ᠥᠪᠥᠷ ᠵᠠᠰᠠᠭ ᠲᠠᠷᠬᠠᠭᠠᠭᠰᠠᠨ ﹇2014﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/10/30

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

ᠥᠪᠥᠷ ᠵᠠᠰᠠᠭ ᠦᠰᠦᠭ ﹇ 2024 ﹈ 179 ᠳ᠋ᠦ᠋ᠭᠡᠷ ᠲᠣᠭᠠᠲᠤ

 

ᠥᠪᠥᠷ ᠵᠠᠰᠠᠭ ᠲᠠᠷᠬᠠᠭᠠᠭᠰᠠᠨ ﹇ 2014 ﹈ 65 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

      ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 586 ᠳ᠋ᠤᠭᠠᠷ ᠲᠣᠭᠠᠲᠤ ︶ ᠤᠨ ᠲᠣᠭᠲᠠᠭᠠᠯ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ ﹇ 2014 ﹈ 65 ᠳ᠋ᠤᠭᠠᠷ ᠲᠣᠭᠠᠲᠤ ᠂ ᠳᠣᠷᠣᠭᠰᠢ ︽ᠮᠡᠳᠡᠭᠳᠡᠯ ︾ ᠭᠡᠵᠦ ᠲᠣᠪᠴᠢᠯᠠᠨ᠎ᠠ ︶ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠤᠭᠤᠯᠬᠤ ᠪᠠᠷ ᠲᠣᠭᠲᠠᠪᠠ ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ  ᠮᠡᠳᠡᠭᠳᠡᠶ᠎ᠡ ᠃

      ᠨᠢᠭᠡ ᠂ ︽ ᠮᠡᠳᠡᠭᠳᠡᠯ ︾ ᠤᠨ ᠠᠷᠪᠠᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ ᠠᠵᠢᠯᠲᠠᠨ ᠠᠵᠢᠯᠴᠢᠨ ᠠᠳᠡᠯ ᠭᠠᠷᠤᠭᠰᠠᠨ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠠᠵᠢᠯᠯᠠᠬᠤ ᠡᠳᠦᠷ ᠤᠨ ᠳᠣᠲᠣᠷ᠎ᠠ ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ ︾ ᠭᠡᠳᠡᠭ ᠢ ︽ᠠᠵᠢᠯᠲᠠᠨ ᠠᠵᠢᠯᠴᠢᠨ ᠠᠳᠡᠯ ᠳᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠬᠥᠨᠥᠭᠡᠯ ᠳᠤ ᠤᠴᠠᠷᠠᠭᠰᠠᠨ ᠤ ᠬᠠᠮᠲᠤ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠶᠣᠰᠣᠭᠠᠷ ᠠᠵᠢᠯ ᠤᠨ ᠨᠥᠯᠥᠭᠡᠨ ᠤ ᠡᠪᠡᠳᠴᠢᠨ ᠢᠶᠠᠷ ᠤᠨᠤᠰᠢᠯᠠᠭᠤᠯᠵᠤ ᠂ ᠬᠢᠨᠠᠨ ᠲᠣᠭᠲᠠᠭᠠᠯᠭᠠᠭᠰᠠᠨ ᠢ ᠨᠢ ᠪᠠᠶᠢᠭ᠎ᠠ ᠨᠢᠭᠡᠴᠢ ᠨᠢ ᠠᠳᠡᠯ ᠳᠤ ᠭᠡᠮᠲᠦᠭᠰᠡᠨ ᠡᠳᠦᠷ ᠠᠴᠠ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠤᠯᠤᠭᠰᠠᠨ ᠂ ᠬᠢᠨᠠᠨ ᠲᠣᠭᠲᠠᠭᠠᠯᠭᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠂ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠪᠤᠶᠤ ᠬᠠᠷᠢᠶᠠᠯᠠᠨ ᠬᠠᠮᠢᠶᠠᠷᠬᠤ ᠡᠷᠬᠡ ᠲᠠᠢ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠦᠨᠡᠮᠰᠢᠭᠦᠯᠦᠨ ᠲᠣᠭᠲᠠᠭᠠᠯᠭᠠᠬᠤ ᠭᠤᠶᠤᠴᠢᠯᠠᠯ ᠢᠶᠠᠨ ᠳᠤᠷᠠᠳᠤᠨ᠎ᠠ ᠃ ᠣᠨᠴᠠᠭᠠᠢ ᠪᠠᠶᠢᠳᠠᠯ ᠲᠣᠬᠢᠶᠠᠯᠳᠤᠪᠠᠯ ᠂ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠭᠡᠳ ᠂ ᠭᠤᠶᠤᠴᠢᠯᠠᠬᠤ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠣᠨ᠎ᠠ ︾ ᠭᠡᠵᠦ ᠵᠠᠰᠠᠪᠤᠷᠢ ᠣᠷᠣᠭᠤᠯᠪᠠ ᠃

      ᠬᠤᠶᠠᠷ ᠂ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠂ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠤᠯᠭᠠᠷᠠᠪᠠᠯ ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ ᠃

 

           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

2024 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ    

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ