ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ 〔2024〕 175 ᠳ᠋ᠤᠭᠠᠷ ᠲᠣᠭᠠᠲᠤ
︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄
ᠲᠠᠨ ᠤ ᠬᠤᠲᠠ ᠶᠢᠨ ︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶ ᠢ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠦᠬᠡᠬᠤᠲᠠ ᠵᠠᠰᠠᠭ ᠲᠠᠷᠬᠠᠭᠠᠭᠰᠠᠨ 〔2024〕 203 ᠳ᠋ᠤᠭᠠᠷ ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ 〔2023〕 7 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠬᠦ ᠪᠣᠯᠬᠤᠷ᠂ ︽ᠬᠦᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃
2024 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶