10 ᠳ᠋ᠤᠭᠠᠷ ᠰᠠᠷ᠎ᠠ ᠶᠢᠨ 21 ᠤ ᠡᠳᠦᠷ 53 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ᠰᠢᠨ᠎ᠡ ᠬᠡᠯᠪᠡᠷᠢ ᠶᠢᠨ ᠭᠡᠷᠡᠯᠯᠢᠭ  ᠬᠡᠷᠡᠯ ᠴᠠᠬᠢᠯᠭᠠᠨ ᠤ ᠡᠯᠧᠺᠲᠷᠣᠨ ᠮᠠᠲ᠋ᠧᠷᠢᠶᠠᠯ ᠢ ᠠᠵᠤ ᠦᠶᠯᠡᠰᠵᠢᠭᠦᠯᠬᠦ ᠲᠥᠷᠥᠯ ᠵᠦᠢᠯ ᠰᠢᠯᠢ ᠶᠢᠨ ᠭᠤᠤᠯ ᠠᠶᠢᠮᠠᠭ ᠲᠤ ᠪᠦᠲᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/10/22

      10 ᠳ᠋ᠤᠭᠠᠷ ᠰᠠᠷ᠎ᠠ ᠶᠢᠨ 21 ᠤ ᠡᠳᠦᠷ 53 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ᠰᠢᠨ᠎ᠡ ᠬᠡᠯᠪᠡᠷᠢ ᠶᠢᠨ ᠭᠡᠷᠡᠯᠯᠢᠭ᠂ ᠬᠡᠷᠡᠯ ᠴᠠᠬᠢᠯᠭᠠᠨ ᠤ ᠡᠯᠧᠺᠲᠷᠣᠨ ᠮᠠᠲ᠋ᠧᠷᠢᠶᠠᠯ ᠢ ᠠᠵᠤ ᠦᠶᠯᠡᠰᠵᠢᠭᠦᠯᠬᠦ ᠲᠥᠷᠥᠯ ᠵᠦᠢᠯ ᠰᠢᠯᠢ ᠶᠢᠨ ᠭᠤᠤᠯ ᠠᠶᠢᠮᠠᠭ ᠲᠤ ᠪᠦᠲᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠪᠡ᠃ ᠲᠤᠰ ᠲᠦᠷᠦᠯ ᠵᠦᠢᠯ ᠢ ᠪᠦᠬᠦ ᠪᠦᠮᠪᠦᠷᠴᠡᠭ ᠤᠨ ᠬᠤᠪᠤᠷ ᠲᠠᠷᠠᠬᠠᠢ ᠲᠡᠮᠦᠷᠯᠢᠭ ᠤᠨ ᠬᠦᠳᠤᠴᠢ ᠠᠵᠤ ᠠᠬᠤᠶᠢᠯᠠᠯ ᠪᠣᠯᠬᠤ ᠰᠢᠶᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠠᠴᠠ ᠪᠡᠯᠡ ᠣᠷᠤᠭᠤᠯᠵᠤ ᠪᠦᠳᠦᠭᠡᠨ ᠪᠠᠶᠢᠭᠤᠯᠵᠤ ᠪᠣᠢ᠂ ᠡᠬᠦᠨ ᠳᠤ ᠰᠢᠨ᠎ᠡ ᠬᠡᠯᠪᠡᠷᠢ ᠶᠢᠨ ᠭᠡᠷᠡᠯᠯᠢᠭ ᠮᠠᠲ᠋ᠧᠷᠢᠶᠠᠯ ᠢ ᠠᠵᠤ ᠦᠢᠯᠡᠰᠵᠢᠬᠦᠯᠬᠦ ᠲᠦᠷᠦᠯ ᠵᠦᠢᠯ ᠳᠤ ᠨᠢ ᠵᠢᠯ ᠳᠤ 80 ᠲᠤᠨ ᠭᠧᠷᠮᠠᠨ ᠲᠠᠩ ᠲᠠᠯᠠᠰᠳᠦ ᠦᠢᠯᠡᠳᠪᠦᠷᠢᠯᠡᠬᠦ ᠪᠠᠷ ᠲᠦᠯᠦᠪᠯᠡᠵᠦ ᠪᠠᠶᠢᠨ᠎ᠠ︔ ᠰᠢᠨ᠎ᠡ ᠬᠡᠯᠪᠡᠷᠢ ᠶᠢᠨ ᠬᠡᠷᠡᠯ ᠴᠠᠬᠢᠯᠭᠠᠨ ᠤ ᠡᠯᠧᠺᠲᠷᠣᠨ ᠮᠠᠲ᠋ᠧᠷᠢᠶᠠᠯ ᠤᠨ ᠠᠵᠤ ᠦᠶᠯᠡᠰᠵᠢᠭᠰᠡᠨ ᠲᠥᠷᠥᠯ ᠵᠦᠢᠯ ᠨᠢ ᠭᠤᠤᠯᠳᠠᠭᠤ ᠵᠢᠯ ᠳᠤ 730 ᠲᠦᠮᠡᠨ MM ᠪᠢᠳᠤᠷᠶ᠎ᠠ ᠶᠢᠨ ᠲᠠᠯᠠᠰᠲᠤ ᠵᠢᠴᠢ 30 ᠲᠦᠮᠡᠨ ᠢᠵᠢ ᠨᠡᠭᠦᠷᠡᠰᠦᠲᠦ᠋ᠷᠦᠭᠴᠢᠲᠦ ᠲᠠᠨᠲ᠋ᠠᠯ ᠨᠡᠭᠦᠷᠡᠰᠦᠲᠦ᠋ᠷᠦᠭᠴᠢᠲᠦ ᠴᠠᠬᠢᠭᠤᠷ ᠤᠨ ᠳᠦᠷᠬᠢᠯ ᠳᠠᠪᠬᠤᠷᠭ᠎ᠠ᠂ ᠭᠡᠷᠡᠯᠴᠢ ᠴᠡᠨᠡᠭ ᠤᠨ ᠬᠥᠩᠭᠡᠨᠴᠠᠭᠠᠨ ᠬᠥᠪᠡᠭᠡ᠂ ᠴᠡᠪᠡᠷ ᠲᠡᠮᠦᠷᠯᠢᠭ ᠮᠠᠲ᠋ᠧᠷᠢᠶᠠᠯ ᠵᠡᠷᠭᠡ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠦᠢᠯᠡᠳᠪᠦᠷᠢᠯᠡᠯ ᠪᠠ ᠦᠷ᠎ᠡ ᠠᠰᠢᠭ ᠲᠠᠢ ᠪᠣᠯᠣᠭᠰᠠᠨ ᠤ ᠳᠠᠷᠠᠭ᠎ᠠ ᠵᠢᠱᠢᠭᠰᠡᠨ ᠢᠶᠠᠷ ᠵᠢᠯ ᠤᠨ ᠦᠢᠯᠡᠳᠬᠦᠨ ᠤ ᠥᠷᠲᠡᠭ ᠨᠢ 70 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ ᠲᠤᠰ ᠲᠥᠷᠥᠯ ᠵᠦᠢᠯ ᠨᠢ ᠭᠧᠷᠮᠠᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠲᠡᠮᠦᠷᠯᠢᠭ ᠢ ᠦᠵᠦᠭᠦᠷ ᠦᠢᠯᠡᠳᠬᠦᠨ ᠬᠦᠷᠲᠡᠯ᠎ᠡ ᠪᠣᠯᠪᠠᠰᠤᠷᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠮᠠᠨ ᠤ ᠣᠷᠣᠨ ᠤ ᠠᠵᠤ ᠦᠢᠯᠡᠰ ᠤᠨ ᠬᠤᠭᠤᠰᠣᠨ ᠢ ᠨᠥᠬᠦᠪᠥᠷᠢᠯᠡᠬᠦ ᠪᠣᠯᠤᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ