᠢ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠠᠳᠬᠤᠬᠤ ᠳᠤ ᠴᠢᠬᠤᠯᠠ ᠦᠢᠯᠡᠳᠦᠯ ᠦᠵᠡᠭᠦᠯᠭᠦ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ ᠤᠯᠤᠰ ᠤᠨ ᠶᠡᠭᠡ ᠲᠠᠯ᠎ᠠ ᠳᠤ ᠦᠢᠯᠡᠴᠢᠯᠡᠬᠦ ᠵᠣᠭᠰᠣᠴᠠ ᠠᠴᠠ ᠡᠭᠦᠰᠴᠦ᠂ ᠥᠪᠥᠷ ᠮᠣᠩᠭᠤᠯ ᠤᠨ ᠬᠥᠭᠵᠢᠯᠲᠡ ᠶᠢᠨ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠷ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ᠂ ᠪᠠᠶᠢᠭᠤᠯᠤᠯ ᠢᠶᠠᠨ ᠲᠡᠭᠦᠯᠳᠡᠷᠵᠢᠭᠦᠯᠬᠦ ᠶᠢᠨ ᠳᠠᠭᠠᠤ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠬᠡᠷᠬᠢᠪᠡᠯ ᠰᠢᠨ᠎ᠡ ᠶᠢ ᠡᠭᠦᠳᠬᠦ ᠳᠤ ᠠᠰᠢᠭᠲᠠᠢ ᠪᠣᠯ ᠲᠡᠭᠡᠵᠦ ᠬᠢᠵᠦ᠂ ᠪᠦᠭᠦ ᠣᠷᠣᠨ ᠤ ᠲᠤᠷᠰᠢᠯᠲᠠ ᠶᠢᠨ ᠲᠠᠰᠤᠭ ᠤᠨ ᠬᠥᠭᠵᠢᠯᠲᠡ ᠳᠤ ︽ᠦᠯᠢᠭᠡᠷ ᠳᠠᠭᠤᠷᠢᠶᠠᠯ︾ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠸᠠᠩ ᠯᠢ ᠰᠢᠶᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠠᠵᠤ ᠦᠢᠯᠡᠰ ᠤᠨ ᠬᠥᠭᠵᠢᠯᠲᠡ ᠳᠠᠬᠢ ᠬᠠᠮᠤᠭ ᠤᠨ ᠪᠠᠴᠢᠮ ᠲᠤᠯᠭᠠᠮ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠤᠷᠢᠨ ᠬᠥᠮᠥᠵᠢᠭᠦᠯᠵᠦ᠂ ᠤᠯᠤᠰ ᠤᠨ ᠡᠨᠧᠷᠭᠢ ᠴᠠᠭᠢᠯᠭᠠᠨ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

    ᠸᠠᠩ ᠯᠢ ᠰᠢᠶᠠ᠂ ᠥᠭᠡᠷᠡᠴᠢᠯᠡᠯᠲᠡ ᠶᠢᠨ ᠠᠷᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠲᠤᠰᠬᠠᠢ ᠮᠡᠷᠭᠡᠵᠢᠯᠲᠡᠨ ᠤ ᠰᠠᠨᠠᠯ ᠢ ᠢᠯᠡᠭᠦᠬᠡᠨ ᠰᠣᠨᠣᠰᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠷᠡᠭᠴᠡᠭᠡ ᠶᠢ ᠢᠯᠡᠭᠦᠬᠡᠨ ᠪᠣᠳᠣᠯᠬᠢᠯᠠᠵᠤ᠂ ᠡᠯ᠎ᠡ ᠭᠠᠵᠠᠷ ᠤᠨ ᠲᠤᠷᠰᠢᠯᠭ᠎ᠠ ᠶᠢ ᠢᠯᠡᠭᠦᠬᠡᠨ ᠲᠣᠯᠢᠳᠠᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠴᠢᠳᠠᠪᠤᠷᠢᠲᠠᠨ ᠢ ᠤᠷᠢᠵᠤ ᠴᠢᠳᠠᠪᠤᠷᠢᠲᠠᠨ ᠢ ᠦᠯᠡᠳᠡᠭᠡᠬᠦ ᠵᠡᠷᠭᠡ ᠪᠠᠶᠢᠭᠤᠯᠤᠯ ᠲᠣᠭᠲᠠᠴᠠ ᠶᠢ ᠥᠭᠡᠷᠡᠴᠢᠯᠡᠵᠦ᠂ ᠠᠯᠢ ᠰᠠᠯᠠᠭ᠎ᠠ ᠮᠥᠴᠢᠷ ᠴᠦ ᠭᠡᠳ ︽ᠤᠴᠢᠷ ᠶᠠᠪᠤᠳᠠᠯ ᠢ ᠪᠦᠲᠦᠭᠡᠬᠦ︾ ᠵᠠᠷᠴᠢᠮ ᠢᠶᠠᠷ ᠬᠠᠭᠤᠴᠢᠨ ᠬᠡᠪ ᠵᠤᠷᠰᠢᠯ ᠢ ᠡᠪᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠬᠠᠨᠤᠮᠵᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠵᠤ ᠥᠭᠬᠦ ᠬᠡᠷᠡᠭᠲᠡᠢ ᠭᠡᠵᠦ ᠬᠡᠯᠡᠪᠡ᠃

    ᠸᠠᠩ ᠯᠢ ᠰᠢᠶᠠ ᠭᠦᠷᠦᠭᠰᠡᠨ ᠭᠠᠵᠠᠷ ᠪᠣᠯᠭᠠᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠠᠵᠢᠯᠯᠠᠬᠤ ᠣᠷᠴᠢᠨ ᠨᠥᠬᠦᠴᠡᠯ ᠬᠢᠷᠢ ᠵᠡᠷᠭᠡ᠂ ᠠᠮᠢᠳᠤᠷᠠᠯ ᠤᠨ ᠨᠥᠬᠦᠴᠡᠯ ᠰᠠᠶᠢᠨ ᠡᠰᠡᠬᠦ ᠶᠢ ᠨᠠᠷᠢᠯᠢᠭ ᠠᠰᠠᠭᠤᠪᠠ᠃ ᠲᠡᠷᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠡᠷᠡᠭᠴᠡᠭᠡ ᠪᠦᠭᠦᠨ ᠢ ᠴᠥᠮ ᠪᠦᠭᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠲᠡᠳᠡᠨ ᠢ ᠰᠡᠳᠬᠢᠯ ᠰᠢᠭᠤᠳᠤᠨ ᠰᠤᠳᠤᠯᠭᠠᠨ ᠳᠤ ᠣᠷᠣᠯᠴᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠲᠡᠢ ᠰᠦᠪᠡᠭᠴᠢᠯᠡᠭᠦᠯᠬᠦ ᠬᠡᠷᠡᠭᠲᠡᠢ ᠭᠡᠵᠦ ᠵᠠᠬᠢᠪᠠ᠃ ᠲᠡᠷᠡ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠢᠮᠳᠠᠨ ᠰᠤᠳᠤᠯᠵᠤ᠂ ᠲᠦᠷᠭᠡᠨ ᠦᠷ᠎ᠡ ᠪᠦᠲᠦᠭᠡᠯ ᠭᠠᠷᠭᠠᠵᠤ᠂ ᠤᠯᠠᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃

    ᠰᠦᠨ ᠵᠢᠶᠦ᠋ᠨ ᠴᠢᠩ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ