|
ᠰᠢ ᠶᠢᠨ ᠫᠢᠩ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠪᠠ |
|
|
ᠨᠡᠶᠢᠲᠡᠯᠡᠭᠰᠡᠨ ᠴᠠᠭ᠄
2024/11/14
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 13 ᠤ ᠴᠠᠬᠢᠯᠭᠠᠨ ᠮᠡᠳᠡᠭᠡ 11 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠡ ᠨᠠᠶᠢᠷᠠᠮᠳᠠᠬᠤ ᠫᠧᠷᠦ᠋ ᠤᠯᠤᠰ ᠤᠨ ᠶᠡᠷᠦᠩᠬᠡᠶᠢᠯᠡᠭᠴᠢ ᠪᠦᠷᠤ᠋ ᠊ ᠠᠷᠲ᠋ᠧ ᠶᠢᠨ ᠤᠷᠢᠯᠭ᠎ᠠ ᠪᠠᠷ᠂ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠰᠬᠠᠢ ᠨᠢᠰᠬᠡᠯ ᠢᠶᠠᠷ ᠪᠡᠭᠡᠵᠢᠩ ᠠᠴᠠ ᠮᠣᠷᠳᠠᠪᠠ᠃ ᠰᠢ ᠶᠢᠨ ᠫᠢᠩ ᠳᠤ ᠪᠠᠷ᠎ᠠ ᠪᠣᠯᠵᠤ ᠠᠶᠢᠯᠴᠢᠯᠠᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠣᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|