ᠤᠯᠠᠭᠠᠨᠬᠠᠳᠠ ᠬᠤᠲᠠ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ ᠪᠡᠭᠡᠵᠢᠩ ᠲᠢᠶᠠᠨᠵᠢᠨ  ᠾᠧᠪᠸᠢ ᠶᠢᠨ ᠬᠠᠮᠲᠤᠷᠠᠭᠰᠠᠨ ᠬᠦᠭᠵᠢᠯᠲᠡ ᠳᠤ ᠢᠳᠡᠪᠬᠢᠲᠡᠢ ᠤᠷᠤᠯᠴᠠᠪᠠ
ᠨᠡᠶᠢᠲᠡᠯᠡᠭᠰᠡᠨ ᠴᠠᠭ᠄
2024/10/23

      ᠤᠯᠠᠭᠠᠨᠬᠠᠳᠠ ᠬᠤᠲᠠ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠭᠰᠠᠨ ᠬᠦᠭᠵᠢᠯᠲᠡ ᠳᠤ ᠢᠳᠡᠪᠬᠢᠲᠡᠢ ᠣᠷᠤᠯᠴᠠᠵᠤ ᠪᠤᠢ᠃ ᠨᠢᠭᠡ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠪᠡ᠂ ᠪᠡᠭᠡᠵᠢᠩ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠵᠡᠷᠭᠡ ᠨᠢᠭᠡᠴᠢ ᠯᠦᠭᠡ ᠬᠠᠮᠲᠤᠷᠠᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ︽ᠤᠯᠠᠭᠠᠨᠬᠠᠳᠠ ᠶᠢᠨ ᠣᠬᠢ ᠰᠢᠮ᠎ᠡ︾ ᠴᠢᠨᠠᠷ ᠰᠠᠶᠢᠲᠠᠢ ᠨᠡᠷᠡᠲᠦ ᠲᠡᠮᠳᠡᠭᠲᠦ ᠪᠦᠲᠦᠭᠡᠭᠳᠡᠬᠦᠨ ᠢ ᠲᠠᠪᠴᠠᠩ ᠳᠤ ᠭᠠᠷᠭᠠᠵᠤ᠂ ᠬᠤᠳᠠᠯᠳᠤᠭᠠᠨ ᠤ ᠲᠠᠯᠠᠪᠤᠷ ᠬᠡᠳᠦ ᠳᠡᠯᠭᠡᠭᠦᠷ ᠲᠤ ᠣᠷᠣᠭᠤᠯᠬᠤ ᠶᠢ ᠠᠬᠢᠭᠤᠯᠪᠠ᠂ ᠡᠨᠡ ᠵᠢᠯ ᠠᠴᠠ ᠨᠠᠭᠠᠰᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠪᠣᠷᠣᠯᠠᠭᠤᠯᠤᠭᠰᠠᠨ ᠵᠣᠭᠤᠰ ᠤᠨ ᠲᠤᠭ᠎ᠠ 54.68 ᠳ᠋ᠦᠩᠰᠢᠭᠤᠷ ᠲᠥᠭᠦᠷᠢᠭ ᠲᠤ ᠬᠦᠷᠴᠡᠢ᠃ ᠬᠤᠶᠠᠷ ᠲᠤ᠂ ᠠᠵᠤ ᠦᠢᠯᠡᠰ ᠤᠨ ᠰᠢᠯᠵᠢᠭᠦᠯᠦᠨ ᠵᠠᠯᠭᠠᠭᠤᠯᠬᠤ ᠶᠢ ᠢᠳᠡᠪᠬᠢᠲᠡᠢ ᠬᠦᠯᠢᠶᠡᠨ ᠠᠪᠤᠪᠠ᠂ ︽ᠪᠡᠭᠡᠵᠢᠩ ᠲᠢᠶᠠᠨᠵᠢᠨ ᠾᠧᠪᠸᠢ ᠶᠢᠨ ᠠᠵᠤ ᠠᠬᠤᠶᠢᠯᠠᠯ + ᠤᠯᠠᠭᠠᠨᠬᠠᠳᠠ ᠶᠢᠨ ᠡᠬᠢ ᠪᠠᠶᠠᠯᠢᠭ︾ ᠤᠨ ᠬᠠᠮᠲᠤᠷᠠᠯᠴᠠᠭᠠᠨ ᠤ ᠬᠡᠪ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠡᠭᠡᠵᠢᠩ ᠤᠨ ᠱᠧᠦ ᠨᠦᠩ ᠬᠤᠶᠠᠳᠤᠭᠠᠷ ᠬᠤᠳᠠᠯᠳᠤᠭᠠᠨ ᠤ ᠪᠦᠯᠦᠭᠯᠡᠯ᠂ ᠱᠧᠦ ᠨᠥᠩ ᠱᠤᠸᠠᠩ ᠴᠢᠶᠣᠤ ᠲᠠᠷᠢᠶᠠᠯᠠᠩ ᠤᠨ ᠲᠠᠯᠠᠪᠠᠢ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ 47 ᠣᠷᠣᠭᠤᠯᠤᠨ ᠠᠪᠴᠢᠷᠠᠵᠤ᠂ 2025 ᠣᠨ ᠪᠣᠯᠬᠤ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠯᠵᠢᠭᠦᠯᠦᠨ ᠵᠠᠯᠭᠠᠭᠤᠯᠬᠤ ᠲᠥᠷᠥᠯ ᠵᠦᠢᠯ ᠢ 5 ᠣᠷᠣᠭᠤᠯᠤᠨ ᠠᠪᠴᠢᠷᠠᠬᠤ ᠪᠠᠷ ᠴᠢᠷᠮᠠᠶᠢᠵᠤ ᠪᠠᠶᠢᠨ᠎ᠠ᠃ ᠭᠤᠷᠪᠠ ᠳᠤ᠂ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠂ ︽ᠪᠡᠭᠡᠵᠢᠩ ᠲᠢᠶᠠᠨᠵᠢᠨ ᠾᠧᠪᠸᠢ ᠶᠢᠨ ᠵᠠᠬ᠎ᠠ ᠳᠡᠯᠭᠡᠭᠦᠷ + ᠤᠯᠠᠭᠠᠨᠬᠠᠳᠠ ᠶᠢᠨ ᠪᠦᠲᠦᠭᠡᠭᠳᠡᠬᠦᠨ︾ ᠤ ᠬᠠᠮᠲᠤᠷᠠᠯᠴᠠᠭᠠᠨ ᠤ ᠬᠡᠪ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠡᠭᠡᠵᠢᠩ ᠤᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ  ᠯᠤᠭ᠎ᠠ ᠣᠨᠣᠪᠴᠢᠲᠠᠢ ᠵᠣᠯᠭᠠᠭᠤᠯᠵᠤ᠂ ᠣᠳᠣᠬᠠᠨ ᠳᠤ ᠨᠢᠭᠡᠨᠲᠡ ᠪᠡᠭᠡᠵᠢᠩ ᠬᠤᠳᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠯᠬᠢᠶᠡᠵᠢᠭᠰᠡᠨ ᠬᠡᠳᠦ ᠳᠡᠯᠭᠡᠭᠦᠷ ᠵᠡᠷᠭᠡ 81 ᠨᠢᠭᠡᠴᠢ ᠯᠦᠭᠡ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠬᠤᠳᠠᠯᠳᠤᠵᠤ ᠠᠪᠬᠤ ᠵᠦᠪᠯᠡᠯᠴᠡᠭᠡᠷ ᠢ 99 ᠲᠣᠭᠲᠠᠵᠤ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠨᠢ 7.78 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠭᠴᠢᠳ ᠢᠶᠠᠨ ᠬᠠᠷᠢᠯᠴᠠᠨ ᠲᠠᠨᠢᠯᠴᠠᠭᠤᠯᠵᠤ ᠬᠠᠷᠢᠴᠠᠬᠤ 5 ᠲᠦᠷᠦᠯ ᠵᠦᠢᠯ ᠳᠤ ᠭᠠᠷ ᠤᠨ ᠦᠰᠦᠭ ᠵᠢᠷᠤᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ