ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/10/22

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

ᠥᠪᠥᠷ ᠵᠠᠰᠠᠭ ᠲᠠᠷᠬᠠᠭᠠᠭᠰᠠᠨ ﹇ 2024 ﹈ 24 ᠳ᠋ᠦ᠋ᠭᠡᠷ ᠲᠣᠭᠠᠲᠤ


ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ

ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ ᠢ

ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

 

2024 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ  

      ︵ ᠲᠤᠰ ᠪᠢᠴᠢᠭ ᠮᠠᠲ᠋ᠧᠷᠢᠶᠠᠯ ᠳᠤ ᠬᠠᠰᠤᠯᠲᠠ ᠲᠠᠢ ︶


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ 

ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠠᠵᠢᠯ ᠤᠨ ᠬᠡᠷᠡᠭᠵᠢᠭᠦᠯᠬᠦ ᠲᠥᠰᠥᠯ

      ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠬᠦ ᠲᠤᠬᠠᠢ ᠤᠯᠤᠰ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠥᠰᠥᠯ ︾ ︵ ᠥᠪᠥᠷ ᠵᠠᠰᠠᠭ ᠲᠠᠷᠬᠠᠭᠠᠭᠰᠠᠨ ﹇ 2024 ﹈ 14 ᠳ᠋ᠦ᠋ᠭᠡᠷ ᠲᠣᠭᠠᠲᠤ ︶ ᠢ ᠦᠷᠭᠦᠯᠵᠢᠯᠡᠨ ᠬᠡᠷᠡᠭᠵᠢᠭᠦᠯᠬᠦ ᠶᠢᠨ ᠰᠠᠭᠤᠷᠢᠨ ᠳᠡᠭᠡᠷ᠎ᠡ ᠂ ᠠᠵᠢᠯ ᠤᠨ ᠡᠭᠦᠷᠭᠡ ᠶᠢᠨ ᠬᠤᠪᠢᠶᠠᠷᠢᠯᠠᠯ ᠤᠨ ᠦᠷᠭᠦᠯᠵᠢᠯᠡᠬᠦ ᠂ ᠠᠵᠢᠯ ᠢ ᠠᠬᠢᠭᠤᠯᠬᠤ ᠲᠣᠭᠲᠠᠴᠠ ᠶᠢᠨ ᠬᠤᠪᠢᠷᠠᠬᠤ ᠦᠭᠡᠢ ᠪᠠᠶᠢᠬᠤ ᠶᠢ ᠪᠠᠲᠤᠯᠠᠵᠤ ᠂ ᠬᠡᠪᠴᠢᠶᠡᠵᠢᠯ ᠢ ᠨᠡᠮᠡᠭᠳᠡᠭᠦᠯᠬᠦ ᠂ ᠬᠦᠷᠢᠶ᠎ᠡ ᠬᠡᠪᠴᠢᠶ᠎ᠡ ᠶᠢ ᠥᠷᠭᠡᠳᠬᠡᠬᠦ ᠂ ᠬᠢᠵᠠᠭᠠᠷᠯᠠᠯ ᠢ ᠪᠠᠭᠠᠰᠬᠠᠬᠤ ᠂ ᠴᠤᠪᠤᠷᠠᠯ ᠢ ᠴᠤᠮᠬᠠᠳᠬᠠᠬᠤ ᠪᠠᠷ ᠳᠠᠮᠵᠢᠭᠤᠯᠤᠨ ᠂ ᠬᠡᠳᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢᠨ ᠪᠡᠯᠡ ᠮᠥᠩᠭᠦ ᠪᠠᠷ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠥᠪᠡᠷᠲᠡᠭᠡᠨ ᠵᠠᠰᠠᠬᠤ ᠣᠷᠣᠨ ᠳᠤ ᠪᠣᠳᠠᠲᠠᠶᠢᠵᠢᠨ ᠲᠤᠰᠠ ᠭᠠᠷᠬᠤ ᠶᠢ ᠲᠦᠷᠭᠡᠳᠬᠡᠨ ᠂ ᠪᠥᠬᠦ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠨᠠᠩ ᠰᠠᠶᠢᠨ ᠪᠠᠳᠠᠷᠠᠭᠠᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠲᠣᠰ ᠲᠥᠰᠥᠯ ᠢ ᠲᠣᠭᠲᠠᠭᠠᠪᠠ ᠃

      ᠨᠢᠭᠡ ᠂ ᠲᠥᠬᠦᠭᠡᠷᠦᠮᠵᠢ ᠶᠢ ᠰᠢᠨᠡᠳᠬᠡᠬᠦ ᠶᠢ ᠬᠦᠴᠦᠯᠡᠨ ᠳᠡᠮᠵᠢᠨ᠎ᠡ

      ︵ ᠨᠢᠭᠡ ︶ ᠬᠦᠷᠢᠶ᠎ᠡ ᠬᠡᠪᠴᠢᠶ᠎ᠡ ᠶᠢ ᠥᠷᠭᠡᠳᠬᠡᠬᠦ ᠤᠯᠤᠰ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠤᠯᠤᠰ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠂ ᠠᠵᠤ ᠦᠢᠯᠡᠳᠪᠦᠷᠢ ᠂ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠂ ᠵᠠᠮ ᠬᠠᠷᠢᠯᠴᠠᠭ᠎ᠠ ᠲᠡᠭᠡᠭᠡᠪᠦᠷᠢ ᠂ ᠪᠠᠷᠠᠭᠠᠨ ᠤ ᠭᠦᠢᠯᠭᠡᠭᠡ ᠂ ᠰᠤᠷᠭᠠᠨ ᠬᠥᠮᠦᠵᠢᠯ ᠂ ᠰᠣᠶᠣᠯ ᠵᠢᠭᠤᠯᠴᠢᠯᠠᠯ ᠂ ᠡᠮᠴᠢᠯᠡᠭᠡ ᠵᠡᠷᠭᠡ ᠬᠦᠷᠢᠶ᠎ᠡ ᠴᠠᠷᠠᠭᠠᠨ ᠤ ᠲᠥᠬᠦᠭᠡᠷᠦᠮᠵᠢ ᠶᠢ ᠰᠢᠨᠡᠳᠬᠡᠬᠦ ᠵᠢᠴᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ ᠶᠢᠨ ᠰᠠᠭᠤᠷᠢᠨ ᠳᠡᠭᠡᠷ᠎ᠡ ᠂ ᠳᠡᠮᠵᠢᠯᠭᠡ ᠶᠢᠨ ᠬᠦᠷᠢᠶ᠎ᠡ ᠬᠡᠪᠴᠢᠶ᠎ᠡ ᠶᠢ ᠡᠨᠧᠷᠭᠢ ᠶᠢᠨ ᠴᠠᠬᠢᠯᠭᠠᠨ ᠬᠦᠴᠦᠨ ᠂ ᠬᠠᠭᠤᠴᠢᠷᠠᠭᠰᠠᠨ ᠴᠠᠬᠢᠯᠭᠠᠨ ᠱᠠᠲᠤ ᠵᠡᠷᠭᠡ ᠬᠦᠷᠢᠶ᠎ᠡ ᠴᠠᠷᠠᠭᠠᠨ ᠤ ᠲᠥᠬᠦᠭᠡᠷᠦᠮᠵᠢ ᠶᠢ ᠰᠢᠨᠡᠳᠬᠡᠬᠦ ᠵᠢᠴᠢ ᠭᠤᠣᠯᠳᠠᠯᠭ᠎ᠠ ᠪᠣᠯᠬᠤ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠪᠠ ᠠᠮᠤᠷ ᠲᠦᠪᠰᠢᠨ ᠪᠣᠯᠭᠠᠨ ᠥᠭᠡᠷᠡᠴᠢᠯᠡᠬᠦ ᠬᠦᠷᠲᠡᠯ᠎ᠡ ᠥᠷᠭᠡᠳᠬᠡᠵᠦ ᠂ ᠰᠢᠨ᠎ᠡ ᠪᠠᠷ ᠨᠡᠮᠡᠭᠳᠡᠭᠰᠡᠨ ᠬᠦᠷᠢᠶ᠎ᠡ ᠴᠠᠷᠠᠭᠠᠨ ᠤ ᠬᠠᠮᠢᠶ᠎ᠠ ᠪᠦᠬᠦᠢ ᠪᠠᠶᠢᠳᠠᠯ ᠢ ᠣᠶᠢᠯᠠᠭᠠᠬᠤ ᠪᠠ ᠲᠥᠷᠥᠯ ᠵᠦᠢᠯ ᠢ ᠤᠬᠠᠭᠠᠯᠠᠨ ᠲᠥᠯᠥᠪᠯᠡᠬᠦ ᠪᠠᠨ ᠴᠢᠩᠭᠠᠳᠬᠠᠵᠤ ᠂ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠪᠠᠶᠢᠭᠤᠯᠤᠨ ᠂ ᠡᠯ᠎ᠡ ᠠᠶᠢᠮᠠᠭ ᠬᠤᠲᠠ ᠶᠢ ᠵᠢᠭᠠᠨ ᠵᠢᠯᠤᠭᠤᠳᠴᠤ ᠪᠠᠶᠢᠭᠠᠳ ᠲᠥᠷᠥᠯ ᠵᠦᠢᠯ ᠨᠥᠭᠡᠴᠡᠯᠡᠬᠦ ᠠᠵᠢᠯ ᠢ ᠰᠠᠶᠢᠲᠤᠷ ᠬᠢᠯᠭᠡᠵᠦ ᠂ ᠤᠯᠤᠰ ᠤᠨ ᠨᠠᠩ ᠣᠯᠠᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠨ᠎ᠠ ᠃

      ︵ ᠬᠤᠶᠠᠷ ︶ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠣᠷᠣᠨ ᠨᠤᠲᠤᠭ ᠬᠢᠨᠠᠨ ᠬᠠᠷᠭᠤᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠬᠡᠲᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢᠨ ᠲᠤᠰᠬᠠᠢ ᠪᠡᠯᠡ ᠮᠥᠩᠭᠦ ᠶᠢ ᠭᠤᠶᠤᠴᠢᠯᠠᠬᠤ ᠲᠥᠷᠥᠯ ᠵᠦᠢᠯ ᠤᠨ ᠲᠤᠬᠠᠢ ᠤᠯᠤᠰ ᠤᠨ ︽ ᠣᠷᠣᠨ ᠨᠤᠲᠤᠭ ᠤᠨ ᠬᠢᠨ ᠬᠢᠨᠠᠨ ᠬᠠᠷᠭᠤᠭᠤᠯᠵᠤ ᠂ ᠤᠯᠤᠰ ᠠᠴᠠ ᠳᠠᠬᠢᠨ ᠬᠠᠷᠭᠤᠭᠤᠯᠬᠤ ︾ ᠰᠢᠨ᠎ᠡ ᠱᠠᠭᠠᠷᠳᠠᠯᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠦᠷᠢᠶᠡᠨ ᠤ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠤᠨ ᠲᠥᠰᠥᠯ ᠢ ᠲᠣᠭᠲᠠᠭᠠᠵᠤ ᠂ ᠬᠢᠨᠠᠨ ᠬᠠᠷᠭᠤᠭᠤᠯᠬᠤ ᠵᠠᠷᠴᠢᠮ ᠂ ᠠᠷᠭ᠎ᠠ ᠬᠡᠯᠪᠡᠷᠢ ᠂ ᠱᠠᠭᠠᠷᠳᠠᠯᠭ᠎ᠠ ᠂ ᠴᠤᠪᠤᠷᠠᠯ ᠵᠢᠴᠢ ᠲᠥᠷᠥᠯ ᠵᠦᠢᠯ ᠤᠨ ᠬᠤᠪᠢ ᠣᠯᠭᠤᠬᠤ ᠪᠠᠷᠢᠮᠵᠢᠶ᠎ᠠ ᠶᠢᠨ ᠨᠠᠷᠢᠨ ᠳᠦᠷᠢᠮ ᠢ ᠲᠣᠳᠣᠷᠬᠠᠶᠢᠯᠠᠵᠤ ᠂ ᠡᠯ᠎ᠡ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠵᠦᠢ ᠵᠣᠬᠢᠰᠲᠠᠢ ᠨᠠᠶᠢᠷᠠᠭᠤᠯᠤᠨ ᠮᠡᠳᠡᠭᠦᠯᠵᠦ ᠂ ᠴᠠᠭ ᠲᠤᠬᠠᠢ ᠳᠤ ᠨᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ ᠳᠠᠬᠢᠨ ᠬᠠᠷᠭᠤᠭᠤᠯᠤᠭᠤᠯᠤᠨ᠎ᠠ ᠃

      ︵ ᠭᠤᠷᠪᠠ ︶ ᠵᠠᠮ ᠬᠠᠷᠢᠯᠴᠠᠭ᠎ᠠ ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠡᠵᠡᠩᠨᠡᠯᠲᠡ ᠶᠢᠨ ᠬᠠᠭᠤᠴᠢᠨ ᠣᠩᠭᠤᠴᠠ ᠰᠠᠯ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠥᠷᠥᠯ ᠵᠦᠢᠯ ᠢ ᠨᠥᠭᠡᠴᠡᠯᠡᠬᠦ ᠠᠵᠢᠯ ᠢ ᠰᠠᠶᠢᠲᠤᠷ ᠬᠢᠵᠦ ᠂ ︽ᠪᠣᠭᠤᠵᠢᠯᠠᠬᠤ ︾ ᠠᠷᠭ᠎ᠠ ᠮᠠᠶ᠋ᠢᠭ ᠢᠶᠠᠷ ᠭᠤᠶᠤᠴᠢᠯᠠᠨ ᠮᠡᠳᠡᠭᠦᠯᠦᠨ᠎ᠡ ᠃ ᠡᠵᠡᠩᠨᠡᠯᠲᠡ ᠶᠢᠨ ᠬᠠᠭᠤᠴᠢᠨ ᠪᠠᠷᠠᠭᠠᠨ ᠤ ᠲᠡᠷᠭᠡ ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠪᠠ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠰᠢᠨᠡᠳᠬᠡᠬᠦ ᠵᠡᠷᠭᠡ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠤᠬᠠᠭᠤᠯᠤᠨ ᠲᠤᠭᠤᠰᠢᠯᠠᠭᠤᠯᠬᠤ ᠪᠠᠨ ᠴᠢᠩᠭᠠᠳᠬᠠᠵᠤ ᠂ ᠬᠠᠮᠢᠶ᠎ᠠ ᠪᠦᠬᠦᠢ ᠲᠥᠬᠦᠭᠡᠷᠦᠮᠵᠢ ᠶᠢ ᠰᠢᠨᠡᠳᠬᠡᠬᠦ ᠳᠤ ᠨᠡᠮᠡᠭᠦᠷᠢ ᠥᠭᠬᠦ ᠬᠡᠷᠡᠭᠵᠢᠭᠦᠯᠬᠦ ᠲᠥᠰᠥᠯ ᠪᠤᠶᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ ᠂ ᠨᠡᠮᠡᠭᠦᠷᠢ ᠣᠯᠭᠤᠬᠤ ᠡᠲᠡᠭᠡᠳ ᠂ ᠬᠦᠷᠢᠶ᠎ᠡ ᠬᠡᠪᠴᠢᠶ᠎ᠡ ᠂ ᠪᠠᠷᠢᠮᠵᠢᠶ᠎ᠠ ᠂ ᠭᠤᠶᠤᠴᠢᠯᠠᠨ ᠮᠡᠳᠡᠭᠦᠯᠬᠦ ᠨᠥᠬᠦᠴᠡᠯ ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠨᠡᠮᠡᠭᠦᠷᠢ ᠶᠢᠨ ᠪᠡᠯᠡ ᠮᠥᠩᠭᠦ ᠶᠢ ᠠᠵᠤ ᠠᠬᠤᠶᠢᠯᠠᠯ ᠪᠠ ᠬᠡᠷᠡᠭᠯᠡᠭᠴᠢᠳ ᠲᠤ ᠲᠦᠷᠭᠡᠬᠡᠨ ᠣᠯᠭᠤᠨ᠎ᠠ ᠃

      ︵ ᠳᠥᠷᠪᠡ ︶ ᠲᠥᠬᠦᠭᠡᠷᠦᠮᠵᠢ ᠪᠠᠨ ᠰᠢᠨᠡᠳᠬᠡᠬᠦ ᠳᠠᠬᠢᠨ ᠵᠢᠭᠡᠯᠡᠯᠭᠡ ᠪᠠ ᠡᠳ᠋ ᠤᠨ ᠵᠠᠰᠠᠭ ᠤᠨ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠳᠠᠬᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠳᠤ ᠳᠡᠮᠵᠢᠯᠭᠡ ᠦᠵᠡᠭᠦᠯᠵᠦ ᠂ ᠨᠡᠩ ᠣᠯᠠᠨ ᠢᠲᠡᠭᠡᠮᠵᠢᠲᠦ ᠵᠢᠭᠡᠯᠡᠯᠭᠡ ᠶᠢᠨ ᠡᠬᠢ ᠪᠠᠶᠠᠯᠢᠭ ᠢ ᠮᠡᠷᠭᠡᠵᠢᠯ ᠤᠨ ᠥᠭᠡᠷᠡᠴᠢᠯᠡᠯᠲᠡ ᠰᠢᠨᠡᠴᠢᠯᠡᠯᠲᠡ ᠂ ᠲᠥᠬᠦᠭᠡᠷᠦᠮᠵᠢ ᠶᠢᠨ ᠰᠢᠨᠡᠴᠢᠯᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠭᠤᠣᠯᠳᠠᠯᠭ᠎ᠠ ᠲᠠᠢ ᠬᠦᠷᠢᠶ᠎ᠡ ᠲᠡᠶᠢᠰᠢ ᠭᠦᠢᠯᠭᠡᠭᠡᠬᠦ ᠶᠢ ᠠᠬᠢᠭᠤᠯᠤᠨ᠎ᠠ ᠃ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠳᠤ ᠡᠳ᠋ ᠤᠨ ᠵᠠᠰᠠᠭ ᠤᠨ ᠳᠠᠮ ᠬᠦᠦ ᠥᠭᠬᠦ ᠤᠯᠤᠰ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ︽ ᠲᠥᠬᠦᠭᠡᠷᠦᠮᠵᠢ ᠶᠢ ᠰᠢᠨᠡᠳᠬᠡᠬᠦ ᠵᠢᠭᠡᠯᠡᠯᠭᠡ ᠳᠤ ᠡᠳ᠋ ᠤᠨ ᠵᠠᠰᠠᠭ ᠤᠨ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ ︾ ︵ ᠡᠳ᠋ ᠮᠥᠩᠭᠦ ﹇2024 ﹈ 54 ᠳ᠋ᠦ᠋ᠭᠡᠷ ᠲᠣᠭᠠᠲᠤ ︶ ᠳᠠᠬᠢ ᠨᠥᠬᠦᠴᠡᠯ ᠳᠤ ᠨᠡᠶᠢᠴᠡᠭᠰᠡᠨ ᠡᠵᠡᠩᠨᠡᠯᠲᠡ ᠶᠢᠨ ᠭᠤᠣᠯ ᠴᠣᠭᠴᠠ ᠶᠢᠨ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ ᠳᠤ ᠂ ᠲᠥᠪ ᠤᠨ ᠡᠳ᠋ ᠤᠨ ᠵᠠᠰᠠᠭ ᠤᠨ ᠥᠭᠬᠦ ᠳᠠᠮ ᠬᠦᠦ ᠮᠥᠩᠭᠦ ᠶᠢ 1 ᠵᠠᠭᠤᠨ ᠤ ᠴᠡᠭ ᠠᠴᠠ 1.5 ᠵᠠᠭᠤᠨ ᠤ ᠴᠡᠭ ᠪᠣᠯᠲᠠᠯ᠎ᠠ ᠳᠡᠭᠡᠭᠰᠢᠯᠡᠭᠦᠯᠵᠦ ᠂ ᠳᠠᠮ ᠬᠦᠦ ᠥᠭᠬᠦ ᠬᠤᠭᠤᠴᠠᠭ᠎ᠠ ᠨᠢ 2 ᠵᠢᠯ ᠪᠣᠯᠣᠨ᠎ᠠ ᠃

      ᠬᠤᠶᠠᠷ ᠂ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠬᠦᠴᠦᠯᠡᠨ ᠳᠡᠮᠵᠢᠨ᠎ᠡ

      ︵ ᠨᠢᠭᠡ ︶ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ ᠪᠠ ᠵᠢᠷᠤᠮᠵᠢᠭᠤᠯᠤᠨ ᠬᠠᠮᠢᠶᠠᠷᠬᠤ ᠶᠢ ᠰᠠᠶᠢᠲᠤᠷ ᠬᠢᠨ᠎ᠡ ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠲᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠᠷ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠬᠡᠰᠡᠭᠯᠡᠭᠰᠡᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠥᠰᠥᠯ ︾ ᠤᠨ ᠱᠠᠭᠠᠷᠳᠠᠯᠭ᠎ᠠ ᠶᠣᠰᠣᠭᠠᠷ ᠂ ᠡᠯ᠎ᠡ ᠠᠶᠢᠮᠠᠭ ᠬᠤᠲᠠ ᠶᠢᠨ ᠨᠡᠮᠡᠭᠦᠷᠢ ᠶᠢᠨ ᠪᠡᠯᠡ ᠮᠥᠩᠭᠦ ᠶᠢ ᠲᠥᠰᠥᠭᠡᠯᠡᠨ ᠪᠤᠳᠤᠬᠤ ᠂ ᠬᠤᠪᠢᠶᠠᠷᠢᠯᠠᠬᠤ ᠂ ᠪᠠᠭᠤᠯᠭᠠᠬᠤ ᠠᠵᠢᠯ ᠢ ᠰᠠᠶᠢᠲᠤᠷ ᠬᠢᠵᠦ ᠂ ᠪᠡᠯᠡ ᠮᠥᠩᠭᠦ ᠶᠢᠨ ᠬᠡᠷᠡᠭᠯᠡᠯᠲᠡ ᠶᠢ ᠬᠢᠨᠠᠨ ᠡᠵᠡᠮᠳᠡᠵᠦ ᠰᠡᠷᠡᠮᠵᠢᠯᠡᠭᠦᠯᠬᠦ ᠂ ᠬᠢᠨᠠᠯᠲᠠ ᠲᠠᠯᠪᠢᠵᠤ ᠬᠠᠷᠭᠤᠭᠤᠯᠤᠨ ᠪᠠᠶᠢᠴᠠᠭᠠᠬᠤ ᠪᠠ ᠠᠬᠢᠴᠠ ᠶᠢ ᠨᠢ ᠬᠠᠮᠢᠶᠠᠷᠬᠤ ᠪᠠᠨ ᠴᠢᠩᠭᠠᠳᠬᠠᠨ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠵᠦ ᠂ ᠬᠡᠲᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠᠷ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠳᠡᠮᠵᠢᠬᠦ ᠲᠤᠰᠬᠠᠢ ᠪᠡᠯᠡ ᠮᠥᠩᠭᠦ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠪᠠᠷᠢᠮᠵᠢᠶ᠎ᠠ ᠪᠠᠷ ᠣᠯᠭᠤᠬᠤ ᠶᠢ ᠦᠨᠡᠨ ᠬᠦ ᠪᠠᠲᠤᠯᠠᠨ᠎ᠠ ᠃

      ︵ ᠬᠤᠶᠠᠷ ︶ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠪᠡᠯᠡ ᠮᠥᠩᠭᠦ ᠶᠢᠨ ᠨᠡᠮᠡᠭᠦᠷᠢ ᠥᠭᠬᠦ ᠳᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠨ᠎ᠠ ᠃ ᠡᠭᠦᠨ ᠠᠴᠠ ᠡᠮᠦᠨ᠎ᠡ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠬᠡᠷᠡᠭᠵᠢᠭᠦᠯᠬᠦ ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠬᠡᠷᠡᠭᠵᠢᠭᠦᠯᠬᠦ ᠲᠥᠰᠥᠯ︾ ᠤᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠂ ᠬᠤᠪᠢ ᠶᠢᠨ ᠬᠡᠷᠡᠭᠯᠡᠭᠴᠢᠳ ᠤᠨ ᠰᠠᠭᠤᠳᠠᠯ ᠤᠨ ᠮᠠᠰᠢᠨ ᠲᠡᠷᠭᠡ ᠪᠠᠨ ᠰᠣᠯᠢᠵᠤ ᠰᠢᠨᠡᠳᠬᠡᠬᠦ ᠂ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠪᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠂ ᠭᠡᠷ ᠤᠨ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠲᠠᠰᠤᠯᠭ᠎ᠠ ᠵᠡᠷᠭᠡ ᠶᠢᠨ ᠦᠢᠯᠡᠳᠬᠦᠨ ᠢ ᠥᠭᠡᠷᠡᠴᠢᠯᠡᠨ ᠰᠢᠨᠡᠳᠬᠡᠵᠦ ᠰᠢᠨ᠎ᠡ ᠪᠠᠷ ᠰᠣᠯᠢᠬᠤ ᠵᠡᠷᠭᠡ ᠬᠦᠷᠢᠶ᠎ᠡ ᠴᠠᠷᠠᠭᠠᠨ ᠤ ᠨᠡᠮᠡᠭᠦᠷᠢ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ ᠂ ᠡᠯ᠎ᠡ ᠬᠦᠷᠢᠶ᠎ᠡ ᠴᠠᠷᠠᠭᠠᠨ ᠤ ᠪᠡᠯᠡ ᠮᠥᠩᠭᠦ ᠶᠢᠨ ᠨᠡᠮᠡᠭᠦᠷᠢ ᠣᠯᠭᠤᠬᠤ ᠡᠲᠡᠭᠡᠳ ᠂ ᠬᠦᠷᠢᠶ᠎ᠡ ᠬᠡᠪᠴᠢᠶ᠎ᠡ ᠂ ᠪᠠᠷᠢᠮᠵᠢᠶ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ ᠂ ᠨᠡᠮᠡᠭᠦᠷᠢ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠪᠥᠬᠦ ᠣᠷᠣᠨ ᠤ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠬᠠᠮᠲᠤ ᠂ ᠬᠠᠭᠤᠴᠢᠨ ᠢᠶᠠᠷ ᠰᠢᠨ᠎ᠡ ᠶᠢ ᠰᠣᠯᠢᠬᠤ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠂ ᠲᠣᠭᠲᠠᠪᠤᠷᠢᠲᠠᠢ ᠰᠢᠯᠵᠢᠬᠦ ᠶᠢ ᠨᠢ ᠦᠨᠡᠨ ᠬᠦ ᠪᠠᠲᠤᠯᠠᠬᠤ ᠬᠡᠷᠡᠭᠲᠡᠢ ᠃ ᠠᠶᠢᠮᠠᠭ ᠬᠤᠳᠠ ᠶᠢᠨ ᠪᠦᠲᠦᠭᠡᠯᠴᠢ ᠴᠢᠳᠠᠪᠤᠷᠢ ᠶᠢ ᠭᠦᠢᠴᠡᠳ ᠪᠠᠳᠠᠷᠠᠭᠤᠯᠤᠨ ᠂ ᠰᠠᠨᠠᠭᠠᠴᠢᠯᠠᠭᠠᠲᠤ ᠴᠢᠨᠠᠷ ᠂ ᠢᠳᠡᠪᠬᠢᠵᠢᠯ ᠢ ᠨᠢ ᠴᠢᠩᠭᠠᠷᠠᠭᠤᠯᠵᠤ ᠂ ᠪᠡᠯᠡ ᠮᠥᠩᠭᠦ ᠶᠢᠨ ᠳᠡᠮᠵᠢᠯᠭᠡ ᠶᠢᠨ ᠴᠢᠭᠯᠡᠯ ᠢ ᠨᠢ ᠤᠯᠤᠰ ᠤᠨ ︽ᠰᠢᠨᠡᠳᠬᠡᠬᠦ ᠪᠠ ᠰᠢᠨ᠎ᠡ ᠪᠠᠷ ᠰᠣᠯᠢᠬᠤ ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠂ ᠡᠯ᠎ᠡ ᠠᠶᠢᠮᠠᠭ ᠬᠤᠳᠠ ᠨᠢ ᠲᠤᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠥᠪᠳᠡᠯᠴᠡᠵᠦ ᠂ ᠲᠤᠰ ᠭᠠᠵᠠᠷ ᠣᠷᠣᠨ ᠤ ᠪᠠᠨ ᠰᠢᠨ᠎ᠡ ᠪᠠᠷ ᠨᠡᠮᠡᠭᠳᠡᠭᠦᠯᠬᠦ ᠳᠡᠮᠵᠢᠯᠭᠡ ᠶᠢᠨ ᠲᠥᠷᠥᠯ ᠵᠦᠢᠯ ᠪᠤᠶᠤ ᠬᠦᠷᠢᠶ᠎ᠡ ᠴᠠᠷᠠᠭ᠎ᠠ ᠶᠢ ᠤᠬᠠᠭᠠᠯᠠᠨ ᠲᠥᠯᠥᠪᠯᠡᠬᠦ ᠶᠢᠨ ᠬᠠᠮᠲᠤ ᠂ ᠥᠪᠡᠷᠲᠡᠭᠡᠨ ᠵᠠᠰᠠᠬᠤ ᠣᠷᠣᠨ ᠤ ᠬᠡᠳᠦ ᠤᠷᠳᠤ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢᠨ ᠨᠡᠮᠡᠭᠦᠷᠢ ᠶᠢᠨ ᠠᠢ ᠳᠤ ᠲᠣᠬᠢᠷᠠᠮᠵᠢᠲᠠᠢ ᠣᠷᠣᠭᠤᠯᠬᠤ ᠬᠡᠷᠡᠭᠲᠡᠢ ᠃ 

      ᠭᠤᠷᠪᠠ ᠂ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ

      ︵ ᠨᠢᠭᠡ ︶ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠨ᠎ᠠ ᠃ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠬᠠᠤᠯᠢ ᠪᠤᠰᠤ ᠪᠠᠷ ᠰᠡᠷᠭᠦᠭᠡᠨ ᠰᠢᠨᠡᠳᠬᠡᠬᠦ ᠂ ᠠᠨᠠᠢ ᠪᠠᠷ ᠰᠠᠶᠢᠨ ᠢ ᠣᠷᠣᠯᠠᠭᠤᠯᠵᠤ ᠬᠤᠳᠠᠯᠳᠤᠬᠤ ᠵᠡᠷᠭᠡ ᠦᠢᠯᠡ ᠠᠵᠢᠯᠯᠠᠭ᠎ᠠ ᠶᠢ ᠰᠡᠷᠭᠡᠶᠢᠯᠡᠨ ᠂ ᠭᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠳᠤ ᠣᠷᠤᠯᠴᠠᠭᠰᠠᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠭᠡᠭᠦᠯᠦᠨ ᠬᠤᠷᠢᠶᠠᠭᠰᠠᠨ ᠬᠡᠷᠡᠭᠯᠡᠭᠡᠨ ᠠᠴᠠ ᠭᠠᠷᠤᠭᠰᠠᠨ ᠭᠡᠷ ᠤᠨ ᠴᠠᠬᠢᠯᠭᠠᠨ ᠬᠡᠷᠡᠭᠰᠡᠯ ᠢ ᠵᠠᠳᠠᠯᠤᠨ ᠰᠠᠯᠭᠠᠬᠤ ᠵᠢᠩᠬᠢᠨᠢ ᠠᠵᠤ ᠠᠬᠤᠶᠢᠯᠠᠯ ᠳᠤ ᠲᠤᠰᠢᠶᠠᠯᠭᠠᠨ᠎ᠠ ᠃ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠴᠢᠩᠭᠠᠷᠠᠭᠤᠯᠵᠤ ᠂ ᠭᠡᠮ ᠳᠤᠲᠠᠭᠳᠠᠯ ᠳᠤ ᠪᠠᠶᠢᠴᠠᠭᠠᠯᠲᠠ ᠬᠢᠬᠦ ᠪᠠ ᠡᠭᠡᠭᠦᠯᠦᠨ ᠬᠤᠷᠢᠶᠠᠬᠤ ᠡᠷᠴᠢᠮ ᠢᠶᠠᠨ ᠴᠢᠩᠭᠠᠷᠠᠭᠤᠯᠵᠤ ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠶᠠᠰᠤ ᠴᠢᠨᠠᠷ ᠤᠨ ᠠᠶᠤᠯ ᠦᠭᠡᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠦᠨ᠎ᠡ ᠬᠠᠩᠰᠢ ᠶᠢᠨ ᠮᠡᠬᠡᠯᠡᠯ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠦᠴᠦᠯᠡᠨ ᠬᠠᠮᠠᠭᠠᠯᠠᠨ᠎ᠠ ᠃ ᠲᠥᠪ ᠪᠤᠰᠤ ᠠᠷᠭ᠎ᠠ ᠪᠠᠷᠢᠯ ᠢᠶᠠᠷ ᠨᠡᠮᠡᠭᠦᠷᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ ᠂ ᠶᠠᠯ᠎ᠠ ᠬᠢᠭᠰᠡᠨ  ᠢᠶᠠᠷ ᠰᠡᠵᠢᠭᠯᠡᠭᠳᠡᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃

      ︵ ᠬᠤᠶᠠᠷ ︶ ᠪᠡᠯᠡ ᠮᠥᠩᠭᠦ ᠰᠠᠯᠭᠠᠨ ᠥᠭᠬᠦ ᠠᠵᠢᠯ ᠢ ᠰᠠᠶᠢᠲᠤᠷ ᠬᠢᠨ᠎ᠡ ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠳᠦ ᠤᠷᠲᠤ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠪᠠᠷ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠬᠡᠰᠡᠭᠯᠡᠭᠰᠡᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠥᠰᠥᠯ ︾ ᠤᠨ ᠱᠠᠭᠠᠷᠳᠠᠯᠭ᠎ᠠ ᠶᠢ ᠦᠨᠳᠦᠰᠦᠯᠡᠨ ᠂ ᠲᠤᠰᠬᠠᠢ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠢᠯᠵᠢᠭᠦᠯᠦᠨ ᠥᠭᠬᠦ ᠪᠠ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠵᠤ ᠂ ᠬᠡᠳᠦ ᠤᠷᠲᠤ ᠬᠤᠭᠤᠴᠠᠭᠠᠨ ᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠣᠯᠭᠤᠬᠤ ᠠᠬᠢᠴᠠ ᠶᠢ ᠥᠪᠡᠷᠲᠡᠭᠡᠨ ᠵᠠᠰᠠᠬᠤ ᠣᠷᠣᠨ ᠤ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠤᠨ ᠠᠬᠢᠴᠠ ᠯᠤᠭ᠎ᠠ ᠬᠠᠷᠢᠯᠴᠠᠨ ᠵᠣᠬᠢᠴᠠᠯᠳᠤᠭᠤᠯᠬᠤ ᠶᠢ ᠪᠠᠲᠤᠯᠠᠵᠤ ᠂ ᠪᠡᠯᠡ ᠮᠥᠩᠭᠦ ᠶᠢ ᠳᠠᠷᠤᠭᠳᠠᠭᠤᠯᠬᠤ ᠂ ᠰᠢᠬᠠᠨ ᠡᠵᠡᠯᠡᠬᠦ ᠂ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠃

      ᠳᠥᠷᠪᠡ ᠂ ᠠᠵᠢᠯ ᠤᠨ ᠱᠠᠭᠠᠷᠳᠠᠯᠭ᠎ᠠ

      ︵ ᠨᠢᠭᠡ ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ ᠃ ᠡᠯ᠎ᠡ ᠠᠶᠢᠮᠠᠭ ᠬᠤᠲᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠶ ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠬᠡᠲᠦ ᠤᠷᠲᠤ ᠬᠤᠭᠤᠴᠠᠭᠠᠨ  ᠤ ᠤᠯᠤᠰ ᠤᠨ ᠣᠨᠴᠠᠭᠠᠢ ᠵᠢᠭᠡᠯᠡᠯᠭᠡ ᠶᠢᠨ ᠪᠡᠯᠡ ᠮᠥᠩᠭᠦ ᠶᠢ ᠰᠠᠯᠭᠠᠨ ᠥᠭᠬᠦ ᠪᠠ ᠬᠢᠨᠠᠨ ᠬᠠᠮᠢᠶᠠᠷᠬᠤ ᠪᠠᠨ ᠰᠠᠶᠢᠲᠤᠷ ᠬᠢᠬᠦ ᠬᠡᠷᠡᠭᠲᠡᠶ ︔ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠯ᠎ᠡ ᠬᠦᠷᠢᠶᠡᠨ ᠤ ᠨᠡᠮᠡᠭᠦᠷᠢ ᠶᠢᠨ ᠪᠠᠷᠢᠮᠵᠢᠶ᠎ᠠ ᠶᠢ ᠨᠠᠷᠢᠯᠢᠭᠵᠢᠭᠤᠯᠵᠤ ᠂ ᠪᠣᠳᠠᠲᠠᠢ ᠬᠡᠷᠡᠭᠵᠢᠭᠦᠯᠬᠦ ᠲᠥᠰᠥᠯ ᠢ ᠨᠡᠶᠢᠲᠡᠯᠡᠬᠦ ᠬᠡᠷᠡᠭᠲᠡᠢ ᠃ ᠡᠯ᠎ᠡ ᠠᠶᠢᠮᠠᠭ ᠬᠤᠲᠠ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠨᠠᠶᠢᠳᠠᠪᠤᠷᠢᠵᠢᠭᠤᠯᠬᠤ ᠲᠥᠰᠥᠯ ᠢ ᠲᠣᠭᠲᠠᠭᠠᠵᠤ ᠂ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠢ ᠤᠬᠠᠭᠠᠯᠠᠨ ᠲᠥᠯᠥᠪᠯᠡᠬᠦ ᠂ ᠨᠥᠭᠡᠴᠡᠯᠡᠬᠦ ᠂ ᠭᠤᠶᠤᠴᠢᠯᠠᠨ ᠮᠡᠳᠡᠭᠦᠯᠬᠦ ᠪᠠ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠂ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠪᠦᠲᠦᠭᠡᠯᠴᠢ ᠪᠠᠷ ᠥᠷᠨᠢᠭᠦᠯᠵᠦ ᠂ ᠲᠤᠭ᠎ᠠ ᠪᠦᠷᠢᠳᠬᠡᠯ ᠢ ᠬᠥᠮᠥᠷᠭᠡ ᠳᠤ ᠣᠷᠣᠭᠤᠯᠬᠤ ᠠᠵᠢᠯ ᠢ ᠵᠡᠷᠭᠡ ᠳᠤ ᠨᠢ ᠰᠠᠶᠢᠲᠤᠷ ᠬᠢᠬᠦ ᠬᠡᠷᠡᠭᠲᠡᠢ ᠃

      ︵ ᠬᠤᠶᠠᠷ ︶ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠢ ᠠᠬᠢᠭᠤᠯᠬᠤ ᠲᠣᠭᠲᠠᠴᠠ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠵᠤ ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠤᠨ ᠂ ᠨᠡᠪᠲᠡᠷᠡᠯᠴᠡᠭᠡ ᠣᠶᠢᠯᠠᠭᠠᠯᠴᠠᠭ᠎ᠠ ᠪᠠᠨ ᠴᠢᠩᠭᠠᠳᠬᠠᠵᠤ ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ ᠂ ᠠᠵᠢᠯ ᠤᠨ ᠳᠤᠮᠳᠠ ᠲᠤᠯᠭᠠᠷᠠᠭᠰᠠᠨ ᠲᠦᠭᠵᠢᠷᠡᠯ ᠲᠣᠷᠤᠭᠠᠰᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠵᠢᠯ ᠢᠶᠠᠨ ᠠᠬᠢᠭᠤᠯᠤᠭᠰᠠᠨ ᠂ ᠲᠦᠷᠦᠯ ᠵᠦᠢᠯ ᠢ ᠬᠡᠷᠡᠭᠵᠢᠭᠦᠯᠦᠭᠰᠡᠨ ᠂ ᠪᠡᠯᠡ ᠮᠥᠩᠭᠦ ᠬᠡᠷᠡᠭᠯᠡᠭᠰᠡᠨ ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠳᠤ ᠦᠪᠡᠰᠦᠪᠡᠨ ᠦᠨᠡᠯᠡᠬᠦ ᠦᠪᠡᠰᠦᠪᠡᠨ ᠪᠠᠶᠢᠴᠠᠭᠠᠬᠤ ᠠᠵᠢᠯ ᠢ ᠴᠠᠭ ᠲᠤ ᠨᠢ ᠲᠣᠬᠢᠷᠠᠭᠤᠯᠤᠨ ᠥᠷᠨᠢᠭᠦᠯᠵᠦ ᠂ ᠪᠡᠯᠡ ᠮᠥᠩᠭᠦ ᠬᠡᠷᠡᠭᠯᠡᠭᠰᠡᠨ ᠪᠠ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠳᠤ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ ᠠᠴᠠ ᠡᠮᠬᠢᠯᠡᠨ ᠬᠤᠷᠢᠶᠠᠩᠭᠤᠶᠢᠯᠠᠭᠠᠳ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠳᠠᠷᠠᠭᠠᠴᠢ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ ᠃

      ︵ ᠭᠤᠷᠪᠠ ︶ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠨᠢ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠨᠡᠮᠡᠭᠦᠷᠢ ᠶᠢᠨ ᠠᠵᠢᠯ ᠢ ᠡᠬᠢᠯᠡᠭᠦᠯᠬᠦ ᠶᠣᠰᠣᠯᠠᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ ᠂ ᠡᠯ᠎ᠡ ᠬᠦᠷᠢᠶᠡᠨ ᠤ ᠨᠡᠮᠡᠭᠦᠷᠢ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠬᠦ ᠬᠡᠷᠡᠭᠲᠡᠶ ︔ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠣᠰ ᠲᠣᠰ ᠤᠨ ᠬᠦᠷᠢᠶᠡᠨ ᠳᠠᠬᠢ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠬᠤ ᠪᠠ ᠤᠬᠠᠭᠤᠯᠬᠤ ᠠᠷᠭ᠎ᠠ ᠵᠠᠮ ᠢᠶᠠᠨ ᠪᠠᠶᠠᠯᠢᠭᠵᠢᠭᠤᠯᠤᠨ ᠂ ᠲᠦᠷᠦ ᠶᠢᠨ ᠪᠣᠳᠣᠯᠭ᠎ᠠ ᠶᠢᠨ ᠲᠤᠬᠠᠢ ᠥᠷᠭᠡᠨ ᠤᠯᠠᠨ ᠬᠡᠷᠡᠭᠯᠡᠭᠴᠢᠳ ᠪᠠ ᠡᠵᠡᠩᠨᠡᠯᠲᠡ ᠶᠢᠨ ᠭᠤᠣᠯ ᠴᠣᠭᠴᠠ ᠶᠢᠨ ᠣᠶᠢᠯᠠᠭᠠᠵᠤ ᠮᠡᠳᠡᠬᠦ ᠬᠡᠮᠵᠢᠶ᠎ᠡ ᠶᠢ ᠨᠡᠮᠡᠭᠳᠡᠭᠦᠯᠬᠦ ᠶᠢᠨ ᠬᠠᠮᠲᠤ ᠂ ᠲᠦᠷᠦ ᠶᠢᠨ ᠪᠣᠳᠣᠯᠭ᠎ᠠ ᠶᠢᠨ ᠲᠠᠯ᠎ᠠ ᠶᠢᠨ ᠮᠠᠳᠠᠭ ᠲᠠᠢ ᠠᠰᠠᠭᠤᠳᠠᠯ ᠢ ᠬᠠᠷᠢᠭᠤᠯᠬᠤ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠡᠯ᠎ᠡ ᠠᠶᠢᠮᠠᠭ ᠬᠤᠲᠠ ᠨᠢ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ ᠂ ︽ᠰᠢᠨᠡᠳᠬᠡᠬᠦ ᠪᠠ ᠰᠢᠨ᠎ᠡ ᠪᠠᠷ ᠰᠣᠯᠢᠬᠤ ︾ ᠲᠥᠷᠥ ᠶᠢᠨ ᠪᠣᠳᠣᠯᠭ᠎ᠠ ᠶᠢᠨ ᠲᠤᠰᠬᠠᠢ ᠪᠤᠯᠤᠩ ᠲᠣᠬᠢᠷᠠᠭᠤᠯᠬᠤ ᠂ ︽ᠰᠢᠨᠡᠳᠬᠡᠬᠦ ᠪᠠ ᠰᠢᠨ᠎ᠡ ᠪᠠᠷ ᠰᠣᠯᠢᠬᠤ ︾ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠬᠠᠯᠠᠮᠰᠢᠯ ᠤᠲᠠᠰᠤ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠦᠷ᠎ᠡ ᠪᠦᠲᠦᠮᠵᠢ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠨᠡᠶᠢᠭᠡᠮ ᠳᠠᠶᠠᠭᠠᠷ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠬᠡᠷᠡᠭᠲᠡᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ