ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾᠎ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/11/13

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

ᠥᠪᠥᠷ ᠵᠠᠰᠠᠭ ᠲᠠᠷᠬᠠᠭᠠᠭᠰᠠᠨ ﹇2024﹈ 15 ᠳ᠋ᠤᠭᠠᠷ ᠲᠣᠭᠠᠲᠤ

 

ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾᠎ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ︿ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀᠎ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾᠎ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃

    ᠨᠢᠭᠡ᠂ ᠶᠡᠷᠦᠩᠬᠡᠢ ᠬᠠᠷᠠᠯᠲᠠ

    2024 ᠣᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠴᠣᠩᠬᠤᠪᠴᠢ᠂ ᠨᠢᠭᠡ ᠤᠲᠠᠰᠤ︾᠎ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠠᠵᠢᠯ ᠶᠠᠪᠤᠳᠠᠯ︾ ᠬᠡᠮᠡᠭᠳᠡᠭᠰᠡᠨ ︽5+8+3+N︾ ︵︽5︾ ᠭᠡᠵᠦ ᠨᠢᠭᠡᠨᠲᠡ ᠰᠦᠯᠵᠢᠶᠡᠨ ᠳᠤ ᠭᠠᠷᠭᠠᠭᠰᠠᠨ 5 ︽ᠨᠢᠭᠡ ᠠᠵᠢᠯ ᠶᠠᠪᠤᠳᠠᠯ︾᠎ ᠢ ᠤᠯᠠᠷᠢᠭᠤᠯᠤᠨ ᠲᠡᠰ ᠳᠡᠪᠰᠢᠭᠦᠯᠬᠦ᠂ ︽8︾ ᠭᠡᠵᠦ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠨᠡᠮᠡᠭᠳᠡᠭᠦᠯᠦᠭᠰᠡᠨ 8 ︽ᠨᠢᠭᠡ ᠠᠵᠢᠯ ᠶᠠᠪᠤᠳᠠᠯ︾᠎ ᠢ ᠬᠦᠴᠦ ᠪᠠᠨ ᠬᠠᠮᠲᠤᠳᠬᠠᠨ ᠰᠢᠪᠲᠤᠯᠬᠤ᠂ ︽3︾ ᠭᠡᠵᠦ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ ᠬᠦᠷᠢᠶᠡᠨ ᠤ ︽ᠨᠢᠭᠡ ᠠᠵᠢᠯ ᠶᠠᠪᠤᠳᠠᠯ︾᠎ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠬᠤ᠂ ︽N︾ ᠭᠡᠵᠦ ᠡᠯ᠎ᠡ ᠭᠠᠵᠠᠷ ᠣᠷᠣᠨ ᠢ ᠥᠷᠭᠡᠨ ᠢᠶᠠᠷ ᠲᠠᠶᠢᠴᠢᠯᠠᠵᠦ ᠣᠷᠣᠨ ᠨᠤᠲᠤᠭ ᠤᠨ ᠣᠨᠴᠠᠯᠢᠭ ᠪᠦᠬᠦᠢ N ᠤᠯᠠᠨ ︽ᠨᠢᠭᠡ ᠠᠵᠢᠯ ᠶᠠᠪᠤᠳᠠᠯ︾᠎ ᠢ ᠰᠢᠨ᠎ᠡ ᠶᠢ ᠡᠭᠦᠳᠦᠨ ᠭᠠᠷᠭᠠᠬᠤ ᠶᠢ ᠵᠢᠭᠠᠵᠤ ᠪᠣᠢ︶᠎ ᠢ ᠥᠨᠳᠥᠷ ᠪᠦᠳᠦᠮᠵᠢᠳᠡᠢ ᠪᠠᠷ ᠭᠦᠢᠴᠡᠳᠬᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠣᠯᠳᠠᠯᠭ᠎ᠠ ᠲᠠᠢ ᠵᠦᠢᠯᠡᠰ ᠤᠨ ᠲᠠᠯ᠎ᠠ ᠳᠠᠬᠢ ᠲᠣᠳᠣᠷᠬᠠᠢ ᠬᠠᠭᠤᠳᠠᠰᠤᠨ ᠤ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠰᠠᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠎ ᠶᠢ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠯᠢᠭ ᠦᠢᠯᠡᠴᠢᠯᠡᠭᠡᠨ ᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠲᠦᠭᠡᠮᠡᠯ ᠬᠦᠷᠲᠡᠵᠦ ᠲᠡᠶᠢᠯᠬᠦ᠂ ᠣᠶᠤᠨᠯᠢᠭ ᠪᠥᠭᠡᠳ ᠲᠦᠭᠦᠮ ᠳᠥᠲᠡ᠂ ᠲᠥᠪ ᠭᠤᠣᠯᠴᠢ ᠲᠦᠭᠡᠮᠡᠯ ᠬᠠᠷᠠᠭᠠᠯᠵᠠᠯᠲᠤ ᠥᠨᠳᠥᠷ ᠪᠦᠳᠦᠮᠵᠢᠳᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠦᠷᠢᠯᠳᠦᠭᠦᠯᠵᠦ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭ ᠢ ᠪᠥᠬᠦ ᠲᠠᠯ᠎ᠠ ᠪᠠᠷ ᠴᠤᠤᠷᠢᠶᠠᠲᠤᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠨᠢ ᠶᠡᠭᠡ ᠪᠠᠷ ᠳᠡᠭᠡᠭᠰᠢᠯᠡᠭᠦᠯᠦᠨ᠎ᠡ᠃

    ᠬᠤᠶᠠᠷ᠂ ᠭᠤᠣᠯ ᠡᠭᠦᠷᠭᠡ

    ︵ᠨᠢᠭᠡ︶ ᠬᠤᠯᠪᠣᠭᠳᠠᠬᠤ ᠵᠦᠢᠯᠡᠰ ᠢ ᠨᠢᠭᠡᠳᠬᠡᠨ ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃

    1. ︽ᠨᠢᠭᠡ ᠠᠵᠢᠯ ᠶᠠᠪᠤᠳᠠᠯ︾᠎ ᠤᠨ ᠥᠭᠡᠷᠡᠴᠢᠯᠡᠯᠲᠡ ᠶᠢ ᠲᠡᠰ ᠳᠡᠪᠰᠢᠭᠦᠯᠦᠨ᠎ᠡ᠃ 2021 ᠣᠨ ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠭᠠᠷᠭᠠᠭᠰᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ︽ᠨᠢᠭᠡ ᠠᠵᠢᠯ ᠶᠠᠪᠤᠳᠠᠯ︾᠎ ᠳᠤ ︽ᠪᠤᠴᠠᠵᠤ ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠭᠤᠣᠯᠳᠠᠭᠤ ᠬᠡᠷᠡᠭᠵᠢᠭᠦᠯᠦᠭᠰᠡᠨ ᠪᠠᠶᠢᠳᠠᠯ᠂ ᠠᠵᠢᠯ ᠶᠠᠪᠤᠳᠠᠯ ᠭᠦᠢᠴᠡᠳᠬᠡᠭᠰᠡᠨ ᠲᠤᠭ᠎ᠠ ᠬᠡᠮᠵᠢᠶ᠎ᠡ᠂ ᠰᠢᠰᠲ᠋ᠧᠮ ᠤᠨ ᠲᠤᠯᠭᠠᠭᠤᠷᠢᠯᠠᠯ᠂ ᠬᠡᠯᠬᠢᠶᠡᠰᠦ ᠶᠢ ᠤᠷᠲᠤᠳᠬᠠᠭᠰᠠᠨ ᠬᠡᠮᠵᠢᠶ᠎ᠡ᠂ ᠴᠣᠩᠬᠤᠪᠴᠢ ᠶᠢᠨ ᠲᠣᠬᠢᠷᠠᠭᠤᠯᠤᠯᠲᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢᠨ ᠲᠣᠭᠤᠷᠢᠨ ᠳᠤ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ ᠵᠠᠳᠠᠯᠤᠯᠲᠠ ᠬᠢᠵᠦ ᠦᠨᠡᠯᠡᠨ ᠵᠢᠱᠢᠵᠦ᠂ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠰᠥᠯ ᠢ ᠳᠤᠷᠠᠳᠤᠨ ᠭᠠᠷᠭᠠᠵᠤ᠂ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃ ᠡᠮᠦᠨᠡᠬᠢ ᠬᠤᠭᠤᠴᠠᠭᠠᠨ ᠳᠤ ᠨᠢᠭᠡᠨᠲᠡ ᠰᠦᠯᠵᠢᠶᠡᠨ ᠳᠤ ᠭᠠᠷᠭᠠᠵᠤ ᠨᠡᠶᠢᠲᠡᠯᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢ ᠵᠥᠪᠰᠢᠶᠡᠷᠡᠬᠦ᠂ ᠳᠥᠭᠦᠮᠬᠡᠨ ᠢᠶᠠᠷ ᠬᠦᠴᠦᠨ ᠦᠭᠡᠢ ᠪᠣᠯᠭᠠᠬᠤ᠂ ᠨᠢᠷᠠᠶᠢᠯᠠᠬᠤ᠂ ᠵᠡᠮᠳᠡᠭᠴᠦᠳ ᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠠᠵᠢᠯᠲᠠᠨ ᠠᠵᠢᠯᠴᠢᠨ ᠤ ᠠᠵᠢᠯ ᠠᠴᠠ ᠪᠠᠨ ᠪᠠᠭᠤᠬᠤ ᠵᠡᠷᠭᠡ 5 ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠵᠦᠢᠯᠡᠰ ᠢ ᠨᠢ ᠤᠯᠠᠮ ᠨᠢᠭᠡ ᠠᠯᠬᠤᠮ ᠥᠷᠭᠡᠳᠬᠡᠨ ᠪᠠᠶᠠᠯᠢᠭᠵᠢᠭᠤᠯᠵᠤ᠂ ᠪᠠᠷᠢᠮᠵᠢᠶ᠎ᠠ ᠶᠢ ᠨᠢ ᠵᠢᠷᠤᠮᠵᠢᠭᠤᠯᠤᠨ᠂ ᠰᠢᠯᠢᠳᠡᠭᠵᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ᠎ᠡ᠃

    2. ︽ᠨᠢᠭᠡ ᠠᠵᠢᠯ ᠶᠠᠪᠤᠳᠠᠯ︾᠎ ᠤᠨ ᠬᠡᠪᠴᠢᠶ᠎ᠡ ᠶᠢ ᠥᠷᠭᠡᠵᠢᠭᠦᠯᠦᠨ ᠤᠷᠲᠤᠳᠬᠠᠨ᠎ᠠ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠠᠬᠤ᠂ ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ ᠴᠠᠬᠢᠯᠭᠠᠨ ᠬᠡᠢ ᠳᠤᠯᠠᠭᠠᠯᠠᠭ᠎ᠠ ᠰᠦᠯᠵᠢᠶ᠎ᠡ ᠶᠢ ᠬᠠᠮᠲᠤᠷᠠᠭᠤᠯᠵᠤ ᠭᠤᠶᠤᠴᠢᠯᠠᠨ ᠮᠡᠳᠡᠭᠦᠯᠵᠦ ᠤᠭᠰᠠᠷᠠᠭᠤᠯᠬᠤ᠂ ᠢᠲᠡᠭᠡᠮᠵᠢ ᠶᠢ ᠰᠡᠷᠭᠦᠭᠡᠨ ᠵᠠᠰᠠᠪᠤᠷᠢᠯᠠᠬᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠦᠶ᠎ᠡ ᠶᠢᠨ ᠲᠣᠭᠲᠠᠭᠠᠯ ᠳᠤ ᠨᠡᠶᠢᠴᠡᠬᠦ ᠮᠡᠳᠡᠭᠡ ᠵᠠᠩᠭᠢ ᠶᠢ ᠬᠢᠨᠠᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ᠂ ᠰᠤᠷᠭᠠᠭᠤᠯᠢ ᠳᠤ ᠰᠠᠭᠤᠵᠤ ᠰᠤᠷᠭᠠᠨ ᠬᠥᠮᠦᠵᠢᠯ ᠭᠦᠷᠲᠡᠬᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ 8 ︽ᠨᠢᠭᠡ ᠠᠵᠢᠯ ᠶᠠᠪᠤᠳᠠᠯ︾᠎ ᠢ ᠨᠢᠭᠡᠳᠬᠡᠨ ᠭᠦᠢᠴᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠭᠠᠵᠠᠷ ᠣᠷᠣᠨ ᠤ ᠣᠨᠴᠠᠯᠢᠭ ᠪᠦᠬᠦᠢ ︽ᠨᠢᠭᠡ ᠠᠵᠢᠯ ᠶᠠᠪᠤᠳᠠᠯ︾᠎ ᠢ ᠥᠷᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ 3 ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾᠎ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠠᠶᠢᠮᠠᠭ ᠬᠤᠲᠠ ᠨᠠᠭᠠᠲᠤ ᠵᠠᠬ᠎ᠠ ᠳᠤ ᠪᠠᠨ 2 ︽ᠨᠢᠭᠡ ᠠᠵᠢᠯ ᠶᠠᠪᠤᠳᠠᠯ︾᠎ ᠢ ᠭᠠᠷᠭᠠᠨ᠎ᠠ᠃ ︽ᠨᠢᠭᠡ ᠠᠵᠢᠯ ᠶᠠᠪᠤᠳᠠᠯ︾᠎ ᠳᠤ ᠥᠭᠡᠷᠡᠴᠢᠯᠡᠯᠲᠡ ᠬᠢᠵᠦ ᠪᠠᠭᠲᠠᠭᠠᠮᠵᠢ ᠶᠢ ᠨᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠣᠨ ᠵᠢᠯ ᠳᠠᠷᠠᠭᠠᠯᠠᠨ ᠪᠦᠯᠦᠭ ᠤᠳᠠᠭ᠎ᠠ ᠬᠤᠪᠢᠶᠠᠵᠤ ᠪᠠᠶᠢᠭᠠᠳ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠᠷ ᠶᠡᠭᠡ᠂ ᠠᠵᠤ ᠠᠬᠤᠶᠢᠯᠠᠯ ᠪᠠ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠰᠠᠶᠢᠨ ᠪᠣᠯᠬᠤᠶᠢᠴᠠ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ ᠰᠤᠨᠳᠠᠯᠠᠭᠰᠠᠨ ᠨᠡᠩ ᠤᠯᠠᠨ ᠵᠦᠢᠯᠡᠰ ᠢ ᠨᠢᠭᠡᠳᠬᠡᠨ ᠭᠦᠢᠴᠡᠳᠬᠡᠬᠦ ᠶᠢ ᠠᠬᠢᠭᠤᠯᠤᠨ᠎ᠠ᠃

    3. ︽ᠨᠢᠭᠡ ᠠᠵᠢᠯ ᠶᠠᠪᠤᠳᠠᠯ︾ ᠭᠦᠢᠴᠡᠳᠬᠡᠬᠦ ᠶᠢ ᠥᠨᠳᠥᠷ ᠪᠦᠲᠦᠮᠵᠢᠲᠡᠶ ᠠᠬᠢᠭᠤᠯᠤᠨ᠎ᠠ᠃ ᠠᠵᠤ ᠠᠬᠤᠶᠢᠯᠠᠯ ᠤᠨ ᠪᠠ ᠬᠤᠪᠢ ᠬᠥᠮᠥᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠠᠯᠤᠰᠯᠠᠨ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠪᠠ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠶᠢ ᠴᠢᠩᠭᠠᠷᠠᠭᠤᠯᠤᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠪᠠᠶᠢᠭᠤᠯᠬᠤ᠂ ᠮᠠᠲ᠋ᠧᠷᠢᠶᠠᠯ ᠢ ᠴᠣᠮᠬᠠᠳᠬᠠᠨ ᠠᠭᠤᠰᠤᠯᠴᠠᠭᠤᠯᠬᠤ ᠶᠢ ᠠᠬᠢᠭᠤᠯᠵᠤ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ ᠬᠡᠷᠡᠭᠯᠡᠵᠦ᠂ ᠨᠢᠭᠡ ᠴᠣᠩᠬᠤᠪᠴᠢ ︵ᠦᠵᠦᠭᠦᠷ︶᠎ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠭᠦᠢᠴᠡᠳᠬᠡᠬᠦ︾᠎ ᠶᠢ ᠪᠡᠶᠡᠯᠡᠭᠦᠯᠦᠨ᠎ᠡ᠃ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠪᠠᠶᠢᠩᠭᠤᠵᠢᠭᠰᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠠᠵᠢᠯ ᠶᠠᠪᠤᠳᠠᠯ ᠪᠣᠯᠭᠠᠨ ᠤ ᠲᠦᠷᠦᠭᠦᠯᠡᠬᠦ ᠨᠢᠭᠡᠴᠢ ᠬᠢᠭᠡᠳ ᠬᠠᠮᠵᠢᠯᠴᠠᠬᠤ ᠨᠢᠭᠡᠴᠢ ᠶᠢ ᠲᠣᠳᠣᠷᠬᠠᠢ ᠲᠣᠭᠲᠠᠭᠠᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠤᠷᠰᠢᠨ ᠬᠥᠳᠡᠯᠦᠯᠴᠡᠬᠦ ᠪᠠᠨ ᠴᠢᠩᠭᠠᠷᠠᠭᠤᠯᠤᠨ᠎ᠠ᠃ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠨᠢ ᠵᠦᠢᠯᠡᠰ ᠳᠠᠷᠠᠭᠠᠯᠠᠨ ᠠᠵᠢᠯ ᠤᠨ ᠲᠥᠰᠥᠯ ᠲᠣᠭᠲᠠᠭᠠᠵᠤ᠂ ᠬᠠᠷᠠᠯᠲᠠᠲᠤ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠢ ᠲᠣᠭᠲᠠᠭᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃

    ︵ᠬᠤᠶᠠᠷ︶ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠰᠢᠪᠲᠤᠯᠤᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠦᠨ᠎ᠡ᠃

    1. ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠰᠢᠪᠲᠤᠯᠤᠯᠲᠠ ᠶᠢᠨ ᠠᠵᠢᠯᠯᠠᠭ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠢᠭᠡᠳᠬᠡᠵᠦ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ︽7 × 24 × ᠴᠠᠭ︾᠎ ᠤᠨ ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ ᠬᠦᠴᠦᠨ ᠤ ᠦᠢᠯᠡᠴᠢᠯᠡᠭᠡᠨ ᠳᠤ ᠵᠠᠯᠭᠠᠬᠤ ᠨᠣᠷᠮ᠎ᠠ ᠨᠢ 60%᠎ ᠠᠴᠠ ᠳᠣᠣᠷ᠎ᠠ ᠪᠠᠶᠢᠬᠤ ᠬᠠᠯᠠᠮᠰᠢᠯ ᠤᠲᠠᠰᠤ ᠶᠢ ᠪᠦᠬᠦᠯᠢ ᠴᠣᠭᠴᠠ ᠪᠠᠷ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠎ ᠳᠤ ᠨᠡᠶᠢᠯᠡᠭᠦᠯᠦᠨ ᠣᠷᠣᠭᠤᠯᠤᠨ᠎ᠠ᠃ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ ᠳᠤ ᠦᠢᠯᠡᠴᠢᠯᠡᠬᠦ ᠲᠤᠰᠬᠠᠢ ᠤᠲᠠᠰᠤ ᠶᠢ ᠰᠦᠪᠡᠭᠴᠢᠯᠡᠨ ᠲᠣᠬᠢᠷᠠᠭᠤᠯᠵᠤ᠂ ᠪᠠᠷᠢᠮᠵᠢᠶᠠᠵᠢᠭᠰᠠᠨ ᠣᠯᠠᠨ ᠨᠡᠶᠢᠲᠡ ᠶᠢᠨ ᠦᠢᠯᠡᠴᠢᠯᠡᠭᠡ ᠪᠠ ᠥᠪᠡᠷᠮᠢᠴᠡ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠎ ᠶᠢ ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ 110᠎ ᠯᠤᠭ᠎ᠠ ᠵᠣᠯᠭᠠᠭᠤᠯᠬᠤ ᠶᠢ ᠰᠢᠯᠢᠳᠡᠭᠵᠢᠭᠦᠯᠵᠦ᠂ ᠴᠠᠭᠳᠠᠭᠠᠨ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠯᠲᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠠᠯᠭᠠᠵᠤ ᠬᠤᠪᠢᠶᠠᠷᠢᠯᠠᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345᠎ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠭᠠᠯᠳᠤᠯᠭ᠎ᠠ ᠰᠠᠨᠠᠭᠤᠯᠭ᠎ᠠ ᠶᠢᠨ ᠲᠣᠭᠲᠠᠯᠴᠠᠭ᠎ᠠ᠂ ︽ᠰᠠᠶᠢᠨ ᠪᠠ ᠠᠨᠠᠢ ᠶᠢ ᠦᠨᠡᠯᠡᠬᠦ︾ ᠲᠣᠭᠲᠠᠯᠴᠠᠭ᠎ᠠ ᠵᠡᠷᠭᠡ ᠲᠤᠬᠠᠶᠢᠯᠠᠭᠰᠠᠨ ᠠᠵᠢᠯ ᠯᠤᠭ᠎ᠠ ᠬᠤᠷᠰᠢᠨ ᠬᠥᠳᠡᠯᠦᠯᠴᠡᠬᠦ ᠪᠠᠨ ᠴᠢᠩᠭᠠᠷᠠᠭᠤᠯᠵᠤ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠭᠤᠨ᠂ ᠣᠶᠤᠨᠯᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠵᠣᠴᠢᠳ ᠲᠤ ᠦᠢᠯᠡᠴᠢᠯᠡᠬᠦ ᠶᠡᠷᠦᠩᠬᠡᠢ ᠤᠲᠠᠰᠤ︾᠎ ᠶᠢ ᠪᠠᠶᠢᠭᠤᠯᠤᠨ᠎ᠠ᠃

    2. ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠬᠤ ᠰᠢᠪᠲᠤᠯᠤᠯᠲᠠ ᠶᠢᠨ ᠠᠵᠢᠯᠯᠠᠭ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠳᠠᠬᠢ ᠨᠢᠭᠡᠳᠦᠯᠲᠡᠢ ᠵᠦᠢᠯᠡᠰ ᠤᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠂ ᠪᠡᠶ᠎ᠡ ᠭᠠᠷᠤᠯ ᠤᠨ ᠭᠡᠷᠡᠴᠢᠯᠡᠯ᠂ ᠡᠯᠧᠺᠲᠷᠣᠨ ᠭᠡᠷᠡᠴᠢ ᠦᠨᠡᠮᠯᠡᠯ᠂ ᠡᠯᠧᠺᠲᠷᠣᠨ ᠲᠠᠮᠠᠭ᠎ᠠ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ᠂ ᠬᠡᠷᠡᠭᠯᠡᠭᠴᠢ ᠶᠢᠨ ᠬᠠᠮᠢᠶᠠᠷᠤᠯᠲᠠ᠂ ᠰᠠᠶᠢᠨ ᠪᠠ ᠠᠨᠠᠢ ᠶᠢᠨ ᠦᠨᠡᠯᠡᠯᠲᠡ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠨᠢᠭᠡᠳᠦᠯᠲᠡᠢ ᠡᠯᠧᠺᠲᠷᠣᠨ ᠭᠡᠷᠡᠴᠢ ᠦᠨᠡᠮᠯᠡᠯ ᠤᠨ ᠬᠥᠮᠥᠷᠭᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠡᠭᠦᠳᠦᠯᠲᠡ ᠶᠢᠨ ᠠᠵᠤ ᠦᠢᠯᠡᠰ ᠲᠤ ᠲᠣᠬᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠭᠠᠵᠠᠷ ᠣᠷᠣᠨ ᠰᠤᠨᠳᠠᠯᠠᠨ ᠰᠠᠯᠠᠭ᠎ᠠ ᠮᠥᠴᠢᠷ ᠠᠯᠤᠰᠯᠠᠵᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠯᠴᠡᠬᠦ ᠶᠢ ᠪᠡᠶᠡᠯᠡᠭᠦᠯᠬᠦ ᠪᠠ ᠬᠡᠷᠡᠭᠯᠡᠭᠡᠨ ᠤ ᠬᠦᠷᠢᠶ᠎ᠡ ᠴᠠᠷᠠᠭ᠎ᠠ ᠪᠠᠨ ᠥᠷᠭᠡᠳᠬᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠭᠦᠨᠵᠡᠭᠡᠢ ᠵᠣᠯᠭᠠᠭᠤᠯᠬᠤ ᠪᠠᠨ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠪᠴᠠᠩ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠤᠭᠤᠷᠣᠨᠳᠤ ᠪᠠᠨ ᠭᠠᠷᠤᠯ ᠬᠢᠷᠢ ᠬᠡᠮ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ ᠪᠠᠶᠢᠭᠰᠠᠨ ᠠᠴᠠ ᠨᠢᠭᠡᠳᠦᠯᠲᠡᠢ ᠭᠡᠷᠡᠴᠢᠯᠡᠬᠦ ᠶᠢ ᠪᠡᠶᠡᠯᠡᠭᠦᠯᠬᠦ ᠲᠡᠶᠢᠰᠢ ᠬᠤᠪᠢᠷᠠᠭᠠᠬᠤ ᠶᠢ ᠠᠬᠢᠭᠤᠯᠤᠨ᠎ᠠ᠃ ᠰᠦᠯᠵᠢᠶ᠎ᠡ ᠪᠠ ᠳ᠋ᠠᠶᠢᠲ᠋ᠠ ᠶᠢᠨ ᠠᠮᠤᠷ ᠲᠦᠪᠰᠢᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠠᠲᠤᠯᠠᠨ᠎ᠠ᠃

    3. ᠳ᠋ᠢᠵᠢᠲ᠋ᠠᠯ ᠮᠡᠷᠭᠡᠵᠢᠯ ᠢᠶᠠᠷ ᠬᠦᠴᠦᠨ ᠴᠢᠳᠠᠮᠵᠢ ᠶᠢ ᠡᠷᠴᠢᠮᠯᠡᠨ ᠴᠢᠩᠭᠠᠷᠠᠭᠤᠯᠬᠤ ᠰᠢᠪᠲᠤᠯᠤᠯᠲᠠ ᠶᠢᠨ ᠠᠵᠢᠯᠯᠠᠭ᠎ᠠ᠃ ᠳ᠋ᠠᠶᠢᠲ᠋ᠠ ᠶᠢ ᠬᠠᠮᠲᠤ ᠳᠤ ᠪᠠᠨ ᠭᠦᠷᠲᠡᠬᠦ ︽ᠭᠤᠷᠪᠠᠨ ᠲᠣᠳᠣᠷᠬᠠᠢ ᠬᠠᠭᠤᠳᠠᠰᠤ ᠨᠢᠭᠡ ᠭᠠᠷᠴᠠᠭ︾᠎ ᠤᠨ ᠲᠣᠭᠲᠠᠴᠠ ᠶᠢ ᠰᠢᠯᠢᠳᠡᠭᠵᠢᠭᠦᠯᠵᠦ᠂ ᠳ᠋ᠠᠶᠢᠲ᠋ᠠ ᠶᠢ ᠥᠨᠳᠥᠷ ᠪᠦᠲᠦᠮᠵᠢᠲᠡᠶ ᠪᠠᠷ ᠬᠠᠮᠲᠤ ᠳᠤ ᠪᠠᠨ ᠭᠦᠷᠲᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠲᠠᠬᠢ ᠬᠠᠮᠢᠶᠠᠷᠤᠯᠲᠠ ᠪᠠᠨ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠠᠰᠢᠭᠯᠠᠬᠤ ᠲᠠᠪᠴᠠᠩ ᠢ ᠪᠠᠶᠢᠭᠤᠯᠤᠨ᠂ ᠤᠯᠤᠰ ᠤᠨ ᠲᠠᠪᠴᠠᠩ ᠯᠤᠭ᠎ᠠ ︽ᠪᠦᠭᠦ ᠲᠠᠯ᠎ᠠ ᠶᠢ ᠪᠦᠭᠦ ᠲᠠᠯ᠎ᠠ ᠳᠤ ᠴᠢᠭᠯᠡᠭᠦᠯᠦᠨ︾ ᠵᠠᠯᠭᠠᠭᠤᠯᠬᠤ ᠶᠢ ᠪᠡᠶᠡᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠡᠷᠡᠭᠴᠡᠭᠡ ᠶᠢ ᠨᠢ ᠦᠨᠳᠦᠰᠦᠯᠡᠵᠦ ᠪᠤᠴᠠᠭᠠᠨ ᠰᠢᠯᠵᠢᠭᠦᠯᠵᠦ᠂ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠪᠡᠶᠡᠯᠡᠭᠦᠯᠦᠨ᠎ᠡ᠃ ︽ᠠᠵᠤ ᠠᠬᠤᠶᠢᠯᠠᠯ ᠪᠦᠷᠢ ᠳᠤ ᠨᠢᠭᠡᠨ ᠲᠠᠩᠰᠠ ᠡᠪᠬᠡᠮᠡᠯ᠂ ᠬᠥᠮᠥᠨ ᠪᠣᠯᠭᠠᠨ ᠳᠤ ᠨᠢᠭᠡᠨ ᠲᠠᠩᠰᠠ ᠡᠪᠬᠡᠮᠡᠯ︾᠎ ᠲᠠᠢ ᠭᠤᠣᠯ ᠰᠡᠳᠦᠪᠲᠦ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ︽ᠨᠡᠪᠲᠡᠷᠬᠡᠢ ᠬᠦᠰᠦᠨᠦᠭᠲᠦ︾᠎ ᠶᠢᠨ ︽ᠨᠢᠭᠡ ᠳ᠋ᠠᠶᠢᠲ᠋ᠠ ᠳᠤ ᠨᠢᠭᠡ ᠡᠬᠢ ᠢᠷᠡᠯᠲᠡ ᠲᠠᠢ ᠪᠥᠭᠡᠳ ᠨᠢᠭᠡᠨ ᠪᠠᠷᠢᠮᠵᠢᠶ᠎ᠠ ᠪᠠᠷ ᠶᠠᠪᠤᠭᠤᠯᠬᠤ︾ ᠵᠢᠴᠢ ᠬᠤᠪᠢ ᠬᠥᠮᠥᠨ ᠤ ᠭᠡᠷ ᠪᠦᠯᠢ ᠶᠢᠨ ᠢᠶᠠᠨ ᠮᠡᠳᠡᠭᠡ ᠵᠠᠩᠭᠢ ᠶᠢ ᠲᠤᠰᠬᠠᠢ ᠦᠢᠯᠡᠴᠢᠯᠡᠭᠡᠨ ᠤ ᠣᠷᠣᠨ ᠵᠠᠢ ᠳᠤ ᠦᠪᠡᠰᠦᠪᠡᠨ ᠡᠵᠡ ᠮᠡᠳᠡᠵᠦ ᠲᠠᠭᠯᠠᠨ ᠮᠡᠳᠡᠭᠦᠯᠬᠦ ᠶᠢ ᠠᠬᠢᠭᠤᠯᠤᠨ ᠪᠡᠶᠡᠯᠡᠭᠦᠯᠦᠨ᠎ᠡ᠃ ᠲᠠᠷᠬᠠᠮᠠᠯ ᠬᠡᠯᠪᠡᠷᠢ ᠶᠢᠨ ᠳ᠋ᠠᠶᠢᠲ᠋ᠠ ᠬᠠᠳᠠᠭᠠᠯᠠᠬᠤ ᠲᠤᠰᠬᠠᠢ ᠣᠷᠣᠨ ᠵᠠᠢ ᠭᠠᠷᠭᠠᠵᠤ᠂ ᠳ᠋ᠠᠶᠢᠲ᠋ᠠ ᠶᠢ ᠭᠦᠢᠯᠭᠡᠭᠡᠬᠦ ᠶᠠᠪᠤᠴᠠ ᠳᠤ ︽ᠬᠡᠷᠡᠭᠯᠡᠬᠦ ᠶᠢᠨ ᠳᠠᠭᠠᠤ ᠳᠤ ᠦᠯᠦ ᠵᠠᠳᠠᠷᠠᠭᠤᠯᠬᠤ︾᠎ ᠶᠢ ᠪᠠᠲᠤᠯᠠᠨ᠂ ᠠᠷᠠᠯᠵᠢᠶᠠᠯᠠᠵᠤ ᠪᠣᠯᠬᠤ ᠲᠤᠭ᠎ᠠ ᠪᠠᠷᠢᠮᠲᠠ ᠶᠢᠨ ᠦᠢᠯᠡᠳᠬᠦᠨ ᠢ ᠤᠯᠠᠮ ᠨᠢᠭᠡ ᠠᠯᠬᠤᠮ ᠪᠤᠢ ᠪᠣᠯᠭᠠᠨ᠎ᠠ᠃

    4. ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠡᠶᠡᠴᠢ ᠣᠶᠢᠯᠠᠭᠠᠯᠲᠠ ᠶᠢ ᠰᠢᠯᠢᠳᠡᠭᠵᠢᠭᠦᠯᠬᠦ ᠰᠢᠪᠲᠤᠯᠤᠯᠲᠠ ᠶᠢᠨ ᠠᠵᠢᠯᠯᠠᠭ᠎ᠠ᠃ ︽ᠮᠡᠳᠡᠭᠳᠡᠵᠦ ᠠᠮᠠᠯᠠᠬᠤ+ ᠮᠠᠲ᠋ᠧᠷᠢᠶᠠᠯ ᠨᠢ ᠳᠤᠲᠠᠭᠤ ᠴᠤ ᠲᠠᠷᠠᠭ᠎ᠠ ᠳᠤ ᠨᠢ ᠨᠥᠬᠦᠵᠦ ᠭᠦᠢᠴᠡᠳᠬᠡᠵᠦ ᠪᠣᠯᠬᠤ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠵᠦ᠂ ᠵᠦᠢᠯᠡᠰ ᠤᠨ ᠲᠣᠳᠣᠷᠬᠠᠢ ᠬᠠᠭᠤᠳᠠᠰᠤ ᠶᠢ ᠲᠣᠳᠣᠷᠬᠠᠢ ᠲᠣᠭᠲᠠᠭᠠᠨ᠂ ᠠᠵᠢᠯ ᠤᠨ ᠵᠢᠷᠤᠮᠵᠢᠯ ᠢ ᠲᠣᠭᠲᠠᠭᠠᠨ ᠨᠡᠶᠢᠲᠡᠯᠡᠵᠦ᠂ ᠠᠮᠠᠯᠠᠯᠲᠠ ᠪᠠ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠬᠦ ᠲᠠᠪᠴᠠᠩ ᠳᠤ ᠠᠯᠬᠤᠮ ᠠᠯᠬᠤᠮ ᠢᠶᠠᠷ ᠳᠠᠮᠵᠢᠭᠤᠯᠤᠨ ᠶᠠᠪᠤᠭᠤᠯᠤᠨ᠎ᠠ᠃ ᠨᠡᠶᠢᠳᠡᠮ ᠭᠦᠢᠴᠡᠳᠬᠡᠬᠦ ᠵᠦᠢᠯᠡᠰ ᠢ ᠡᠮᠬᠢᠯᠡᠨ ᠲᠣᠭᠲᠠᠭᠠᠵᠤ᠂ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ ᠥᠨᠳᠥᠷ ᠳᠠᠪᠲᠠᠮᠵᠢᠲᠤ ᠵᠦᠢᠯᠡᠰ ᠢ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ 2024 ᠣᠨ ᠳᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ 150 ᠰᠢᠨ᠎ᠡ ᠪᠠᠷ ᠨᠡᠮᠡᠭᠳᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ ᠦᠭᠡᠢ ᠪᠠᠷ ᠭᠦᠢᠴᠡᠳᠬᠡᠬᠦ ᠪᠣᠯᠭᠠᠨ ᠠᠬᠢᠭᠤᠯᠵᠤ᠂ ᠭᠤᠶᠤᠴᠢᠯᠠᠬᠤ ᠦᠭᠡᠢ ᠪᠠᠷ ᠭᠦᠢᠴᠡᠳᠬᠡᠬᠦ ᠵᠦᠢᠯᠡᠰ ᠤᠨ ᠲᠣᠳᠣᠷᠬᠠᠢ ᠬᠠᠭᠤᠳᠠᠰᠤ ᠶᠢ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠶᠢᠨ ᠬᠥᠮᠥᠷᠭᠡ ᠶᠢ ᠪᠠᠶᠠᠯᠢᠭᠵᠢᠭᠤᠯᠤᠨ᠂ ᠠᠵᠤ ᠠᠬᠤᠶᠢᠯᠠᠯ ᠪᠠ ᠬᠤᠪᠢ ᠬᠥᠮᠥᠨ ᠳᠤ ᠬᠠᠨᠳᠤᠭᠤᠯᠤᠭᠰᠠᠨ ᠲᠤᠰᠬᠠᠢ ᠬᠠᠷᠢᠶᠠᠨ ᠤ ᠦᠢᠯᠡᠴᠢᠯᠡᠭᠡᠨ ᠤ ᠣᠷᠣᠨ ᠵᠠᠢ ᠪᠠᠷ ᠳᠠᠮᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠣᠯᠠᠨ ᠲᠦᠮᠡᠨ ᠢ ᠨᠠᠷᠢᠯᠢᠭ ᠣᠨᠣᠴᠠᠲᠠᠢ ᠪᠠᠷ ᠲᠣᠬᠢᠷᠠᠯᠴᠠᠭᠤᠯᠤᠨ᠂ ᠲᠥᠷᠥ ᠶᠢᠨ ᠪᠣᠳᠣᠯᠭ᠎ᠠ ᠶᠢ ︽ᠭᠤᠶᠤᠴᠢᠯᠠᠬᠤ ᠦᠭᠡᠢ ᠪᠠᠷ ᠠᠪᠤᠨ ᠭᠦᠷᠲᠡᠬᠦ︾᠂ ᠦᠢᠯᠡᠴᠢᠯᠡᠭᠡ ᠶᠢ ᠨᠠᠷᠢᠯᠢᠭ ᠣᠨᠣᠴᠠᠲᠠᠢ ᠪᠠᠷ ᠰᠢᠭᠤᠳ ᠬᠦᠷᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃

    5. ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠦᠨ ᠠᠬᠢᠭᠤᠯᠬᠤ ᠰᠢᠪᠲᠤᠯᠤᠯᠲᠠ ᠶᠢᠨ ᠠᠵᠢᠯᠯᠠᠭ᠎ᠠ᠃ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠪᠰᠤᠷᠴᠤ ᠣᠷᠣᠯᠠᠨ ᠭᠦᠢᠴᠡᠳᠬᠡᠬᠦ ᠴᠣᠩᠬᠤᠪᠴᠢ ᠳᠤ ᠠᠯᠤᠰ ᠡᠵᠡᠮᠰᠢᠯᠲᠦ ᠦᠢᠯᠡᠴᠢᠯᠡᠭᠡᠨ ᠤ ᠴᠢᠳᠠᠮᠵᠢ ᠶᠢ ᠨᠡᠮᠡᠨ ᠲᠣᠬᠢᠷᠠᠭᠤᠯᠵᠤ᠂ ᠠᠵᠤ ᠠᠬᠤᠶᠢᠯᠠᠯ᠂ ᠤᠯᠠᠨ ᠲᠦᠮᠡᠨ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠤᠯᠠᠨ ᠬᠠᠷᠠᠭᠠᠰᠤ ᠠᠴᠠ ᠬᠠᠩᠭᠠᠵᠤ᠂ ᠣᠨᠴᠠᠭᠠᠢ ᠬᠥᠮᠥᠰ ᠲᠤ ᠪᠠᠷ᠎ᠠ ᠪᠣᠯᠵᠤ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠤᠷᠢᠳ ᠢᠶᠠᠷ ᠭᠦᠢᠴᠡᠳᠬᠡᠬᠦ ᠵᠡᠷᠭᠡ ᠰᠠᠭᠤᠷᠢ ᠪᠠᠲᠤᠯᠠᠭᠠᠲᠤ ᠦᠢᠯᠡᠴᠢᠯᠡᠭᠡ ᠬᠠᠩᠭᠠᠨ᠎ᠠ᠃ ᠤᠰᠤ ᠴᠠᠬᠢᠯᠭᠠᠨ ᠬᠡᠢ ᠳᠤᠯᠠᠭᠠᠯᠠᠭ᠎ᠠ ᠰᠦᠯᠵᠢᠶ᠎ᠡ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠤᠨ ᠥᠨᠳᠥᠷ ᠳᠠᠪᠲᠠᠮᠵᠢᠲᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠵᠠᠯᠭᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ ᠦᠢᠯᠡᠴᠢᠯᠡᠬᠦ ᠲᠤᠰᠬᠠᠢ ᠲᠣᠭᠤᠷᠢᠭ ᠢ ᠪᠠᠶᠢᠭᠤᠯᠵᠤ᠂ ᠨᠢᠭᠡ ᠦᠷᠲᠡᠬᠡᠴᠢᠯᠡᠭᠰᠡᠨ ᠮᠠᠶ᠋ᠢᠭ ᠢᠶᠠᠷ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠣᠯᠠᠨ ᠤᠯᠤᠰ ᠤᠨ ᠠᠷᠠᠯᠵᠢᠶ᠎ᠠ ᠵᠡᠷᠭᠡ ᠴᠢᠨᠠᠷ ᠰᠠᠶᠢᠲᠠᠢ ᠡᠭᠦᠰᠦᠮᠡᠯ ᠦᠢᠯᠡᠴᠢᠯᠡᠭᠡ ᠬᠠᠩᠭᠠᠬᠤ ᠶᠢ ᠰᠦᠪᠡᠭᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠦᠢᠯᠡᠴᠢᠯᠡᠭᠡᠨ ᠤ ᠴᠣᠩᠬᠤᠪᠴᠢ ᠪᠠ ᠥᠪᠡᠰᠦᠪᠡᠨ ᠦᠢᠯᠡᠴᠢᠯᠡᠬᠦ ᠦᠵᠦᠭᠦᠷ ᠤᠨ ᠨᠢᠭᠡᠳᠦᠯᠲᠡᠢ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠵᠤ᠂ ᠨᠡᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠵᠤ ᠠᠬᠤᠶᠢᠯᠠᠯ ᠲᠥᠪᠯᠡᠷᠡᠭᠰᠡᠨ ᠪᠠ ᠬᠥᠮᠥᠨ ᠬᠠᠷ᠎ᠠ ᠣᠯᠠᠨᠲᠠᠢ ᠪᠠᠩᠬᠢ ᠶᠢᠨ ᠲᠣᠣᠷ ᠴᠡᠭ ᠲᠤ ᠣᠷᠣᠭᠤᠯᠬᠤ ᠶᠢ ᠠᠬᠢᠭᠤᠯᠤᠨ᠎ᠠ᠃

    ︵ᠭᠤᠷᠪᠠ︶ ᠳᠦᠷᠢᠮ ᠤᠨ ᠪᠠᠷᠢᠮᠵᠢᠶ᠎ᠠ ᠵᠢᠷᠤᠮᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃

    1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠤᠨ᠎ᠠ᠃ ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ ᠢ ᠦᠨᠳᠦᠰᠦᠯᠡᠵᠦ᠂ ᠲᠤᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠳᠠᠭᠠᠭᠠᠨ ᠵᠠᠯᠭᠠᠯᠳᠤᠭᠤᠯᠬᠤ ᠴᠢᠬᠤᠯᠠᠲᠠᠢ ᠵᠦᠢᠯᠡᠰ ᠢ ᠲᠣᠳᠣᠷᠬᠠᠢ ᠲᠣᠭᠲᠠᠭᠠᠬᠤ ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠥᠪᠡᠰᠦᠪᠡᠨ ᠲᠣᠭᠲᠠᠭᠠᠭᠰᠠᠨ ᠵᠦᠢᠯᠡᠰ ᠢ ᠪᠦᠬᠦ ᠲᠠᠯ᠎ᠠ ᠪᠠᠷ ᠡᠮᠬᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠬᠢ ᠨᠢᠭᠡᠳᠦᠯᠲᠡᠢ ᠬᠠᠮᠢᠶᠠᠷᠤᠯᠲᠠ ᠪᠠᠨ ᠴᠢᠩᠭᠠᠳᠬᠠᠵᠤ᠂ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠳ᠋ᠠᠶᠢᠲ᠋ᠠ ᠶᠢ ᠠᠳᠠᠯᠢ ᠢᠷᠡᠯᠲᠡ ᠲᠠᠢ ᠪᠤᠯᠭᠠᠬᠤ᠂ ᠬᠥᠳᠡᠯᠦᠩᠭᠦᠢ ᠪᠠᠷ ᠰᠢᠨᠡᠳᠬᠡᠬᠦ᠂ ᠬᠤᠯᠪᠤᠭᠠᠯᠠᠨ ᠬᠥᠳᠡᠯᠦᠯᠴᠡᠵᠦ ᠬᠠᠮᠢᠶᠠᠷᠤᠯᠲᠠ ᠬᠢᠬᠦ ᠶᠢ ᠪᠡᠶᠡᠯᠡᠭᠦᠯᠦᠨ᠎ᠡ᠃ ︽ᠶᠢᠰᠦ ᠶᠢ ᠳᠥᠷᠪᠡᠨ ᠱᠠᠲᠤᠨ ᠳᠤ ᠨᠢᠭᠡᠳᠬᠡᠬᠦ︾ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠲᠣᠰ ᠰᠢᠰᠲ᠋ᠧᠮ ᠤᠨ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠦᠷᠦᠭᠦᠯᠡᠨ ᠡᠮᠬᠢᠯᠡᠭᠦᠯᠵᠦ᠂ 2024 ᠣᠨ ᠤ ᠰᠡᠭᠦᠯᠴᠢ ᠠᠴᠠ ᠡᠮᠦᠨ᠎ᠡ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃

    2. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ︶᠎ ᠤᠨ ᠦᠢᠯᠡᠴᠢᠯᠡᠭᠡᠨ ᠤ ᠲᠥᠪ ︵ᠥᠷᠲᠡᠭᠡ︶᠎ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠡᠵᠡᠩᠨᠡᠨ ᠠᠵᠢᠯᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠬᠠᠭᠠᠯᠭ᠎ᠠ ᠶᠢ ᠲᠣᠭᠰᠢᠵᠤ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠢ ᠠᠬᠢᠭᠤᠯᠵᠤ᠂ ᠣᠨᠴᠠᠭᠠᠶ ᠪᠠᠶᠢᠳᠠᠯ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠩ ᠣᠯᠠᠨ ᠥᠨᠳᠥᠷ ᠳᠠᠪᠲᠠᠮᠵᠢᠲᠤ ᠵᠦᠢᠯᠡᠰ ᠢ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ 2024 ᠣᠨ ᠤ ᠰᠡᠭᠦᠯᠴᠢ ᠠᠴᠠ ᠡᠮᠦᠨ᠎ᠡ᠂ ᠬᠡᠪ ᠳᠠᠭᠤᠷᠢᠶᠠᠯ ᠪᠣᠯᠬᠤᠶᠢᠴᠠ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶᠎ ᠢ 36᠂ ᠪᠠᠷᠢᠮᠵᠢᠶᠠᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ 24 ᠪᠠᠶᠢᠭᠤᠯᠤᠨ᠎ᠠ᠃

    3. ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ︵ᠠᠷᠠᠳ ᠲᠤ ᠲᠥᠬᠦᠮ ᠦᠵᠡᠭᠦᠯᠬᠦ︶᠎ ᠤᠨ ᠦᠢᠯᠡᠴᠢᠯᠡᠭᠡᠨ ᠤ ᠲᠥᠪ ᠢᠶᠠᠷ ᠭᠤᠣᠯ ᠴᠣᠭᠴᠠ ᠪᠣᠯᠭᠠᠭᠰᠠᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ︵ᠴᠡᠭ︶᠎ ᠪᠠᠷ ᠤᠷᠲᠤᠳᠬᠠᠨ ᠨᠥᠬᠦᠪᠦᠷᠢᠯᠡᠬᠦ ᠲᠠᠪᠤᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠳ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠠᠰᠠᠭ ᠵᠠᠬᠢᠷᠭᠠᠨ ᠤ ᠠᠯᠪᠠᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠰᠦᠪᠡᠭᠴᠢᠯᠡᠨ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢ ᠠᠯᠬᠤᠮ ᠠᠯᠬᠤᠮ ᠢᠶᠠᠷ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ ᠲᠡᠶᠢᠰᠢ ᠬᠥᠭᠵᠢᠨ ᠳᠡᠪᠰᠢᠭᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠷᠠᠭᠤᠯᠵᠤ᠂ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠲᠣᠭᠲᠠᠯᠴᠠᠭ᠎ᠠ ᠶᠢ ᠪᠠᠶᠢᠭᠤᠯᠵᠤ᠂ ᠬᠡᠳᠡᠷᠭᠡᠨ ᠰᠢᠬᠠᠮᠳᠠᠭᠤᠯᠵᠤ ᠪᠠᠶᠢᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠡᠬᠡᠭᠰᠢᠯᠡᠬᠦᠯᠦᠨ᠎ᠡ᠃

     ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ

    ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ ᠪᠠᠶᠢᠷᠢ ᠲᠦᠪᠰᠢᠨ ᠢᠶᠠᠷ ᠠᠬᠢᠭᠤᠯᠵᠤ᠂ ᠦᠨᠡᠨ ᠬᠦ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾᠎ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠯᠴᠠᠭ᠎ᠠ ᠳᠤ ᠣᠷᠣᠭᠤᠯᠬᠤ ᠶᠢᠨ ᠬᠠᠮᠲᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠭᠠᠨ ᠦᠨᠡᠯᠡᠬᠦ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃

    ︵ᠬᠤᠶᠠᠷ︶ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠲᠦᠷᠦᠯ ᠢᠶᠠᠷ ᠢᠶᠠᠨ ᠬᠤᠯᠪᠤᠭᠠᠯᠠᠨ ᠬᠥᠳᠡᠯᠦᠯᠴᠡᠬᠦ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠰᠢᠮᠳᠠᠭᠤᠯᠤᠨ ᠪᠠᠶᠢᠴᠠᠭᠠᠬᠤ ᠠᠵᠢᠯ ᠢ ᠴᠠᠭ ᠲᠤ ᠨᠢ ᠲᠣᠬᠢᠷᠠᠭᠤᠯᠤᠨ ᠥᠷᠨᠢᠭᠦᠯᠵᠦ᠂ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠨ᠎ᠡ᠃

    ︵ᠭᠤᠷᠪᠠ︶ ᠤᠬᠠᠭᠤᠯᠤᠨ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠤᠬᠠᠭᠤᠯᠤᠨ ᠲᠠᠨᠢᠯᠴᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ ᠬᠡᠯᠡᠯᠴᠡᠭᠡᠨ ᠤ ᠬᠥᠲᠥᠯᠥᠮᠵᠢ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠤ ᠪᠣᠳᠠᠲᠠᠢ ᠠᠴᠠ ᠪᠠᠨ ᠡᠭᠦᠰᠴᠦ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠵᠣᠷᠢᠭᠲᠠᠢ ᠪᠠᠷ ᠬᠠᠶᠢᠨ ᠰᠦᠪᠡᠭᠴᠢᠯᠡᠬᠦ᠂ ᠥᠭᠡᠷᠡᠴᠢᠯᠡᠯᠲᠡ ᠶᠢᠨ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ᠂ ᠨᠡᠶᠢᠲᠡᠯᠢᠭ ᠵᠢᠱᠢᠶ᠎ᠡ ᠪᠠ ᠠᠮᠵᠢᠯᠲᠠ ᠣᠯᠣᠭᠰᠠᠨ ᠠᠷᠭ᠎ᠠ ᠬᠢᠳᠡᠯ ᠢ ᠶᠡᠭᠡ ᠪᠠᠷ ᠳᠡᠯᠭᠡᠷᠡᠭᠦᠯᠬᠦ ᠶᠢ ᠵᠣᠷᠢᠭᠵᠢᠭᠤᠯᠤᠨ᠎ᠠ᠃

    ᠳᠠᠭᠠᠯᠳᠤᠭᠤᠯᠤᠯ᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠨᠳᠥᠷ ᠪᠦᠳᠦᠮᠵᠢᠳᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ

1.jpg

2.jpg

3.jpg

 

2024 ᠣᠨ ᠤ 4 ᠳ᠋ᠦ᠋ᠭᠡᠷ ᠰᠠᠷ᠎ᠠ ᠶᠢᠨ 29᠎ ᠤ ᠡᠳᠦᠷ

 

    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ