ᠮᠠᠨ ᠤ ᠣᠷᠣᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠪᠠᠨ ᠰᠢᠯᠢᠳᠡᠭᠵᠢᠭᠦᠯᠵᠦ  ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/23

      ᠮᠠᠨ ᠤ ᠣᠷᠣᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ  ᠪᠠᠨ ᠰᠢᠯᠢᠳᠡᠭᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ ᠪᠤᠢ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ᠂ ᠬᠤᠪᠢ ᠬᠦᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠪᠠᠭᠤᠷᠠᠭᠤᠯᠬᠤ᠂ ᠰᠢᠨ᠎ᠡ ᠪᠠᠷ ᠪᠠᠶᠢᠭᠤᠯᠤᠭᠠᠳ ᠤᠷᠢᠳᠴᠢᠯᠠᠨ ᠬᠤᠳᠠᠯᠳᠤᠬᠤ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠭᠠᠷᠭᠠᠨ ᠠᠪᠴᠤ ᠠᠩᠬ᠎ᠠ ᠲᠤᠰᠢᠶᠠᠬᠤ ᠮᠦᠩᠭᠦ ᠪᠠᠷ ᠥᠭᠬᠦ᠂ ︽ᠬᠤᠳᠠᠯᠳᠤᠭᠠᠨ ᠤ ᠴᠢᠨᠠᠷᠲᠠᠢ ᠵᠢᠭᠡᠯᠡᠯᠭᠡ ᠪᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠲᠡᠶᠢᠰᠢ ᠰᠢᠯᠵᠢᠭᠦᠯᠬᠦ︾᠂ ︽ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ + ᠬᠤᠳᠠᠯᠳᠤᠭᠠᠨ ᠤ ᠴᠢᠨᠠᠷᠲᠠᠢ ᠵᠢᠭᠡᠯᠡᠯᠭᠡ︾ ᠮᠡᠲᠦ ᠶᠢᠨ ᠨᠡᠶᠢᠯᠡᠯ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠤᠷᠢᠳ ᠬᠤᠵᠢᠳ ᠨᠡᠶᠢᠲᠡᠯᠡᠵᠦ᠂ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠪᠠ᠃  ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠠᠴᠠ ᠡᠮᠦᠨᠡᠬᠢ᠂ ᠵᠢᠭᠡᠯᠡᠯᠭᠡ ᠶᠢᠨ ᠳᠤᠮᠳᠠᠬᠢ᠂ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ ᠶᠢ ᠵᠢᠷᠤᠮᠵᠢᠭᠤᠯᠵᠤ᠂ ᠪᠦᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠠᠪᠴᠠᠩ ᠢ ᠨᠢᠭᠡᠲᠦᠯᠲᠡᠢ ᠪᠠᠶᠢᠭᠤᠯᠬᠤ ᠪᠠᠷ ᠰᠦᠪᠡᠭᠴᠢᠯᠡᠵᠦ᠂ ᠠᠰᠠᠭᠤᠳᠠᠯ ᠢ ᠢᠯᠡᠷᠡᠭᠦᠯᠬᠦ — ᠴᠡᠭᠴᠡᠯᠡᠨ ᠰᠠᠶᠢᠵᠢᠷᠠᠭᠤᠯᠬᠤ — ᠬᠠᠰᠤᠵᠤ ᠠᠷᠢᠯᠭᠠᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠦᠨ᠎ᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠶᠡᠷᠦᠩᠬᠡᠶ ᠲᠤᠭ᠎ᠠ 5626.11 ᠳ᠋ᠦᠩᠰᠢᠭᠤᠷ ᠲᠥᠭᠦᠷᠢᠭ᠂ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ ᠲᠤᠭ᠎ᠠ 2190.02 ᠳ᠋ᠦᠩᠰᠢᠭᠤᠷ ᠲᠥᠭᠦᠷᠢᠭ᠂ ᠭᠠᠷᠭᠠᠨ ᠠᠪᠤᠭᠰᠠᠨ ᠶᠡᠷᠦᠩᠬᠡᠶ ᠲᠤᠭ᠎ᠠ 3436.09 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠶᠡᠷᠦᠩᠬᠡᠶ ᠲᠤᠭ᠎ᠠ 3345.88 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ ᠲᠤᠭ᠎ᠠ 1341.85 ᠳ᠋ᠦᠩᠰᠢᠭᠤᠷ ᠲᠥᠭᠦᠷᠢᠭ᠂ ᠬᠤᠪᠢ ᠬᠦᠮᠦᠨ ᠤ ᠵᠢᠭᠡᠯᠡᠯᠭᠡ ᠶᠢᠨ ᠨᠣᠷᠮ᠎ᠠ 61.27% ᠪᠠᠶᠢᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ