10 ᠳ᠋ᠤᠭᠠᠷ ᠰᠠᠷ᠎ᠠ ᠶᠢᠨ 18 ᠤ ᠡᠳᠦᠷ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ — ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ ᠤᠯᠤᠰ ᠤᠨ ᠬᠤᠶᠠᠳᠤᠭᠠᠷ ᠪᠦᠯᠦᠭ ᠲᠠᠬᠢ ᠠᠭᠤᠯᠠ ᠤᠰᠤᠨ ᠤ ᠢᠨᠵᠧᠨᠧᠷᠢᠩ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/10/22

      ᠤᠰᠤᠨ ᠤ ᠤᠷᠭᠤᠮᠠᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠰᠢᠢᠳᠪᠦᠷᠢᠯᠡᠬᠦ ᠢᠨᠵᠧᠨᠧᠷᠢᠩ ᠪᠣᠯ ᠤᠯᠠᠭᠠᠨᠰᠤᠬᠠᠢ ᠨᠠᠭᠤᠷ ᠤᠨ ᠰᠠᠪᠠ ᠭᠠᠵᠠᠷ ᠲᠠᠬᠢ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯᠬᠤ ᠤᠯᠠᠭᠠᠨᠰᠤᠬᠠᠢ ᠨᠠᠭᠤᠷ ᠤᠨ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠤᠨ ᠨᠢᠭᠡ ᠪᠣᠯᠤᠨ᠎ᠠ᠂ ᠶᠡᠷᠦᠩᠬᠡᠢ ᠪᠡᠯᠡ ᠣᠷᠣᠭᠤᠯᠤᠯᠲᠠ ᠨᠢ 2.6 ᠳ᠋ᠦᠩᠰᠢᠭᠤᠷ ᠲᠥᠭᠦᠷᠢᠭ᠂ ᠬᠡᠷᠡᠭᠯᠡᠭᠰᠡᠨ ᠭᠠᠵᠠᠷ ᠨᠢ ᠪᠠᠷᠤᠭ 10 ᠲᠦᠮᠡᠨ ᠺᠦᠸᠠᠳ᠋ ᠮᠧᠲᠷ ᠪᠣᠢ᠂ ᠦᠷᠭᠦᠯᠵᠢᠯᠡᠨ ᠲᠡᠭᠰᠢ ᠳᠠᠷᠤᠰᠢᠭᠤᠯᠤᠭᠰᠠᠨ ᠰᠢᠨ᠎ᠡ ᠡᠭᠦᠳᠦᠯᠲᠡ ᠶᠢᠨ ᠲᠤᠰᠬᠠᠢ ᠠᠰᠢᠭ ᠤᠨ ᠮᠡᠷᠭᠡᠵᠢᠯ ᠢ ᠬᠡᠷᠡᠭᠯᠡᠵᠦ᠂ ᠤᠯᠠᠭᠠᠨᠰᠤᠬᠠᠢ ᠨᠠᠭᠤᠷ ᠤᠨ ᠣᠷᠣᠨ ᠳᠠᠬᠢ ᠡᠯᠪᠡᠭ ᠪᠠᠶᠠᠯᠢᠭ ᠬᠤᠯᠤᠰᠤ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠭᠡᠷ ᠤᠨ ᠬᠡᠷᠡᠭᠰᠡᠯ ᠤᠨ ᠴᠢᠬᠤᠯᠠ ᠰᠠᠭᠤᠷᠢ ᠮᠠᠲ᠋ᠧᠷᠢᠶᠠᠯ — ᠪᠣᠬᠢᠷᠳᠤᠯ ᠦᠭᠡᠢ ᠠᠯᠳᠧᠾᠢᠳ᠋ ᠦᠭᠡᠢ ᠬᠤᠯᠤᠰᠤᠨ ᠰᠢᠷᠠᠮᠳᠠᠭ ᠬᠠᠪᠲᠠᠰᠤ ᠶᠢ ᠦᠢᠯᠡᠳᠪᠦᠷᠢᠯᠡᠵᠦ᠂ ᠵᠢᠯ ᠤᠨ ᠭᠠᠷᠤᠯᠲᠠ ᠨᠢ 15 ᠲᠦᠮᠡᠨ ᠺᠦᠪ ᠮᠧᠲᠷ ᠠᠴᠠ ᠳᠡᠭᠡᠭᠰᠢ ᠳᠤ ᠬᠦᠷᠦᠨ᠎ᠡ᠃ ᠲᠥᠷᠥᠯ ᠵᠦᠢᠯ ᠨᠢ ᠦᠢᠯᠡᠳᠪᠦᠷᠢᠯᠡᠵᠦ ᠡᠬᠢᠯᠡᠭᠰᠡᠨ ᠤ ᠳᠠᠷᠠᠭ᠎ᠠ᠂ ᠵᠢᠯ ᠪᠦᠷᠢ ᠤᠯᠠᠭᠠᠨᠰᠤᠬᠠᠢ ᠨᠠᠭᠤᠷ ᠤᠨ ᠬᠤᠯᠤᠰᠤ ᠶᠢ 8 ᠲᠦᠮᠡ ᠭᠠᠷᠤᠶ ᠲᠣᠨ ᠵᠠᠷᠤᠵᠤ ᠬᠤᠷᠤᠭᠠᠬᠤ ᠪᠦᠭᠡᠳ ᠡᠷᠬᠢᠨ ᠲᠣᠭᠤᠷᠢᠨ ᠤ 500 ᠺᠢᠯᠤᠮᠧᠲᠷ ᠭᠠᠵᠠᠷ ᠲᠠᠬᠢ ᠬᠤᠯᠤᠰᠤ ᠶᠢ ᠴᠦ ᠪᠦᠬᠦᠨ ᠢ ᠵᠠᠷᠤᠵᠤ ᠬᠤᠷᠤᠭᠠᠨ᠂ ᠤᠯᠠᠭᠠᠨᠰᠤᠬᠠᠢ ᠶᠢᠨ ᠣᠷᠣᠨ ᠪᠦᠰᠡ ᠶᠢᠨ ᠬᠤᠯᠤᠰᠤ ᠶᠢ ᠬᠤᠤᠷ ᠦᠭᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠬᠤᠯᠤᠰᠤᠨ ᠤ ᠰᠦᠷᠡᠯ ᠪᠠ ᠬᠤᠯᠤᠰᠤᠨ ᠤ ᠴᠡᠴᠡᠭ ᠢᠯᠵᠢᠷᠡᠭᠡᠳ ᠨᠠᠭᠤᠷ ᠲᠤ ᠪᠣᠬᠢᠷᠲᠤᠯ ᠪᠣᠯᠬᠤ ᠶᠢ ᠪᠦᠲᠦᠮᠵᠢᠲᠡᠶ ᠨᠠᠮᠳᠠᠭᠤᠯᠬᠤ ᠪᠣᠯᠤᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ