ᠪᠥᠬᠦ ᠣᠷᠣᠨ ᠳᠠᠬᠢ ᠠᠩᠬᠠᠳᠠᠭᠴᠢ ᠰᠢᠨ᠎ᠡ ᠪᠠᠷᠢᠮᠵᠢᠶᠠᠨ ᠤ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠲᠠᠯᠠᠪᠤᠷ ᠪᠤᠭᠤᠲᠤ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/10/23

      9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ ᠪᠠᠶᠢᠭᠤᠯᠤᠭᠰᠠᠨ ᠡᠯ᠎ᠡ ᠳᠡᠰ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠲᠠᠯᠠᠪᠤᠷ 947 ᠶᠢ ᠳᠠᠪᠠᠪᠠ᠂ ᠭᠡᠪᠡᠴᠦ ᠲᠠᠯᠠᠪᠤᠷ ᠰᠣᠩᠭᠤᠬᠤ᠂ ᠲᠠᠰ ᠲᠥᠷᠥᠯ ᠬᠤᠪᠢᠶᠠᠬᠤ᠂ ᠴᠢᠳᠠᠮᠵᠢᠳᠤ ᠪᠡᠯᠡᠳᠬᠡᠮᠵᠢ ᠵᠡᠷᠭᠡ ᠪᠠᠶᠢᠷᠢᠰᠢᠭᠤᠯᠤᠯᠲᠠ ᠶᠢᠨ ᠵᠢᠷᠤᠭ ᠲᠥᠯᠥᠪᠯᠡᠭᠡ ᠨᠢ ᠠᠳᠠᠯᠢ ᠪᠤᠰᠤ ᠪᠠᠶᠢᠵᠤ᠂ ᠣᠯᠠᠩᠬᠢ ᠨᠢ ᠨᠢᠭᠡᠲᠦᠯᠲᠡᠢ ᠲᠦᠯᠦᠪᠵᠢᠭᠦᠯᠭᠡ ᠪᠠᠷ ᠳᠤᠲᠠᠮᠠᠭ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠡᠯ᠎ᠡ ᠭᠠᠵᠠᠷ ᠤᠨ ᠬᠢᠨ ᠢ ᠢᠳᠡᠪᠬᠢᠲᠡᠶ ᠰᠢᠮᠳᠠᠭᠤᠯᠤᠨ ᠵᠢᠯᠣᠭᠤᠳᠴᠤ ᠪᠠᠶᠢᠭᠠᠳ ᠤᠯᠤᠰ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠲᠠᠯᠠᠪᠤᠷ ᠤᠨ ᠪᠠᠶᠢᠭᠤᠯᠤᠯᠲᠠ ᠶᠢ ᠴᠢᠩᠭᠠᠳᠬᠠᠵᠤ ᠪᠣᠢ᠃ ᠣᠳᠣᠬᠠᠨ ᠳᠤ᠂ ᠪᠤᠭᠤᠲᠤ ᠬᠤᠲᠠ ᠬᠥᠨᠳᠡᠯᠡᠨ ᠲᠣᠭᠤᠷᠢᠭ ᠲᠤ ᠪᠠᠨ ᠪᠥᠬᠦ ᠣᠷᠣᠨ ᠳᠠᠬᠢ ᠠᠩᠬᠠᠳᠠᠭᠴᠢ ᠰᠢᠨ᠎ᠡ ᠪᠠᠷᠢᠮᠵᠢᠶᠠᠨ ᠤ᠂ ᠶᠡᠷᠦᠩᠬᠡᠶᠢᠯᠡᠭᠰᠡᠨ ᠴᠢᠨᠠᠷᠲᠠᠶ᠂ ᠣᠬᠤᠷ ᠬᠤᠭᠤᠴᠠᠭᠠᠨ ᠤ ᠬᠡᠯᠪᠡᠷᠢ ᠪᠦᠬᠦᠢ᠂ ᠬᠡᠷ ᠤᠨ ᠭᠠᠳᠠᠭᠤᠷᠬᠢ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠲᠠᠯᠠᠪᠤᠷ ᠢ ᠬᠠᠮᠤᠭ ᠤᠨ ᠲᠡᠷᠢᠭᠦᠨ ᠳᠤ ᠪᠠᠶᠢᠭᠤᠯᠪᠠ᠃ ᠡᠨᠡ ᠬᠦ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠲᠠᠯᠠᠪᠤᠷ ᠤᠨ ᠲᠠᠯᠠᠪᠠᠶ ᠨᠢ 41.41 ᠲᠥᠮᠡᠨ ᠺᠦᠸᠠᠳ᠋ ᠮᠧᠲᠷ᠂ ᠲᠠᠯᠠᠪᠤᠷ ᠲᠠᠬᠢ ᠠᠶᠤᠯ ᠠᠴᠠ ᠵᠠᠶᠢᠯᠠᠭᠤᠯᠵᠤ ᠳᠠᠯᠳᠠᠯᠠᠬᠤ ᠠᠰᠢᠭᠲᠠᠢ ᠲᠠᠯᠠᠪᠤᠷ ᠤᠨ ᠲᠠᠯᠠᠪᠠᠢ ᠨᠢ 10 ᠲᠦᠮᠡᠨ ᠺᠦᠸᠠᠳ᠋ ᠮᠧᠲᠷ ᠪᠠᠶᠢᠵᠤ᠂ ᠪᠠᠷᠤᠭ 3 ᠲᠦᠮᠡ ᠰᠢᠬᠠᠮ ᠬᠦᠮᠦᠨ ᠢ ᠠᠶᠤᠯ ᠠᠴᠠ ᠵᠠᠶᠢᠯᠠᠭᠤᠯᠵᠤ ᠳᠠᠯᠳᠠᠯᠠᠬᠤ ᠪᠥᠭᠡᠳ ᠭᠠᠵᠠᠷ ᠬᠥᠳᠡᠯᠦᠯᠲᠡ᠂ ᠦᠶᠡᠷ ᠤᠰᠤᠲᠤᠯ ᠤᠨ ᠭᠠᠮᠰᠢᠭ᠂ ᠠᠮᠢ ᠠᠬᠤᠶ ᠣᠷᠴᠢᠨ ᠲᠣᠭᠤᠷᠢᠨ ᠤ ᠬᠡᠷᠡᠭ ᠵᠡᠷᠭᠡ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠭᠤᠯᠵᠤ ᠳᠠᠯᠳᠠᠯᠠᠬᠤ ᠳᠤ ᠬᠡᠷᠡᠭᠯᠡᠵᠦ ᠪᠣᠯᠣᠨ᠎ᠠ᠂ ᠠᠳᠡ ᠪᠠᠴᠢᠮ ᠪᠠᠶᠢᠳᠠᠯ ᠢ ᠠᠷᠭᠠᠴᠠᠭᠠᠬᠤ ᠪᠠᠷ ᠬᠤᠨᠣᠭᠯᠠᠨ ᠰᠠᠭᠤᠬᠤ᠂ ᠡᠮᠴᠢᠯᠡᠭᠡᠨ ᠤ ᠠᠪᠤᠷᠠᠨ ᠵᠠᠰᠠᠬᠤ᠂ ᠬᠢᠵᠢᠭ ᠠᠴᠠ ᠰᠡᠷᠭᠡᠶᠢᠯᠡᠨ ᠲᠤᠰᠠᠭᠠᠷᠯᠠᠬᠤ᠂ ᠡᠳ᠋ ᠪᠠᠷᠠᠭ᠎ᠠ ᠨᠥᠭᠡᠴᠡᠯᠡᠬᠦ᠂ ᠡᠭᠴᠡ ᠨᠢᠰᠬᠡᠯ ᠤᠨ ᠨᠢᠰᠴᠦ ᠭᠠᠷᠬᠤ ᠪᠠ ᠪᠠᠭᠤᠬᠤ ᠵᠡᠷᠭᠡ 8 ᠵᠦᠢᠯ ᠤᠨ ᠴᠢᠳᠠᠮᠵᠢᠳᠤ ᠣᠷᠣᠨ ᠢᠶᠠᠷ ᠬᠤᠪᠢᠶᠠᠨ ᠪᠠᠶᠢᠭᠤᠯᠤᠭᠰᠠᠨ ᠪᠠᠶᠢᠨ᠎ᠠ᠃ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ