10 ᠳ᠋ᠤᠭᠠᠷ ᠰᠠᠷ᠎ᠠ ᠶᠢᠨ 22 ᠤᠨ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/10/22

      ᠣᠶᠢᠷ᠎ᠠ ᠳᠤ᠂ ᠬᠥᠬᠡᠬᠤᠲᠠ ᠶᠢᠨ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠠᠯᠭᠠᠰᠤ ᠤᠯᠤᠰ ᠤᠨ ᠲᠠᠰ ᠤᠨ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠲᠥᠯᠥᠪᠯᠡᠭᠡ ᠶᠢᠨ 2024 ᠣᠨ ᠤ ᠲᠤᠷᠰᠢᠯᠲᠠ ᠶᠢᠨ ᠴᠡᠭ ᠤᠨ ᠲᠥᠷᠥᠯ ᠵᠦᠢᠯ︾ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠰᠣᠩᠭᠤᠭᠳᠠᠭᠰᠠᠨ ᠲᠥᠷᠥᠯ ᠵᠦᠢᠯ ᠪᠣᠯᠪᠠ᠃ ︵ᠬᠥᠬᠡᠬᠤᠲᠠ ᠶᠢᠨ ᠵᠠᠰᠠᠭ ᠤᠨ ᠣᠷᠳᠣᠨ︶

      10 ᠳ᠋ᠤᠭᠠᠷ ᠰᠠᠷ᠎ᠠ ᠶᠢᠨ 18 ᠤ ᠡᠳᠦᠷ᠂ ᠤᠯᠠᠭᠠᠨᠬᠠᠳᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠠᠴᠠ ᠳ᠋ᠠᠯᠢᠶᠠᠨ ᠭᠠᠷᠠᠮ ᠬᠥᠷᠬᠦ ︽ᠵᠠᠰᠠᠮᠠᠯ ᠵᠠᠮ ᠠᠴᠠ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠲᠡᠮᠦᠷ ᠵᠠᠮ ᠬᠢᠭᠡᠳ ᠲᠡᠯᠡᠶ ᠶᠢᠨ ᠵᠠᠮ ᠤᠨ ᠬᠤᠯᠪᠤᠭᠠᠯᠠᠨ ᠲᠡᠭᠡᠭᠡᠪᠦᠷᠢᠯᠡᠬᠦ ᠴᠢᠩᠭᠡᠯᠢᠭ᠌ᠲᠤ ᠡᠭᠡᠯᠵᠢ ᠶᠢᠨ ᠭᠠᠯᠲᠤ ᠲᠡᠷᠭᠡ ᠵᠢᠩᠬᠢᠨᠢ ᠪᠠᠷ ᠨᠡᠪᠲᠡᠷᠡᠪᠡ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶

      10 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠬᠢᠭᠡᠳ ᠵᠦᠩ ᠭᠤᠸᠠᠨ ᠼᠦᠨ ᠤ ᠪᠣᠬᠢᠷᠲᠤᠯ ᠦᠭᠡᠢ ᠨᠡᠭᠦᠷᠡᠰᠦᠳᠦ᠋ᠷᠦᠭᠴᠢᠲᠦ ᠬᠤᠷᠠᠮᠳᠤᠯ ᠤᠨ ᠰᠣᠳᠤᠯᠤᠯ ᠤᠨ ᠬᠦᠷᠢᠶᠡᠯᠡᠩ ᠪᠡᠭᠡᠵᠢᠩ ᠳᠤ ︽ᠤᠯᠠᠨ ᠴᠢᠳᠠᠮᠵᠢᠳᠤ ᠬᠡᠯᠪᠡᠷᠢ ᠶᠢᠨ ᠠᠵᠤ ᠠᠬᠤᠢ ᠶᠢᠨ ᠤᠢ ᠣᠶᠢᠵᠢᠭᠤᠯᠤᠯᠲᠠ ᠶᠢᠨ ᠨᠡᠭᠦᠷᠡᠰᠦᠳᠦ᠋ᠷᠦᠭᠴᠢᠲᠦ ᠬᠤᠷᠠᠮᠳᠤᠯ ᠢ ᠬᠢᠨᠠᠨ ᠬᠡᠮᠵᠢᠵᠦ ᠰᠢᠨᠵᠢᠬᠦ ᠮᠡᠷᠭᠡᠵᠢᠯ ᠤᠨ ᠰᠣᠳᠤᠯᠤᠯ ᠪᠣᠯᠤᠨ ᠠᠷᠭ᠎ᠠ ᠶᠢᠨ ᠤᠬᠠᠭᠠᠨ ᠤ ᠨᠡᠭᠡᠭᠡᠨ ᠬᠥᠭᠵᠢᠭᠦᠯᠬᠦ ᠲᠦᠷᠦᠯ ᠵᠦᠢᠯ︾ ᠤᠨ ᠨᠠᠶᠢᠳᠠᠯᠭ᠎ᠠ ᠶᠢᠨ ᠭᠡᠷ᠎ᠡ ᠲᠣᠭᠲᠠᠪᠠ᠃ ︵ᠬᠢᠩᠭᠠᠨ ᠠᠶᠢᠮᠠᠭ ᠤᠨ ᠵᠠᠬᠢᠷᠭ᠎ᠠ︶

      10 ᠳ᠋ᠤᠭᠠᠷ ᠰᠠᠷ᠎ᠠ ᠶᠢᠨ 18 ᠤ ᠡᠳᠦᠷ᠂ ᠶᠡᠷᠦᠩᠬᠡᠶ ᠪᠡᠯᠡ ᠣᠷᠣᠭᠤᠯᠤᠯᠲᠠ ᠪᠠᠷ 8.3 ᠳ᠋ᠦᠩᠰᠢᠭᠤᠷ ᠲᠥᠭᠦᠷᠢᠭ ᠲᠤ ᠬᠦᠷᠦᠭᠰᠡᠨ ᠣᠷᠳᠣᠰ ᠤᠨ ᠸᠠᠨ ᠴᠧᠩ ᠭᠦᠩ ᠡᠨᠧᠷᠭᠢ ᠨᠦᠭᠡᠴᠡᠯᠡᠬᠦ ᠡᠨᠧᠷᠭᠢ ᠶᠢᠨ ᠺᠣᠮᠫᠠᠨᠢ ᠶᠢᠨ 20 ᠲᠦᠮᠡᠨ ᠺᠢᠯᠤᠸᠠᠲ / 80 ᠲᠦᠮᠡᠨ ᠺᠢᠯᠣᠸᠠᠲ ᠴᠠᠭ ᠴᠠᠬᠢᠯᠭᠠᠨ ᠲᠣᠤᠷ ᠲᠠᠯ᠎ᠠ ᠶᠢᠨ ᠡᠨᠧᠷᠭᠢ ᠨᠦᠭᠡᠴᠡᠯᠡᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠵᠢᠯ ᠢᠶᠠᠨ ᠡᠬᠢᠯᠡᠭᠦᠯᠪᠡ᠂ ᠵᠢᠱᠢᠭᠰᠡᠨ ᠢᠶᠠᠷ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶ 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ