ᠥᠪᠡᠷᠲᠡᠭᠡᠨ ᠵᠠᠰᠠᠬᠤ ᠣᠷᠣᠨ ᠤ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/14

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

                  ᠥᠪᠥᠷ ᠵᠠᠰᠠᠭ ᠲᠠᠷᠬᠠᠭᠠᠭᠰᠠᠨ 〔2024〕 17 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

       ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ︾᠎ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

       

                                               2024 ᠣᠨ ᠤ 5 ᠳ᠋ᠤᠭᠠᠷ ᠰᠠᠷ᠎ᠠ ᠶᠢᠨ14᠎ ᠤ ᠡᠳᠦᠷ    

       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ

      ︽︿ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ﹀᠎ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ ︾ ︵ᠲᠥᠷᠥ ᠲᠠᠷᠬᠠᠭᠠᠭᠰᠠᠨ 〔2023〕 24 ᠳ᠋ᠦ᠋ᠭᠡᠷ ᠲᠣᠭᠠᠲᠤ ︶ ᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠰᠢᠨ ᠂ ᠴᠡᠩᠬᠡᠷ ᠣᠭᠲᠠᠷᠭᠤᠢ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠠᠵᠢᠯ ᠤᠨ ᠪᠣᠳᠠᠲᠠᠢ ᠲᠠᠢ ᠤᠶᠠᠯᠳᠤᠭᠤᠯᠤᠨ ᠂ ᠲᠣᠰ ᠲᠥᠰᠥᠯ ᠢ ᠲᠣᠭᠲᠠᠭᠠᠪᠠ ᠃

      ᠨᠢᠭᠡ ᠂ ᠶᠡᠷᠦᠩᠬᠡᠢ ᠱᠠᠭᠠᠷᠳᠠᠯᠭ᠎ᠠ

      ︵ᠨᠢᠭᠡ ︶ ᠭᠤᠣᠯᠳᠠᠯᠭ᠎ᠠ ᠪᠣᠯᠬᠤ ᠣᠷᠣᠨ ᠪᠦᠰᠡ ᠃ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠂ ᠬᠤᠲᠣᠩ ᠠᠷᠠᠳ ᠤᠨ ᠲᠣᠭᠤᠷᠢᠭ ᠂ ᠢᠦᠢ ᠴᠢᠦᠸᠠᠨ ᠲᠣᠭᠤᠷᠢᠭ ᠂ ᠰᠠᠶᠢᠬᠠᠨ ᠲᠣᠭᠤᠷᠢᠭ ᠂ ᠲᠦᠮᠡᠳ ᠵᠡᠭᠦᠨ ᠬᠤᠰᠢᠭᠤ ᠂ ᠲᠣᠭᠲᠠᠬᠤ ᠰᠢᠶᠠᠨ ᠂ ᠬᠤᠷᠢᠨᠭᠡᠷ ᠰᠢᠶᠠᠨ ᠂ ᠴᠢᠩ ᠱᠦᠢ ᠾᠧ ᠰᠢᠶᠠᠨ ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠂ ᠬᠥᠨᠳᠡᠯᠡᠨ ᠲᠣᠭᠤᠷᠢᠭ ᠂ ᠴᠢᠩᠱᠠᠨ ᠲᠣᠭᠤᠷᠢᠭ ᠂ ᠵᠢᠦᠶᠤᠸᠠᠨ ᠲᠣᠭᠤᠷᠢᠭ ᠂ ᠲᠦᠮᠡᠳ ᠪᠠᠷᠠᠭᠤᠨ ᠬᠤᠰᠢᠭᠤ ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠂ ᠨᠢᠩᠴᠧᠩ ᠰᠢᠶᠠᠨ ᠂ ᠣᠷᠳᠣᠰ ᠬᠤᠲᠠ ᠶᠢᠨ ᠵᠡᠭᠦᠨᠭᠠᠷ ᠬᠤᠰᠢᠭᠤ ᠂ ᠳᠠᠯᠠᠳ ᠬᠤᠰᠢᠭᠤ ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠂ ᠤᠷᠠᠳ ᠤᠨ ᠡᠮᠦᠨᠡᠲᠦ ᠬᠤᠰᠢᠭᠤ ᠂ ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠃

      ︵ᠬᠤᠶᠠᠷ ︶ ᠭᠤᠣᠯ ᠬᠠᠷᠠᠯᠲᠠ ᠃ 2025 ᠣᠨ ᠪᠣᠯᠬᠤ ᠳᠤ ᠂ ᠪᠥᠬᠦ ᠣᠷᠣᠨ ᠤ ᠨᠠᠷᠢᠨ ᠮᠥᠬᠦᠯᠢᠭᠲᠦ ᠡᠳ᠋ ︵PM2.5 ︶᠎ ᠤᠨ ᠥᠳᠬᠡᠴᠡ ᠶᠢ 2020 ᠣᠨ ᠤ ᠬᠢ ᠠᠴᠠ 7.1% ᠪᠠᠭᠤᠷᠠᠭᠤᠯᠵᠤ ᠂ ᠴᠡᠪᠡᠷ ᠰᠠᠶᠢᠨ ᠠᠭᠠᠷ ᠲᠠᠢ ᠡᠳᠦᠷ ᠤᠨ ᠠᠳᠠᠯᠢᠳᠬᠠᠮᠵᠢ ᠶᠢ 90.7%᠎ ᠠᠴᠠ ᠳᠡᠭᠡᠭᠰᠢ ᠪᠣᠯᠭᠠᠨ ᠂ ᠬᠦᠨᠳᠦ ᠪᠣᠬᠢᠷᠲᠤᠭᠰᠠᠨ ᠵᠢᠴᠢ ᠲᠡᠭᠦᠨ ᠠᠴᠠ ᠳᠡᠭᠡᠭᠰᠢ ᠪᠣᠬᠢᠷᠲᠤᠭᠰᠠᠨ ᠡᠳᠦᠷ ᠤᠨ ᠠᠳᠠᠯᠢᠳᠬᠠᠮᠵᠢ ᠶᠢ 0.5%᠎ ᠶᠢᠨ ᠳᠣᠲᠣᠷ᠎ᠠ ᠬᠢᠵᠠᠭᠠᠷᠯᠠᠨ᠎ᠠ ︔ ᠠᠽᠣᠲ ᠤᠨ ᠢᠰᠦᠮᠡᠭ ᠂  ᠠᠭᠤᠷᠰᠢᠬᠤ ᠴᠢᠨᠠᠷᠲᠠᠢ ᠣᠷᠭᠠᠨᠢᠭ ᠪᠣᠳᠠᠰ ︵VOCs ︶‍ᠷ᠎ ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 10%᠎ ᠠᠴᠠ ᠳᠡᠭᠡᠭᠰᠢ ᠪᠠᠭᠤᠷᠠᠭᠤᠯᠤᠨ᠎ᠠ ᠃ ᠦᠬᠠᠢ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ PM2.5 ᠂ ᠮᠥᠬᠦᠯᠢᠭᠲᠦ ᠡᠳ᠋ ︵PM10 ︶᠎ ᠤᠨ ᠥᠳᠬᠡᠴᠡ ᠶᠢ 2020 ᠣᠨ ᠤ ᠬᠢ ᠠᠴᠠ ᠲᠤᠰ ᠲᠤᠰ 12.6% ᠂ 10.5% ᠪᠠᠭᠤᠷᠠᠭᠤᠯᠵᠤ ᠂ ᠴᠡᠪᠡᠷ ᠰᠠᠶᠢᠨ ᠠᠭᠠᠷ ᠲᠠᠢ ᠡᠳᠦᠷ ᠤᠨ ᠠᠳᠠᠯᠢᠳᠬᠠᠮᠵᠢ ᠶᠢ 82.8%᠎ ᠠᠴᠠ ᠳᠡᠭᠡᠭᠰᠢ ᠪᠣᠯᠭᠠᠨ ᠂ ᠬᠦᠨᠳᠦ ᠪᠣᠬᠢᠷᠲᠤᠭᠰᠠᠨ ᠵᠢᠴᠢ ᠲᠡᠭᠦᠨ ᠠᠴᠠ ᠳᠡᠭᠡᠭᠰᠢ ᠪᠣᠬᠢᠷᠲᠤᠭᠰᠠᠨ ᠡᠳᠦᠷ ᠤᠨ ᠠᠳᠠᠯᠢᠳᠬᠠᠮᠵᠢ ᠶᠢ 0.2%᠎ ᠤᠨ ᠳᠣᠲᠣᠷ᠎ᠠ ᠬᠢᠵᠠᠭᠠᠷᠯᠠᠨ᠎ᠠ ᠃

      ᠬᠤᠶᠠᠷ ᠂ ᠠᠵᠤ ᠦᠢᠯᠡᠰ ᠤᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ

      ︵ᠭᠤᠷᠪᠠ ︶ ᠠᠵᠤ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠴᠡᠪᠡᠷ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠬᠡᠷᠡᠭᠯᠡᠨ᠎ᠡ ᠃ ᠴᠠᠬᠢᠯᠭᠠᠨ ᠬᠦᠴᠦᠨ ᠪᠠ ᠢᠯᠴᠢ ᠶᠢᠨ ᠬᠦᠴᠦᠨ ᠤ ᠦᠢᠯᠡᠳᠪᠦᠷᠢᠯᠡᠯ ᠬᠠᠩᠭᠠᠯᠭ᠎ᠠ ᠶᠢᠨ ᠠᠵᠢᠯ ᠲᠥᠷᠥᠯ ᠠᠴᠠ ᠭᠠᠳᠠᠨ᠎ᠠ ᠂ ᠦᠢᠯᠡᠳᠪᠦᠷᠢᠯᠡᠬᠦ ᠴᠢᠳᠠᠮᠵᠢ ᠶᠢ ᠰᠣᠯᠢᠬᠤ ᠳᠤ ᠬᠤᠯᠪᠣᠭᠳᠠᠭᠰᠠᠨ ᠪᠤᠰᠤᠳ ᠲᠥᠷᠥᠯ ᠵᠦᠢᠯ ᠤᠨ ᠰᠣᠯᠢᠭᠳᠠᠭᠰᠠᠨ ᠦᠢᠯᠡᠳᠪᠦᠷᠢᠯᠡᠬᠦ ᠴᠢᠳᠠᠮᠵᠢ ᠵᠢᠴᠢ ᠲᠥᠬᠦᠷ ᠪᠡᠯᠡᠳᠬᠡᠮᠵᠢ ᠶᠢ ᠨᠢ ᠬᠠᠭᠠᠵᠤ ᠵᠣᠭᠰᠣᠭᠠᠭᠰᠠᠨ ᠤ ᠳᠠᠷᠠᠭ᠎ᠠ ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠢᠶᠠᠨ ᠠᠰᠢᠭᠯᠠᠯᠲᠠ ᠳᠤ ᠣᠷᠣᠭᠤᠯᠵᠤ ᠪᠣᠯᠣᠨ᠎ᠠ ᠃ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠪᠠᠨ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ ᠂ ᠪᠣᠯᠣᠳ ᠲᠡᠮᠦᠷ ᠂ ᠬᠡᠦᠷᠰᠢᠭᠦᠯᠬᠦ ᠂ ᠰᠢᠲᠠᠭᠠᠨ ᠪᠠᠷᠢᠯᠳᠤᠭᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠷᠢᠰᠢᠭᠤᠯᠤᠯᠲᠠ ᠶᠢ ᠬᠡᠷᠡᠭᠵᠢᠭᠦᠯᠦᠨ ᠂ ᠬᠡᠦᠷᠰᠢᠭᠦᠯᠬᠦ ᠠᠵᠤ ᠦᠢᠯᠡᠰ ᠤᠨ ᠬᠡᠯᠬᠢᠶ᠎ᠡ ᠪᠠᠨ ᠳᠣᠣᠷᠠᠳᠤ ᠬᠡᠯᠬᠢᠶᠡᠨ ᠤ ᠳᠡᠭᠡᠳᠦ ᠨᠡᠮᠡᠯᠲᠡ ᠥᠷᠲᠡᠭ ᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠲᠡᠶᠢᠰᠢ ᠤᠷᠲᠤᠳᠬᠠᠬᠤ ᠶᠢ ᠠᠬᠢᠭᠤᠯᠤᠨ᠎ᠠ ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠬᠤᠴᠣᠷᠤᠩᠭᠤᠢ ᠦᠢᠯᠡᠳᠪᠦᠷᠢᠯᠡᠬᠦ ᠴᠢᠳᠠᠮᠵᠢ ᠶᠢ ᠬᠠᠤᠯᠢ ᠲᠣᠭᠲᠠᠭᠠᠯ ᠶᠣᠰᠣᠭᠠᠷ ᠪᠤᠴᠠᠭᠠᠨ ᠭᠠᠷᠭᠠᠬᠤ ᠬᠡᠷᠡᠭᠲᠡᠢ ᠃ ᠱᠦᠢᠨᠢ ᠶᠢ ᠬᠥᠭ ᠢ ᠨᠢ ᠥᠩᠭᠡᠷᠡᠭᠦᠯᠦᠨ ᠪᠠᠶᠢᠩᠭᠤᠰᠢᠭᠤᠯᠵᠤ ᠦᠢᠯᠡᠳᠪᠦᠷᠢᠯᠡᠬᠦ ᠶᠢ ᠨᠠᠶᠢᠳᠠᠪᠤᠷᠢᠵᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠤᠨ᠎ᠠ ᠃ ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ ᠂ ᠬᠤᠳᠡ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠂ ᠳᠡᠬᠢᠵᠦ ᠵᠢᠭᠰᠠᠭᠠᠬᠤ ᠦᠭᠡᠢ ︶

      ︵ᠳᠥᠷᠪᠡ ︶ ᠤᠯᠠᠮᠵᠢᠯᠠᠯᠲᠤ ᠠᠵᠤ ᠦᠢᠯᠡᠰ ᠤᠨ ᠪᠦᠯᠦᠭᠵᠢᠯ ᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠶᠢ ᠥᠷᠨᠢᠭᠦᠯᠦᠨ᠎ᠡ ᠃ ᠣᠳᠣ ᠪᠠᠶᠢᠭ᠎ᠠ ᠠᠵᠤ ᠦᠢᠯᠡᠰ ᠤᠨ ᠪᠦᠯᠦᠭᠵᠢᠯ ᠳᠤ ︽ᠨᠢᠭᠡ ᠠᠵᠤ ᠦᠢᠯᠡᠰ ᠤᠨ ᠪᠦᠯᠦᠭᠵᠢᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ᠂ ᠲᠥᠷᠥᠯ ᠬᠤᠪᠢᠶᠠᠨ ᠵᠠᠰᠠᠬᠤ ︾ ᠵᠠᠷᠴᠢᠮ ᠶᠣᠰᠣᠭᠠᠷ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠰᠥᠯ ᠢ ᠲᠣᠭᠲᠠᠭᠠᠵᠤ ᠂ 2027 ᠣᠨ ᠤ ᠰᠡᠭᠦᠯᠴᠢ ᠠᠴᠠ ᠡᠮᠦᠨ᠎ᠡ ᠴᠡᠭᠴᠡᠯᠡᠨ ᠵᠠᠰᠠᠬᠤ ᠶᠢ ᠦᠨᠳᠦᠰᠦᠨ ᠳᠤ ᠪᠠᠨ ᠪᠡᠶᠡᠯᠡᠭᠦᠯᠬᠦ ᠬᠡᠷᠡᠭᠲᠡᠢ ᠃ ᠳᠤᠮᠳᠠ ᠵᠢᠵᠢᠭ ᠬᠡᠯᠪᠡᠷᠢ ᠶᠢᠨ ᠤᠯᠠᠮᠵᠢᠯᠠᠯᠲᠤ ᠦᠢᠯᠡᠳᠬᠦ ᠦᠢᠯᠡᠰ ᠤᠨ ᠠᠵᠤ ᠠᠬᠤᠶᠢᠯᠠᠯ ᠲᠥᠪᠯᠡᠷᠡᠵᠦ ᠪᠠᠶᠢᠭ᠎ᠠ ᠠᠶᠢᠮᠠᠭ ᠬᠤᠲᠠ ᠨᠤᠭᠤᠳ ᠠᠭᠠᠷ ᠮᠠᠨᠳᠠᠯ ᠳᠤ ᠬᠤᠯᠪᠣᠭᠳᠠᠬᠤ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠴᠢᠩᠳᠠᠯᠠᠵᠤ ᠂ ᠪᠣᠬᠢᠷᠲᠤᠯ ᠤᠨ ᠬᠥᠳᠡᠭᠡ ᠲᠣᠰᠬᠤᠨ ᠲᠡᠶᠢᠰᠢ ᠰᠢᠯᠵᠢᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠠᠵᠤ ᠦᠢᠯᠡᠰ ᠤᠨ ᠪᠦᠯᠦᠭᠵᠢᠯ ᠤᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ ᠪᠠᠶᠢᠭᠠᠳ ᠲᠥᠪᠯᠡᠷᠡᠭᠦᠯᠦᠨ ᠢᠯᠴᠢ ᠬᠠᠩᠭᠠᠬᠤ ᠂ ᠠᠭᠤᠷ ᠬᠠᠩᠭᠠᠬᠤ ᠂ ᠢᠳᠡᠪᠬᠢᠵᠢᠭᠦᠯᠦᠭᠰᠡᠨ ᠨᠡᠭᠦᠷᠡᠰᠦ ᠶᠢ ᠳᠠᠬᠢᠨᠲᠠ ᠡᠭᠦᠰᠬᠡᠬᠦ ᠵᠡᠷᠭᠡ ᠲᠥᠪ ᠢ ᠪᠦᠲᠦᠭᠡᠨ ᠪᠠᠶᠢᠭᠤᠯᠬᠤ ᠬᠡᠷᠡᠭᠲᠡᠢ ᠃ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠠ ᠪᠣᠬᠢᠷᠲᠤᠯ ᠶᠡᠬᠡᠲᠡᠢ ︾ ᠠᠵᠤ ᠠᠬᠤᠶᠢᠯᠠᠯ ᠤᠨ ᠪᠤᠴᠠᠭᠠᠳ ᠢᠯᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠲᠠᠪᠤ ︶ VOCs‍ᠰ ᠎ ᠤᠨ ᠠᠭᠤᠯᠤᠭᠳᠠᠴᠠ  ᠳᠣᠣᠷ᠎ᠠ ︵ᠦᠭᠡᠢ ︶ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠶᠢ ᠲᠦᠷᠭᠡᠳᠬᠡᠨ ᠬᠡᠷᠡᠭᠵᠢᠭᠦᠯᠦᠨ᠎ᠡ ᠃ VOCs‍ᠰ᠎ ᠤᠨ ᠠᠭᠤᠯᠤᠭᠳᠠᠴᠠ ᠶᠡᠬᠡᠲᠡᠢ ᠰᠢᠷ ᠪᠤᠳᠤᠭ ᠂ ᠲᠣᠰᠣᠨ ᠪᠡᠭᠡ ᠂ ᠨᠠᠭᠠᠯᠲᠠ ᠶᠢᠨ ᠡᠳ᠋ ᠂ ᠴᠡᠪᠡᠷᠯᠡᠨ ᠤᠬᠢᠶᠠᠬᠤ ᠡᠳ᠋ ᠵᠡᠷᠭᠡ ᠶᠢ ᠦᠢᠯᠡᠳᠪᠦᠷᠢᠯᠡᠬᠦ ᠪᠠ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠵᠠᠭᠠᠷᠯᠠᠵᠤ ᠂ ᠣᠳᠣ ᠶᠢᠨ ᠡᠳᠡᠭᠡᠷ ᠢ ᠬᠡᠷᠡᠭᠯᠡᠵᠦ ᠪᠠᠶᠢᠭ᠎ᠠ ᠠᠵᠤ ᠠᠬᠤᠶᠢᠯᠠᠯ ᠳᠤ VOCs‍ᠰ᠎ ᠤᠨ ᠠᠭᠤᠯᠤᠭᠳᠠᠴᠠ ᠳᠣᠣᠷ᠎ᠠ ︵ᠦᠭᠡᠢ ︶ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ ᠂ ᠭᠤᠣᠯᠳᠠᠯᠭ᠎ᠠ ᠪᠣᠯᠬᠤ ᠣᠷᠣᠨ ᠪᠦᠰᠡ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠷᠡᠭᠯᠡᠬᠦ ᠬᠠᠷᠢᠴᠠᠯ ᠢ ᠨᠢ ᠨᠡᠮᠡᠭᠳᠡᠭᠦᠯᠬᠦ ᠬᠡᠷᠡᠭᠲᠡᠢ ᠃  VOCs‍ᠰ᠎ ᠤᠨ ᠠᠭᠤᠯᠤᠭᠳᠠᠴᠠ ᠳᠣᠣᠷ᠎ᠠ ︵ᠦᠭᠡᠢ ︶ ᠰᠢᠷ ᠪᠤᠳᠤᠭ ᠪᠠ ᠨᠠᠭᠠᠯᠲᠠ ᠶᠢᠨ ᠡᠳ᠋ ᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠳᠤ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠨ᠎ᠡ ᠂ ᠭᠡᠷ ᠳᠣᠲᠣᠷᠠᠬᠢ ᠭᠠᠵᠠᠷ ᠳᠡᠪᠢᠰᠬᠦ ᠰᠢᠷᠳᠡᠬᠦ ᠠᠵᠢᠯ ᠂ ᠭᠡᠷ ᠤᠨ ᠭᠠᠳᠠᠨᠠᠬᠢ ᠪᠠᠷᠢᠯᠭ᠎ᠠ ᠶᠢᠨ ᠬᠠᠮᠠᠭᠠᠯᠠᠯᠲᠠ ᠪᠠ ᠬᠤᠲᠠ ᠶᠢᠨ ᠵᠠᠮ ᠬᠠᠷᠢᠯᠴᠠᠭᠠᠨ ᠤ ᠲᠡᠮᠳᠡᠭ ᠲᠤ ᠣᠨᠴᠠᠭᠠᠢ ᠴᠢᠳᠠᠮᠵᠢ ᠶᠢᠨ ᠱᠠᠭᠠᠷᠳᠠᠯᠭ᠎ᠠ ᠲᠠᠢ ᠠᠴᠠ ᠪᠤᠰᠤᠳ ᠲᠤ ᠨᠢ ᠦᠨᠳᠦᠰᠦᠨ ᠳᠤ ᠪᠠᠨ VOCs‍ᠰ᠎ ᠤᠨ ᠠᠭᠤᠯᠤᠭᠳᠠᠴᠠ ᠳᠣᠣᠷ᠎ᠠ ︵ᠦᠭᠡᠢ ︶ ᠰᠢᠷ ᠪᠤᠳᠤᠭ ᠢ ᠬᠡᠷᠡᠭᠯᠡᠬᠦ ᠬᠡᠷᠡᠭᠲᠡᠢ ᠃ 2025 ᠣᠨ ᠪᠣᠯᠬᠤ ᠳᠤ ᠂ ᠠᠵᠤ ᠦᠢᠯᠡᠳᠪᠦᠷᠢ ᠶᠢᠨ ᠠᠭᠤᠰᠬᠠᠮᠠᠯ ᠰᠢᠷ ᠪᠤᠳᠤᠭ ᠂ ᠲᠣᠰᠣᠨ ᠪᠡᠭᠡ ᠶᠢᠨ ᠬᠡᠷᠡᠭᠯᠡᠬᠦ ᠬᠠᠷᠢᠴᠠᠯ ᠢ 2020 ᠣᠨ ᠤ ᠬᠢ ᠠᠴᠠ ᠲᠣᠰ ᠲᠣᠰ 20 ᠵᠠᠭᠤᠨ ᠤ ᠴᠡᠭ ᠪᠠ 10 ᠵᠠᠭᠤᠨ ᠤ ᠴᠡᠭ ᠪᠠᠭᠤᠷᠠᠭᠤᠯᠵᠤ ᠂ ᠠᠭᠤᠰᠬᠠᠮᠠᠯ ᠨᠠᠭᠠᠯᠲᠠ ᠶᠢᠨ ᠡᠳ᠋ ᠤᠨ ᠬᠡᠷᠡᠭᠯᠡᠬᠦ ᠬᠡᠮᠵᠢᠶ᠎ᠡ ᠶᠢ 20% ᠪᠠᠭᠤᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠭᠤᠷᠪᠠ ᠂ ᠡᠨᠧᠷᠭᠢ ᠶᠢᠨ ᠠᠷᠢᠭᠤᠨ ᠴᠡᠪᠡᠷ ᠥᠨᠳᠥᠷ ᠦᠷ᠎ᠡ ᠠᠰᠢᠭ ᠲᠠᠢ ᠬᠥᠭᠵᠢᠬᠦ ᠶᠢ ᠠᠬᠢᠭᠤᠯᠤᠨ᠎ᠠ

      ︵ᠵᠢᠷᠭᠤᠭ᠎ᠠ ︶ ᠡᠨᠧᠷᠭᠢ ᠶᠢᠨ ᠪᠦᠲᠦᠴᠡ ᠶᠢ ᠲᠦᠷᠭᠡᠳᠬᠡᠨ ᠲᠣᠬᠢᠷᠠᠭᠤᠯᠤᠨ᠎ᠠ ᠃ ᠰᠢᠨ᠎ᠡ ᠡᠨᠧᠷᠭᠢ ᠪᠠ ᠴᠡᠪᠡᠷ ᠡᠨᠧᠷᠭᠢ ᠶᠢ ᠶᠡᠭᠡ ᠪᠠᠷ ᠬᠥᠭᠵᠢᠭᠦᠯᠵᠦ ᠂ ᠤᠯᠠᠮᠵᠢᠯᠠᠯᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠬᠦ ᠪᠠᠨ ᠲᠦᠷᠭᠡᠳᠬᠡᠨ᠎ᠡ ᠃ ᠥᠪᠡᠷ ᠤᠨ ᠪᠡᠯᠡᠳᠬᠡᠯ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠳᠤ ᠴᠡᠪᠡᠷ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠵᠦ ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠲᠠᠢ ᠬᠦᠷᠢᠶ᠎ᠡ ᠴᠠᠷᠠᠭᠠᠨ ᠠᠴᠠ ᠭᠠᠳᠠᠨ᠎ᠠ ᠥᠪᠡᠷ ᠤᠨ ᠪᠡᠯᠡᠳᠬᠡᠯ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢ ᠰᠢᠨ᠎ᠡ ᠪᠠᠷ ︵ᠥᠷᠭᠡᠳᠬᠡᠨ ︶ ᠪᠠᠶᠢᠭᠤᠯᠬᠤ ᠶᠢ ᠡᠷᠡᠰ ᠴᠠᠭᠠᠵᠠᠯᠠᠨ᠎ᠠ ᠃ 2025 ᠣᠨ ᠪᠣᠯᠬᠤ ᠳᠤ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ ᠂ ᠤᠯᠤᠰ ᠠᠴᠠ ᠪᠠᠭᠤᠯᠭᠠᠭᠰᠠᠨ ᠳᠠᠬᠢᠯᠲᠠ ᠡᠨᠧᠷᠭᠢ ᠶᠢᠨ ᠴᠠᠬᠢᠯᠭᠠᠨ ᠬᠦᠴᠦᠨ ᠢ ᠰᠢᠩᠭᠡᠬᠡᠨ ᠪᠠᠭᠲᠠᠭᠠᠬᠤ ᠡᠭᠦᠷᠭᠡ ᠪᠠᠨ ᠪᠡᠶᠡᠯᠡᠭᠦᠯᠦᠨ᠎ᠡ ︔ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡ ᠶᠢᠨ ᠬᠤᠪᠢ ᠶᠢᠨ ᠵᠢᠩ ᠢ 18%᠎ ᠳᠤ ᠬᠦᠷᠦᠭᠦᠯᠵᠦ ᠂ ᠠᠵᠤ ᠦᠢᠯᠡᠳᠪᠦᠷᠢ ᠶᠢᠨ ᠦᠵᠦᠭᠦᠷ ᠡᠨᠧᠷᠭᠢ ᠶᠢᠨ ᠬᠡᠷᠡᠭᠯᠡᠭᠡ ᠳᠤ ᠡᠵᠡᠯᠡᠬᠦ ᠴᠠᠬᠢᠯᠭᠠᠨ ᠡᠨᠧᠷᠬᠢ ᠶᠢᠨ ᠬᠤᠪᠢ ᠶᠢᠨ ᠵᠢᠩ ᠢ 30% ᠣᠷᠴᠢᠮ ᠳᠤ ᠬᠦᠷᠦᠭᠦᠯᠦᠨ᠎ᠡ ︔ ᠪᠦᠬᠦ ᠣᠷᠣᠨ ᠤ ᠡᠨᠧᠷᠭᠢ ᠶᠢᠨ ᠬᠡᠷᠡᠭᠯᠡᠭᠡ ᠶᠢᠨ ᠶᠡᠷᠦᠩᠬᠡᠢ ᠬᠡᠮᠵᠢᠶᠡᠨ ᠳᠤ ᠡᠵᠡᠯᠡᠬᠦ ᠨᠡᠭᠦᠷᠡᠰᠦᠨ ᠤ ᠬᠡᠷᠡᠭᠯᠡᠭᠡ ᠶᠢᠨ ᠬᠤᠪᠢ ᠶᠢᠨ ᠵᠢᠩ ᠢ ᠪᠠᠭᠤᠷᠠᠭᠤᠯᠤᠭᠠᠳ 75%᠎ ᠠᠴᠠ ᠳᠣᠷᠣᠭᠰᠢ ᠪᠣᠯᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠨᠧᠷᠭᠢ ᠶᠢᠨ ᠲᠣᠪᠴᠢᠶ᠎ᠠ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠳᠣᠯᠤᠭ᠎ᠠ ︶ ᠨᠡᠭᠦᠷᠡᠰᠦ ᠰᠢᠲᠠᠭᠠᠬᠤ ᠭᠥᠧᠧᠯᠦ ᠶᠢ ᠰᠢᠭᠰᠢᠭᠳᠡᠭᠦᠯᠵᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ ᠃ ᠡᠯ᠎ᠡ ᠭᠠᠵᠠᠷ ᠣᠷᠣᠨ ᠨᠢ ᠨᠡᠭᠦᠷᠡᠰᠦ ᠰᠢᠲᠠᠭᠠᠵᠤ ᠢᠯᠴᠢ ᠬᠠᠩᠭᠠᠬᠤ ᠭᠥᠧᠧᠯᠦ ᠶᠢ ᠣᠷᠣᠯᠠᠭᠤᠯᠬᠤ ᠲᠥᠷᠥᠯ ᠵᠦᠢᠯ ᠢᠶᠠᠨ ᠬᠤᠲᠠ ᠪᠠᠯᠭᠠᠰᠤ ᠶᠢᠨ ᠢᠯᠴᠢ ᠬᠠᠩᠭᠠᠬᠤ ᠲᠥᠯᠦᠪᠵᠢᠭᠦᠯᠭᠡ ᠳᠤ ᠣᠷᠣᠭᠤᠯᠬᠤ ᠬᠡᠷᠡᠭᠲᠡᠢ ᠃ ᠬᠤᠰᠢᠭᠤ ᠰᠢᠶᠠᠨ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠠᠶᠢᠭᠤᠯᠤᠭᠰᠠᠨ ᠲᠣᠭᠤᠷᠢᠭ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠠᠷᠴᠢᠮ ᠳᠡᠭᠡᠷ᠎ᠡ ᠪᠠᠨ ᠴᠠᠭ ᠪᠦᠷᠢ 35 ᠠᠭᠤᠷᠰᠢᠯᠲᠠ ᠶᠢᠨ ᠲᠤᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠥᠧᠧᠯᠦ ᠶᠢ ᠰᠢᠨ᠎ᠡ ᠪᠠᠷ ᠪᠠᠶᠢᠭᠤᠯᠬᠤ ᠦᠭᠡᠢ ᠂ ᠪᠤᠰᠤᠳ ᠭᠠᠵᠠᠷ ᠣᠷᠣᠨ ᠳᠤ ᠵᠠᠷᠴᠢᠮ ᠳᠡᠭᠡᠷ᠎ᠡ ᠪᠠᠨ ᠴᠠᠭ ᠪᠦᠷᠢ 10 ᠠᠭᠤᠷᠰᠢᠯᠲᠠ ᠶᠢᠨ ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠥᠧᠧᠯᠦ ᠶᠢ ᠳᠠᠬᠢᠵᠤ ᠰᠢᠨ᠎ᠡ ᠪᠠᠷ ᠪᠠᠶᠢᠭᠤᠯᠬᠤ ᠦᠭᠡᠢ ᠃ ᠴᠠᠬᠢᠯᠭᠠᠨ ᠬᠦᠴᠦᠨ ᠂ ᠢᠯᠴᠢ ᠶᠢᠨ ᠬᠠᠩᠭᠠᠯᠭ᠎ᠠ ᠶᠢ ᠪᠠᠲᠤᠯᠠᠭᠰᠠᠨ ᠤᠷᠢᠲᠠᠯ ᠳᠣᠣᠷ᠎ᠠ ᠂ 30 ᠲᠦᠮᠡᠨ ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠢᠯᠴᠢ ᠴᠠᠬᠢᠯᠭᠠᠨ ᠢ ᠵᠡᠷᠭᠡ ᠪᠠᠷ ᠦᠢᠯᠡᠳᠪᠦᠷᠢᠯᠡᠬᠦ ᠮᠠᠰᠢᠨ ᠴᠣᠭᠴᠠᠯᠠᠪᠤᠷᠢ ᠶᠢᠨ ᠢᠯᠴᠢ ᠬᠠᠩᠭᠠᠬᠤ ᠷᠠᠳᠢᠦ᠋ᠰ ᠨᠢ 15 ᠺᠢᠯᠣᠮᠧᠲᠷ ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭᠠᠵᠤ ᠢᠯᠴᠢ ᠬᠠᠩᠭᠠᠬᠤ ᠭᠥᠧᠧᠯᠦ ᠶᠢ ᠬᠠᠭᠠᠵᠤ ᠵᠣᠭᠰᠣᠭᠠᠨ ᠡᠮᠬᠢᠯᠡᠨ ᠨᠡᠶᠢᠯᠡᠭᠦᠯᠬᠦ ᠪᠠᠨ ᠲᠦᠷᠭᠡᠳᠬᠡᠨ ᠠᠬᠢᠭᠤᠯᠤᠨ᠎ᠠ ᠃ 2025 ᠣᠨ ᠤ ᠰᠡᠭᠦᠯᠴᠢ ᠠᠴᠠ ᠡᠮᠦᠨ᠎ᠡ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠤᠳᠣ ᠬᠡᠷᠡᠭᠯᠡᠭᠳᠡᠵᠦ ᠪᠠᠶᠢᠭ᠎ᠠ ᠴᠠᠭ ᠪᠦᠷᠢ 35 ᠠᠭᠤᠷᠰᠢᠯᠲᠠ ᠶᠢᠨ ᠲᠤᠨ ︵ᠡᠭᠦᠨ ᠢ ᠪᠠᠭᠲᠠᠭᠠᠬᠤ ᠦᠭᠡᠢ ︶ ᠎ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠥᠧᠧᠯᠦ ᠶᠢ ᠦᠨᠳᠦᠰᠦᠨ ᠳᠤ ᠪᠠᠨ ᠰᠢᠭᠰᠢᠭᠳᠡᠭᠦᠯᠦᠨ᠎ᠡ ᠂ ᠡᠭᠦᠨ ᠳᠤ ᠬᠥᠬᠡᠬᠤᠲᠠ ᠂ ᠪᠤᠭᠤᠲᠤ ᠬᠤᠲᠠ ᠂ ᠦᠬᠠᠢ ᠬᠤᠲᠠ ᠳᠠᠬᠢ ᠴᠠᠭ ᠪᠦᠷᠢ 65 ᠠᠭᠤᠷᠰᠢᠯᠲᠠ ᠶᠢᠨ ᠲᠤᠨ ︵ᠡᠭᠦᠨ ᠢ ᠪᠠᠭᠲᠠᠭᠠᠬᠤ ᠦᠭᠡᠢ ︶ ᠎ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠥᠧᠧᠯᠦ ᠶᠢ ᠰᠢᠭᠰᠢᠭᠳᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠨᠠᠢᠮᠠ ︶ ᠠᠵᠤ ᠦᠢᠯᠡᠳᠪᠦᠷᠢ ᠶᠢᠨ ᠵᠤᠤᠬ᠎ᠠ ᠶᠢ ᠴᠡᠪᠡᠷ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠦᠨ᠎ᠡ ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠰᠢᠲᠠᠭᠠᠯᠭ᠎ᠠ ᠶᠢᠨ ᠲᠥᠷᠥᠯ ᠤᠨ ᠨᠡᠭᠦᠷᠡᠰᠦᠨ ᠬᠡᠢ ᠶᠢᠨ ᠵᠤᠤᠬ᠎ᠠ ᠶᠢ ᠰᠢᠭᠰᠢᠭᠳᠡᠭᠦᠯᠬᠦ ᠶᠢᠨ ᠬᠠᠮᠲᠤ ᠰᠢᠨ᠎ᠡ ᠪᠠᠷ ᠪᠠᠶᠢᠭᠤᠯᠬᠤ ᠶᠢ ᠴᠠᠭᠠᠵᠠᠯᠠᠵᠤ ᠂ ᠬᠠᠯᠠᠭᠠᠬᠤ ᠵᠤᠤᠬ᠎ᠠ ᠂ ᠬᠠᠯᠠᠭᠠᠯᠲᠠ ᠲᠤᠭᠤᠯᠤᠭᠤᠯᠬᠤ ᠵᠤᠤᠬ᠎ᠠ ᠂ ᠬᠠᠲᠠᠭᠠᠬᠤ ᠵᠤᠤᠬ᠎ᠠ ᠂ ᠬᠠᠶᠢᠯᠤᠭᠤᠯᠬᠤ ᠵᠤᠤᠬ᠎ᠠ ᠳᠤ ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠬᠡᠷᠡᠭᠯᠡᠬᠦ ᠶᠢ ᠠᠬᠢᠭᠤᠯᠤᠨ᠎ᠠ ᠃ ᠪᠣᠬᠢᠷᠲᠤᠯ ᠶᠡᠬᠡᠲᠡᠢ ᠲᠦᠯᠡᠰᠢ ᠬᠡᠷᠡᠭᠯᠡᠵᠦ ᠪᠠᠶᠢᠭ᠎ᠠ ᠠᠵᠤ ᠦᠢᠯᠡᠳᠪᠦᠷᠢ ᠶᠢᠨ ᠵᠤᠤᠬ᠎ᠠ ᠳᠤ ᠠᠵᠤ ᠦᠢᠯᠡᠳᠪᠦᠷᠢ ᠶᠢᠨ ᠦᠯᠡᠳᠡᠭᠳᠡᠯ ᠢᠯᠴᠢ ᠂ ᠴᠠᠬᠢᠯᠭᠠᠨ ᠡᠨᠧᠷᠭᠢ ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢ ᠬᠠᠯᠠᠨ ᠬᠡᠷᠡᠭᠯᠡᠬᠦ ᠶᠢ ᠨᠢ ᠠᠮᠤᠷ ᠲᠦᠪᠰᠢᠨ ᠯᠠᠪᠳᠠᠭᠤᠨ ᠢᠶᠠᠷ ᠠᠬᠢᠭᠤᠯᠤᠨ᠎ᠠ ᠃ ᠰᠢᠲᠠᠭᠠᠯᠭ᠎ᠠ ᠶᠢᠨ ᠲᠥᠷᠥᠯ ᠤᠨ ᠨᠡᠭᠦᠷᠡᠰᠦᠨ ᠬᠡᠢ ᠶᠢᠨ ᠵᠤᠤᠬ᠎ᠠ ᠶᠢ ᠴᠡᠪᠡᠷ ᠡᠨᠧᠷᠬᠢ ᠪᠠᠷ ᠣᠷᠣᠯᠠᠭᠤᠯᠬᠤ ᠶᠢ ᠠᠬᠢᠭᠤᠯᠬᠤ ᠪᠤᠶᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠦᠷᠢᠶᠡᠯᠡᠩ ᠲᠣᠭᠤᠷᠢᠭ ︵ᠪᠦᠯᠦᠭᠵᠢᠯ ︶ ᠎ ᠲᠤ ᠲᠥᠪᠯᠡᠷᠡᠭᠦᠯᠦᠨ ᠬᠡᠢ ᠬᠠᠩᠭᠠᠬᠤ ᠂ ᠲᠠᠷᠠᠬᠠᠢ ᠪᠤᠲᠠᠷᠬᠠᠢ ᠪᠠᠷ ᠬᠡᠷᠡᠭᠯᠡᠬᠦ ᠶᠢ ᠬᠡᠷᠡᠭᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠶᠢᠰᠦ ︶ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ ᠃ ᠲᠥᠪ ᠤᠨ ᠡᠳ᠋ ᠤᠨ ᠵᠠᠰᠠᠭ ᠠᠴᠠ ᠳᠡᠮᠵᠢᠬᠦ ᠤᠮᠠᠷᠠᠲᠤ ᠣᠷᠣᠨ ᠤ ᠴᠡᠪᠡᠷ ᠳᠤᠯᠠᠭᠠᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠬᠤᠲᠠ ᠨᠤᠭᠤᠳ ᠥᠭᠡᠷᠡᠴᠢᠯᠡᠨ ᠰᠢᠨᠡᠳᠬᠡᠬᠦ ᠡᠭᠦᠷᠭᠡ ᠪᠠᠨ ᠴᠢᠨᠠᠷ ᠪᠠ ᠬᠡᠮᠵᠢᠶ᠎ᠡ ᠶᠢ ᠨᠢ ᠪᠠᠲᠤᠯᠠᠨ ᠪᠡᠶᠡᠯᠡᠭᠦᠯᠬᠦ ᠬᠡᠷᠡᠭᠲᠡᠢ ᠃ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠨᠢᠭᠡᠨᠲᠡ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠬᠦ ᠪᠠᠨ ᠲᠦᠷᠭᠡᠳᠬᠡᠨ᠎ᠡ ᠃ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠂ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ ᠶᠢᠨ ᠰᠤᠯᠠ ᠨᠡᠭᠦᠷᠡᠰᠦ ᠶᠢ ᠨᠢ ᠴᠡᠪᠡᠷ ᠡᠨᠧᠷᠬᠢ ᠪᠠᠷ ᠣᠷᠣᠯᠠᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ ᠃ ᠡᠯ᠎ᠡ ᠭᠠᠵᠠᠷ ᠣᠷᠣᠨ ᠨᠢ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠬᠡᠬᠦ ᠶᠢ ᠪᠦᠬᠦᠯᠢ ᠴᠣᠭᠴᠠ ᠪᠠᠷ ᠪᠡᠶᠡᠯᠡᠭᠦᠯᠦᠭᠰᠡᠨ ᠭᠠᠵᠠᠷ ᠣᠷᠣᠨ ᠢᠶᠠᠨ ᠪᠣᠬᠢᠷᠲᠤᠯ ᠶᠡᠬᠡᠲᠡᠢ ᠲᠦᠯᠡᠰᠢ ᠲᠦᠯᠡᠬᠦ ᠶᠢ ᠴᠠᠭᠠᠵᠠᠯᠠᠬᠤ ᠣᠷᠣᠨ ᠪᠣᠯᠭᠠᠨ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠵᠤ ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ ᠂ ᠰᠤᠯᠠ ᠨᠡᠭᠦᠷᠡᠰᠦ ᠳᠠᠬᠢᠵᠤ ᠰᠢᠲᠠᠭᠠᠬᠤ ᠶᠢ ᠰᠡᠷᠭᠡᠶᠢᠯᠡᠨ ᠬᠤᠷᠢᠭᠯᠠᠨ᠎ᠠ ︔ ᠴᠡᠪᠡᠷ ᠳᠤᠯᠠᠭᠠᠯᠠᠭ᠎ᠠ ᠶᠢ ᠲᠦᠷ ᠬᠡᠷᠡᠭᠵᠢᠭᠦᠯᠦᠭᠡᠳᠦᠢ ᠭᠠᠵᠠᠷ ᠣᠷᠣᠨ ᠤ ᠲᠠᠸᠠᠷ ᠤᠨ ᠨᠡᠭᠦᠷᠡᠰᠦᠨ ᠤ ᠶᠠᠰᠤ ᠴᠢᠨᠠᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ ᠃ 2025 ᠣᠨ ᠤ ᠰᠡᠭᠦᠯᠴᠢ ᠠᠴᠠ ᠡᠮᠦᠨ᠎ᠡ ᠂ ᠭᠤᠣᠯᠳᠠᠯᠭ᠎ᠠ ᠪᠣᠯᠬᠤ ᠣᠷᠣᠨ ᠪᠦᠰᠡ ᠶᠢᠨ ᠬᠤᠲᠠ ᠶᠢᠨ ᠳᠤᠮᠳᠠᠬᠢ ᠲᠣᠰᠬᠤᠨ ᠂ ᠬᠤᠲᠠ ᠬᠥᠳᠡᠭᠡ ᠶᠢᠨ ᠠᠭᠤᠯᠵᠠᠷ ᠬᠡᠰᠡᠭ ᠢᠶᠠᠷ ᠪᠠᠶᠢᠭ᠎ᠠ ᠰᠤᠯᠠ ᠨᠡᠭᠦᠷᠡᠰᠦ ᠶᠢ ᠦᠨᠳᠦᠰᠦᠨ ᠳᠤ ᠪᠠᠨ ᠠᠷᠢᠯᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠡᠳ᠋ ᠤᠨ ᠵᠠᠰᠠᠭ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠳᠥᠷᠪᠡ ᠂ ᠵᠠᠮ ᠬᠠᠷᠢᠯᠴᠠᠭ᠎ᠠ ᠶᠢᠨ ᠲᠠᠯ᠎ᠠ ᠪᠠᠷ ᠪᠣᠬᠢᠷᠳᠤᠯ ᠦᠭᠡᠢ ᠪᠠ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ

      ︵ᠠᠷᠪᠠ ︶ ᠪᠠᠷᠠᠭ᠎ᠠ ᠲᠡᠭᠡᠭᠡᠪᠦᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠤᠨ᠎ᠠ ᠃ ᠨᠡᠭᠦᠷᠡᠰᠦ ᠂ ᠬᠦᠳᠡᠷ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠤᠯᠠᠪᠲᠤᠷ ᠪᠠ ᠬᠤᠯᠠ ᠵᠠᠮ ᠤᠨ ᠲᠡᠭᠡᠭᠡᠪᠦᠷᠢ ᠳᠤ ᠡᠩ ᠲᠡᠷᠢᠭᠦᠨ ᠳᠤ ᠲᠡᠮᠦᠷ ᠵᠠᠮ ᠢᠶᠠᠷ ᠲᠡᠭᠡᠭᠡᠪᠦᠷᠢᠯᠡᠬᠦ ᠠᠷᠭ᠎ᠠ ᠶᠢ ᠬᠡᠷᠡᠭᠯᠡᠵᠦ ᠂ ᠣᠶᠢᠷ᠎ᠠ ᠵᠠᠮ ᠤᠨ ᠲᠡᠭᠡᠭᠡᠪᠦᠷᠢ ᠳᠤ ᠡᠩ ᠲᠡᠷᠢᠭᠦᠨ ᠳᠤ ᠪᠢᠲᠡᠭᠦᠦ ᠪᠦᠰᠡᠨ ᠳᠠᠮᠵᠢᠯᠭᠠᠨ ᠤ ᠵᠠᠮ ᠂ ᠬᠤᠭᠤᠯᠠᠢ ᠭᠤᠤᠷᠰᠤ ᠪᠤᠶᠤ ᠰᠢᠨ᠎ᠡ ᠡᠨᠧᠷᠭᠢ ᠶᠢᠨ ᠲᠡᠷᠭᠡ ᠶᠢ ᠬᠡᠷᠡᠭᠯᠡᠬᠦ ᠬᠡᠷᠡᠭᠲᠡᠢ ᠃ ᠴᠡᠪᠡᠷ ᠲᠡᠭᠡᠭᠡᠪᠦᠷᠢ ᠶᠢ ᠨᠡᠭᠦᠷᠡᠰᠦᠨ ᠠᠭᠤᠷᠬᠠᠢ ᠂ ᠪᠣᠯᠣᠳ ᠲᠡᠮᠦᠷ ᠂ ᠢᠯᠴᠢ ᠶᠢᠨ ᠴᠠᠬᠢᠯᠭᠠᠨ ᠂ ᠥᠩᠭᠡᠲᠦ ᠲᠡᠮᠦᠷᠯᠢᠭ ᠂ ᠬᠡᠦᠷᠰᠢᠭᠦᠯᠬᠦ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠨᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠶᠢᠨ ᠭᠤᠣᠯᠳᠠᠯᠭ᠎ᠠ ᠪᠣᠯᠭᠠᠬᠤ ᠪᠠᠷ ᠬᠠᠶᠢᠨ ᠰᠦᠪᠡᠭᠴᠢᠯᠡᠨ᠎ᠡ ᠃ ᠥᠷᠭᠡᠨ ᠬᠡᠷᠡᠭᠴᠡᠭᠡᠨ ᠤ ᠪᠠᠷᠠᠭ᠎ᠠ ᠶᠢᠨ ᠣᠨ ᠤ ᠲᠡᠭᠡᠭᠡᠪᠦᠷᠢ ᠶᠢᠨ ᠬᠡᠮᠵᠢᠶ᠎ᠡ ᠨᠢ 150 ᠲᠦᠮᠡᠨ ᠲᠣᠨ ᠠᠴᠠ ᠳᠡᠭᠡᠭᠰᠢᠬᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠠ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠨᠡᠭᠦᠯᠭᠡᠨ ᠪᠠᠶᠢᠭᠤᠯᠬᠤ ᠳᠤ ᠂ ᠵᠠᠷᠴᠢᠮ ᠳᠡᠭᠡᠷ᠎ᠡ ᠪᠠᠨ ᠲᠡᠮᠦᠷ ᠵᠠᠮ ᠳᠤ ᠲᠤᠰᠬᠠᠢ ᠬᠡᠷᠡᠭᠯᠡᠬᠦ ᠵᠠᠮ ᠱᠤᠭᠤᠮ ᠪᠤᠶᠤ ᠬᠤᠭᠤᠯᠠᠢ ᠭᠤᠤᠷᠰᠤ ᠶᠢ ᠵᠠᠯᠭᠠᠵᠤ ᠣᠷᠣᠭᠤᠯᠤᠨ᠎ᠠ ᠃ 2025 ᠣᠨ ᠪᠣᠯᠬᠤ ᠳᠤ ᠂ ᠪᠥᠬᠦ ᠣᠷᠣᠨ ᠤ ᠲᠡᠮᠦᠷ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 2020 ᠣᠨ ᠤ ᠬᠢ ᠠᠴᠠ 10% ᠣᠷᠴᠢᠮ ᠨᠡᠮᠡᠭᠳᠡᠭᠦᠯᠵᠦ ᠂ 500 ᠺᠢᠯᠣᠮᠧᠲᠷ ᠤᠨ ᠵᠠᠢ ᠠᠴᠠ ᠬᠤᠯᠠ ᠮᠤᠵᠢ ︵ᠣᠷᠣᠨ ᠂ ᠬᠤᠲᠠ ︶ ᠠᠯᠤᠰᠯᠠᠨ ᠭᠠᠳᠠᠭᠰᠢ ᠲᠡᠭᠡᠭᠡᠪᠦᠷᠢᠯᠡᠬᠦ ᠨᠡᠭᠦᠷᠡᠰᠦ ᠪᠠ ᠬᠡᠦᠷᠡᠰᠦ ᠶᠢ ᠲᠡᠮᠦᠷ ᠵᠠᠮ ᠢᠶᠠᠷ ᠲᠡᠭᠡᠭᠡᠪᠦᠷᠢᠯᠡᠭᠰᠡᠨ ᠬᠠᠷᠢᠴᠠᠯ ᠢ ᠨᠢ 90%᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ ᠃ ︵ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠨᠢᠭᠡ ︶ ᠮᠠᠰᠢᠨᠲᠤ ᠲᠡᠷᠭᠡ ᠶᠢᠨ ᠴᠡᠪᠡᠷᠰᠢᠭᠦᠯᠦᠯᠲᠡ ᠶᠢ ᠲᠦᠷᠭᠡᠳᠬᠡᠨ ᠳᠡᠭᠡᠭᠰᠢᠯᠡᠭᠦᠯᠦᠨ᠎ᠡ ᠃ ᠬᠥᠬᠡᠬᠤᠲᠠ ᠪᠤᠭᠤᠲᠤ ᠣᠷᠳᠣᠰ ᠂ ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠴᠡᠪᠡᠷ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂  ᠴᠡᠪᠡᠷ ᠲᠡᠭᠡᠭᠡᠪᠦᠷᠢ ᠶᠢ ᠤᠷᠢᠳ ᠢᠶᠠᠷ ᠬᠡᠷᠡᠭᠵᠢᠭᠦᠯᠬᠦ ᠬᠥᠲᠥᠯᠥᠨ ᠳᠠᠭᠠᠭᠤᠯᠬᠤ ᠲᠣᠭᠤᠷᠢᠭ ᠢ ᠪᠣᠶ ᠪᠣᠯᠭᠠᠨ᠎ᠠ ᠃ ᠢᠯᠴᠢ ᠶᠢᠨ ᠴᠠᠬᠢᠯᠭᠠᠨ ᠂ ᠪᠣᠯᠣᠳ ᠲᠡᠮᠦᠷ ᠂ ᠨᠡᠭᠦᠷᠡᠰᠦ ᠂ ᠬᠡᠦᠷᠰᠢᠭᠦᠯᠬᠦ ᠂ ᠥᠩᠭᠡᠲᠦ ᠲᠡᠮᠦᠷᠯᠢᠭ ᠂ ᠱᠦᠢᠨᠢ ᠵᠡᠷᠭᠡ ᠠᠵᠢᠯ ᠲᠥᠷᠥᠯ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ︽ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡ + ᠰᠤᠯᠠ ᠠᠴᠠ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ ︾ ᠲᠡᠭᠡᠭᠡᠪᠦᠷᠢ ᠶᠢᠨ ᠬᠡᠪ ᠵᠠᠭᠪᠤᠷ ᠢ ᠳᠡᠯᠭᠡᠷᠡᠭᠦᠯᠦᠨ᠎ᠡ ᠃ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠨᠡᠶᠢᠲᠡ ᠶᠢᠨ ᠮᠠᠰᠢᠨ ᠲᠡᠷᠭᠡ ᠂ ᠣᠷᠴᠢᠨ ᠲᠣᠭᠤᠷᠢᠨ ᠤ ᠠᠷᠢᠭᠤᠨ ᠴᠡᠪᠡᠷ ᠂ ᠲᠦᠷᠢᠶᠡᠰᠦᠯᠡᠬᠦ ᠂ ᠠᠵᠢᠯ ᠳᠤ ᠭᠠᠷᠬᠤ ᠂ ᠬᠥᠩᠭᠡᠨ ᠮᠠᠶ᠋ᠢᠭ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠰᠢᠨ᠎ᠡ ᠡᠨᠧᠷᠭᠢ ᠂ ᠴᠡᠪᠡᠷ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ ᠃ ᠣᠨ ᠤ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ ᠴᠢᠩᠭᠠᠷᠠᠭᠤᠯᠵᠤ ᠂ ᠬᠦᠨᠳᠦ ᠠᠴᠢᠶᠠᠨ ᠤ ᠮᠠᠰᠢᠨ ᠲᠡᠷᠭᠡ ᠶᠢᠨ ᠵᠠᠮ ᠤᠨ ᠪᠠᠶᠢᠴᠠᠭᠠᠯᠲᠠ ᠪᠠ ᠡᠷᠦᠬᠡ ᠳᠤ ᠣᠷᠣᠵᠤ ᠪᠠᠶᠢᠴᠠᠭᠠᠬᠤ ᠶᠢ ᠴᠢᠩᠭᠠᠳᠬᠠᠨ ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ ᠃ 2025 ᠣᠨ ᠪᠣᠯᠬᠤ ᠳᠤ ᠂ ᠰᠢᠨ᠎ᠡ ᠡᠨᠧᠷᠭᠢ ᠪᠠ ᠤᠯᠤᠰ ᠤᠨ ᠵᠢᠷᠭᠤᠳᠤᠭᠠᠷ ᠱᠠᠲᠤᠨ ᠤ ᠪᠣᠬᠢᠷᠲᠤᠯ ᠭᠠᠳᠠᠭᠰᠢᠯᠠᠭᠤᠯᠬᠤ ᠪᠠᠷᠢᠮᠵᠢᠶᠠᠲᠤ ᠠᠴᠢᠶᠠᠨ ᠤ ᠮᠠᠰᠢᠨ ᠲᠡᠷᠭᠡ ᠶᠢᠨ ᠳᠠᠩᠰᠠᠯᠠᠭᠤᠯᠤᠭᠰᠠᠨ ᠲᠣᠭᠠᠨ ᠤ ᠡᠵᠡᠯᠡᠬᠦ ᠬᠠᠷᠢᠴᠠᠯ ᠢ 40%᠎ ᠳᠤ ᠬᠦᠷᠦᠭᠦᠯᠵᠦ ᠂ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80%᠎ ᠳᠤ ᠬᠦᠷᠦᠭᠦᠯᠦᠨ ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠠᠬᠢ ᠲᠦᠷᠭᠡᠨ ᠴᠡᠨᠡᠭᠯᠡᠬᠦ ᠥᠷᠲᠡᠭᠡ ᠶᠢᠨ ᠪᠦᠷᠬᠦᠴᠡ ᠶᠢᠨ ᠨᠣᠷᠮ᠎ᠠ ᠶᠢ 60%᠎ ᠳᠤ ᠬᠦᠷᠦᠭᠦᠯᠬᠦ ᠪᠠᠷ ᠴᠢᠷᠮᠠᠶᠢᠵᠤ ᠂ ᠴᠠᠶᠢᠶ᠋ᠢᠦ ᠲᠣᠰᠣᠨ ᠤ ᠠᠴᠢᠶᠠᠨ ᠤ ᠮᠠᠰᠢᠨ ᠲᠡᠷᠭᠡ ᠶᠢᠨ ᠭᠠᠳᠠᠭᠰᠢᠯᠠᠭᠤᠯᠤᠯᠲᠠ ᠶᠢᠨ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠨᠣᠷᠮ᠎ᠠ ᠶᠢ 90%᠎ ᠠᠴᠠ ᠳᠠᠪᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠬᠤᠶᠠᠷ ︶ ᠵᠠᠮᠨᠠᠬᠤ ᠪᠤᠰᠤ ᠬᠥᠳᠡᠯᠭᠡᠭᠡᠨᠲᠦ ᠮᠠᠰᠢᠨ ᠮᠧᠬᠠᠨᠢᠭ ᠢ ᠶᠡᠷᠦᠩᠬᠡᠶᠢᠯᠡᠨ ᠵᠠᠰᠠᠬᠤ ᠪᠠᠨ ᠴᠢᠩᠭᠠᠷᠠᠭᠤᠯᠤᠨ᠎ᠠ ᠃ ᠲᠡᠮᠦᠷ ᠵᠠᠮ ᠤᠨ ᠪᠠᠷᠠᠭᠠᠨ ᠤ ᠲᠠᠯᠠᠪᠤᠷ ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠨᠢᠰᠬᠡᠯ ᠤᠨ ᠪᠠᠭᠤᠳᠠᠯ ᠵᠢᠴᠢ ᠢᠯᠴᠢ ᠶᠢᠨ ᠴᠠᠬᠢᠯᠭᠠᠨ ᠂ ᠪᠣᠯᠣᠳ ᠲᠡᠮᠦᠷ ᠂ ᠨᠡᠭᠦᠷᠡᠰᠦ ᠂ ᠬᠡᠦᠷᠰᠢᠭᠦᠯᠬᠦ ᠂ ᠪᠠᠷᠢᠯᠭ᠎ᠠ ᠶᠢᠨ ᠮᠠᠲ᠋ᠧᠷᠢᠶᠠᠯ ᠂ ᠠᠭᠤᠷᠬᠠᠢ ᠵᠡᠷᠭᠡ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠳᠣᠲᠣᠭᠠᠳᠤ ᠳᠠᠬᠢ ᠠᠵᠢᠯᠯᠠᠭᠠᠨ ᠤ ᠲᠡᠷᠭᠡ ᠬᠥᠰᠬᠡ ᠪᠠ ᠮᠧᠬᠠᠨᠢᠭ ᠤᠨ ᠰᠢᠨ᠎ᠡ ᠡᠨᠧᠷᠭᠢ ᠪᠠᠷ ᠰᠢᠨᠡᠳᠬᠡᠵᠦ ᠥᠭᠡᠷᠡᠴᠢᠯᠡᠬᠦ ᠶᠢ ᠠᠬᠢᠭᠤᠯᠵᠤ ᠂ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ 3 ᠲᠣᠨ ᠠᠴᠠ ᠳᠣᠷᠣᠭᠰᠢᠬᠢ ᠤᠳᠬᠤᠭᠤᠷ ᠲᠡᠷᠭᠡ ᠪᠠᠨ ᠰᠢᠨ᠎ᠡ ᠡᠨᠧᠷᠭᠢ ᠶᠢᠨ ᠲᠡᠷᠭᠡ ᠪᠣᠯᠭᠠᠬᠤ ᠶᠢ ᠵᠣᠷᠢᠭᠵᠢᠭᠤᠯᠤᠨ᠎ᠠ ᠃ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠤᠨ ᠭᠠᠳᠠᠭᠰᠢᠯᠠᠭᠤᠯᠤᠯᠲᠠ ᠶᠢ ᠡᠵᠡᠮᠳᠡᠬᠦ ᠲᠣᠭᠤᠷᠢᠭ ᠲᠠᠬᠢ ᠬᠠᠮᠢᠶᠠᠷᠤᠯᠲᠠ ᠡᠵᠡᠮᠳᠡᠯ ᠢᠶᠠᠨ ᠴᠢᠩᠭᠠᠷᠠᠭᠤᠯᠵᠤ ᠂ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠢ ᠳ᠋ᠤᠭᠠᠷᠯᠠᠨ ᠳᠠᠩᠰᠠᠯᠠᠬᠤ ᠳᠤ ᠳᠠᠩᠰᠠᠯᠠᠬᠤ ᠴᠢᠬᠤᠯᠠᠲᠠᠢ ᠶᠢ ᠨᠢ ᠪᠦᠬᠦᠨ ᠢ ᠳᠠᠩᠰᠠᠯᠠᠵᠤ ᠂ ᠳᠤᠮᠳᠠ ᠪᠠᠷᠠᠭᠤᠨ ᠬᠡᠰᠡᠭ ᠤᠨ 6 ᠠᠶᠢᠮᠠᠭ ᠬᠤᠲᠠ ᠶᠢᠨ ᠮᠠᠰᠢᠨ ᠲᠡᠷᠭᠡᠨ ᠤ ᠭᠠᠳᠠᠭᠰᠢᠯᠠᠭᠤᠯᠤᠭᠰᠠᠨ ᠤᠲᠤᠭ᠎ᠠ ᠶᠢᠨ ᠣᠨ ᠤ ᠰᠤᠭᠤᠴᠢᠨ ᠪᠠᠶᠢᠴᠠᠭᠠᠵᠤ ᠰᠤᠭᠤᠴᠢᠨ  ᠰᠢᠯᠭᠠᠬᠤ ᠬᠠᠷᠢᠴᠠᠯ ᠢ 20%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠂ ᠪᠤᠰᠤᠳ ᠠᠶᠢᠮᠠᠭ ᠬᠤᠲᠠ ᠶᠢᠨ ᠬᠢ ᠶᠢ 10%᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠃ 2025 ᠣᠨ ᠪᠣᠯᠬᠤ ᠳᠤ ᠂ ᠬᠤᠲᠠ ᠶᠢᠨ ᠲᠣᠭᠤᠷᠢᠭ ᠲᠠᠬᠢ ᠪᠠᠷᠢᠯᠭ᠎ᠠ ᠶᠢᠨ ᠮᠧᠬᠠᠨᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳ᠋ᠤᠭᠠᠷᠯᠠᠬᠤ ᠳᠠᠩᠰᠠᠯᠠᠯᠲᠠ ᠶᠢᠨ ᠭᠤᠷᠪᠠᠨ ᠱᠠᠲᠤᠨ ᠤ ᠬᠤᠯᠪᠣᠭᠠᠲᠤ ᠰᠦᠯᠵᠢᠶ᠎ᠡ ᠶᠢ ᠪᠡᠶᠡᠯᠡᠭᠦᠯᠵᠦ ᠂ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠤᠨ ︽ᠬᠠᠷ᠎ᠠ ᠤᠲᠤᠭ᠎ᠠ ᠪᠠᠭᠠᠭᠢᠭᠤᠯᠬᠤ ︾ ᠦᠵᠡᠭᠳᠡᠯ ᠢ ᠦᠨᠳᠦᠰᠦᠨ ᠳᠤ ᠪᠠᠨ ᠠᠷᠢᠯᠭᠠᠵᠤ ᠂ ᠨᠢᠭᠡᠳᠦᠭᠡᠷ ᠱᠠᠲᠤᠨ ᠤ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠢ ᠦᠨᠳᠦᠰᠦᠨ ᠳᠤ ᠪᠠᠨ ᠰᠢᠭᠰᠢᠭᠳᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠭᠤᠷᠪᠠ ︶ ᠪᠣᠯᠪᠠᠰᠤᠷᠠᠭᠤᠯᠤᠭᠰᠠᠨ ᠲᠣᠰᠣᠨ ᠤ ᠶᠠᠰᠤ ᠴᠢᠨᠠᠷ ᠲᠠᠬᠢ ᠪᠦᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ ᠃ ᠲᠣᠰᠣᠨ ᠤ ᠵᠦᠢᠯ ᠤᠨ ᠭᠠᠳᠠᠭᠠᠳᠤ ᠠᠴᠠ ᠣᠷᠣᠭᠤᠯᠬᠤ ᠂ ᠦᠢᠯᠡᠳᠪᠦᠷᠢᠯᠡᠬᠦ ᠂ ᠬᠥᠮᠥᠷᠭᠡᠯᠡᠨ ᠬᠠᠳᠠᠭᠠᠯᠠᠬᠤ ᠂ ᠲᠡᠭᠡᠭᠡᠪᠦᠷᠢᠯᠡᠬᠦ ᠂ ᠪᠣᠷᠣᠯᠠᠭᠤᠯᠬᠤ ᠂ ᠬᠡᠷᠡᠭᠯᠡᠬᠦ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠥᠪᠡᠰᠦᠪᠡᠨ ᠦᠢᠯᠡᠳᠦᠭᠰᠡᠨ ᠲᠣᠰᠣ ᠰᠠᠪᠠᠯᠠᠬᠤ ᠲᠡᠷᠭᠡ ᠂ ᠲᠣᠰᠣ ᠨᠡᠮᠡᠬᠦ ᠨᠡᠭᠦᠳᠡᠯ ᠲᠡᠷᠭᠡ ᠪᠠ ᠬᠠᠤᠯᠢ ᠪᠤᠰᠤ ᠲᠣᠰᠣ ᠨᠡᠮᠡᠬᠦ ᠥᠷᠲᠡᠭᠡ ᠴᠡᠭ ᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ ᠂ ᠤᠯᠤᠰ ᠤᠨ ᠪᠠᠷᠢᠮᠵᠢᠶ᠎ᠠ ᠱᠠᠭᠠᠷᠳᠠᠯᠭ᠎ᠠ ᠳᠤ ᠨᠡᠶᠢᠴᠡᠬᠦ ᠦᠭᠡᠢ ᠲᠣᠰᠣᠨ ᠤ ᠵᠦᠢᠯ ᠢ ᠦᠢᠯᠡᠳᠪᠦᠷᠢᠯᠡᠬᠦ ᠂ ᠭᠠᠳᠠᠭᠠᠳᠤ ᠠᠴᠠ ᠣᠷᠣᠭᠤᠯᠬᠤ ᠂ ᠪᠣᠷᠣᠯᠠᠭᠤᠯᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠃ ᠠᠴᠢᠶᠠᠨ ᠤ ᠲᠡᠷᠭᠡ ᠂ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠂ ᠣᠩᠭᠤᠴᠠ ᠰᠠᠯ ᠤᠨ ᠲᠣᠰᠣᠨ ᠤ ᠰᠠᠪᠠ ᠳᠠᠬᠢ ᠴᠠᠶᠢᠶ᠋ᠢᠦ ᠲᠣᠰᠣ ᠶᠢ ᠰᠤᠭᠤᠴᠢᠨ ᠰᠢᠯᠭᠠᠬᠤ  ᠤᠳᠠᠭ᠎ᠠ ᠳᠠᠷᠠᠭᠠᠯᠠᠯ ᠢᠶᠠᠨ ᠳᠡᠭᠡᠭᠰᠢᠯᠡᠭᠦᠯᠦᠨ ᠂ ᠠᠰᠠᠭᠤᠳᠠᠯ ᠤᠨ ᠰᠦᠪᠡᠭᠴᠢ ᠶᠢᠨ ᠢᠷᠡᠯᠲᠡ ᠪᠠᠷ ᠮᠥᠷᠳᠡᠬᠦ ᠶᠢᠨ ᠬᠠᠮᠲᠤ ᠬᠠᠮᠢᠶ᠎ᠠ ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠥᠬᠡᠬᠤᠲᠠ ᠪᠣᠭᠤᠮᠲᠠ ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠲᠠᠪᠤ ᠂ ᠨᠠᠷᠢᠯᠢᠭᠵᠢᠭᠤᠯᠤᠨ ᠬᠠᠮᠢᠶᠠᠷᠬᠤ ᠲᠦᠪᠰᠢᠨ ᠢᠶᠠᠨ ᠳᠡᠭᠡᠭᠰᠢᠯᠡᠭᠦᠯᠦᠨ᠎ᠡ

      ︵ᠠᠷᠪᠠᠨ ᠳᠥᠷᠪᠡ ︶ ᠲᠣᠭᠤᠰᠣᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠪᠠᠨ ᠭᠦᠨᠵᠡᠭᠡᠶᠢᠷᠡᠭᠦᠯᠦᠨ᠎ᠡ ᠃ ᠪᠦᠲᠦᠭᠡᠨ  ᠪᠠᠶᠢᠭᠤᠯᠬᠤ ᠨᠢᠭᠡᠴᠢ ᠪᠠ ᠪᠠᠷᠢᠯᠭ᠎ᠠ ᠪᠠᠷᠢᠬᠤ ᠨᠢᠭᠡᠴᠢ ᠶᠢᠨ ᠲᠣᠭᠤᠰᠣ ᠳᠡᠭᠳᠡᠬᠦ ᠶᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠵᠤ ᠂ ︽ᠵᠢᠷᠭᠤᠭᠠᠨ ᠵᠠᠭᠤᠨ ᠤ ᠵᠠᠭᠤ ︾᠎ ᠶᠢ ᠴᠢᠩᠭ᠎ᠠ ᠬᠡᠷᠡᠭᠵᠢᠭᠦᠯᠵᠦ ᠂ ᠲᠣᠭᠤᠰᠣᠨ ᠪᠣᠬᠢᠷᠳᠤᠯ ᠢ ᠰᠡᠷᠭᠡᠶᠢᠯᠡᠨ ᠵᠠᠰᠠᠬᠤ ᠵᠠᠷᠤᠳᠠᠯ ᠢ ᠨᠢ ᠪᠠᠷᠢᠯᠭ᠎ᠠ ᠶᠢᠨ ᠦᠨ᠎ᠡ ᠳᠤ ᠣᠷᠣᠭᠤᠯᠵᠤ ᠂ ᠪᠠᠷᠢᠯᠭ᠎ᠠ ᠶᠢᠨ ᠭᠠᠵᠠᠷ ᠲᠤ ᠸᠢᠳᠢᠤ᠋ ᠭᠡᠲᠡᠭᠦᠯ ᠤᠭᠰᠠᠷᠠᠬᠤ ᠶᠢᠨ ᠬᠠᠮᠲᠤ ᠲᠤᠬᠠᠢ ᠶᠢᠨ ᠭᠠᠵᠠᠷ ᠤᠨ ᠬᠢᠨᠠᠨ ᠬᠠᠮᠢᠶᠠᠷᠬᠤ ᠲᠠᠪᠴᠠᠩ ᠳᠤ ᠵᠠᠯᠭᠠᠵᠤ ᠣᠷᠣᠭᠤᠯᠬᠤ ᠶᠢ ᠵᠣᠷᠢᠭᠵᠢᠭᠤᠯᠤᠨ᠎ᠠ ᠃ ᠬᠤᠲᠠ ᠶᠢᠨ ᠣᠯᠠᠨ ᠨᠡᠶᠢᠲᠡ ᠶᠢᠨ ᠣᠷᠣᠨ ᠪᠦᠰᠡ ᠂ ᠤᠷᠲᠤ ᠬᠤᠭᠤᠴᠠᠭ᠎ᠠ ᠪᠠᠷ ᠨᠡᠭᠡᠭᠡᠨ ᠪᠦᠲᠦᠭᠡᠨ ᠪᠠᠶᠢᠭᠤᠯᠤᠭᠠᠳᠤᠢ ᠬᠠᠯᠴᠠᠭᠠᠢ ᠭᠠᠵᠠᠷ ᠂ ᠬᠠᠶᠠᠭᠳᠠᠭᠰᠠᠨ ᠬᠠᠭᠤᠴᠢᠨ ᠦᠢᠯᠡᠳᠪᠦᠷᠢ ᠶᠢᠨ ᠲᠣᠭᠤᠷᠢᠭ ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠮᠠᠰᠢᠨ ᠲᠡᠷᠭᠡᠨ ᠤ ᠲᠣᠮᠣ ᠬᠡᠯᠪᠡᠷᠢ ᠶᠢᠨ ᠵᠣᠭᠰᠣᠭᠠᠯ ᠵᠡᠷᠭᠡ ᠶᠢ ᠵᠢᠭᠰᠠᠭᠠᠨ ᠪᠠᠶᠢᠴᠠᠭᠠᠵᠤ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠂ ᠨᠣᠭᠤᠭᠠᠷᠠᠭᠤᠯᠬᠤ ᠂ ᠳᠡᠪᠢᠰᠴᠦ ᠬᠠᠲᠠᠭᠤᠷᠠᠭᠤᠯᠬᠤ ᠂ ᠴᠡᠪᠡᠷᠯᠡᠬᠦ ᠵᠡᠷᠭᠡ ᠲᠣᠭᠤᠰᠣ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠨᠡᠭᠦᠷᠡᠰᠦ ᠂ ᠬᠤᠭ ᠰᠢᠷᠣᠢ ᠂ ᠴᠢᠯᠠᠭᠤᠨ ᠮᠠᠲ᠋ᠧᠷᠢᠶᠠᠯ ᠂ ᠱᠦᠢᠨᠢ ᠂ ᠨᠤᠨᠳᠠᠭ ᠨᠡᠭᠦᠷᠡᠰᠦᠨ ᠤ ᠦᠨᠡᠰᠦ ᠂ ᠬᠤᠭ ᠨᠣᠪᠰᠢ ᠵᠡᠷᠭᠡ ᠡᠳ᠋ ᠮᠠᠲ᠋ᠧᠷᠢᠶᠠᠯ ᠵᠥᠭᠡᠭᠡᠪᠦᠷᠢᠯᠡᠬᠦ ᠲᠡᠷᠭᠡ ᠬᠥᠰᠬᠡ ᠪᠠᠨ ᠪᠦᠷᠢᠨ ᠪᠢᠲᠡᠭᠦᠮᠵᠢᠯᠡᠬᠦ ᠪᠠ ᠪᠦᠷᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠬᠤᠲᠠ ᠶᠢᠨ ᠭᠤᠣᠯ ᠵᠠᠮ ᠪᠠ ᠪᠤᠰᠤᠳ ᠵᠠᠮ ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠣᠯᠳᠠᠯᠭ᠎ᠠ ᠪᠣᠯᠬᠤ ᠵᠠᠮ ᠤᠨ ᠬᠡᠰᠡᠭ ᠢ ᠮᠧᠬᠠᠨᠢᠭᠵᠢᠭᠤᠯᠤᠨ ᠴᠡᠪᠡᠷᠯᠡᠬᠦ ᠡᠷᠴᠢᠮ ᠢᠶᠠᠨ ᠴᠢᠩᠭᠠᠷᠠᠭᠤᠯᠤᠨ᠎ᠠ ᠃ 2025 ᠣᠨ ᠪᠣᠯᠬᠤ ᠳᠤ ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠶ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠡᠵᠡᠯᠡᠬᠦ ᠬᠠᠷᠢᠴᠠᠯ ᠢ 30%᠎ ᠳᠤ ᠬᠦᠷᠦᠭᠦᠯᠦᠨ᠎ᠡ ︔ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠶᠢᠨ ᠪᠠᠶᠢᠭᠤᠯᠤᠭᠰᠠᠨ ᠲᠣᠭᠤᠷᠢᠭ ᠲᠠᠬᠢ ᠵᠠᠮ ᠤᠨ ᠮᠧᠬᠠᠨᠢᠭᠵᠢᠭᠤᠯᠤᠨ ᠴᠡᠪᠡᠷᠯᠡᠬᠦ ᠨᠣᠷᠮ᠎ᠠ ᠶᠢ 80% ᠣᠷᠴᠢᠮ ᠳᠤ ᠬᠦᠷᠦᠭᠦᠯᠵᠦ ᠂ ᠰᠢᠶᠠᠨ ᠤ ᠬᠤᠲᠠ ᠶᠢᠨ ᠬᠢ ᠶᠢ 70% ᠣᠷᠴᠢᠮ ᠳᠤ ᠬᠦᠷᠦᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠲᠠᠪᠤ ︶ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ ᠂ ᠴᠢᠯᠠᠭᠤᠯᠢᠭ ᠨᠡᠭᠦᠷᠡᠰᠦ ᠶᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ ᠠᠰᠢᠭᠯᠠᠵᠤ ᠂ ᠨᠡᠭᠡᠭᠡᠨ ᠮᠠᠯᠲᠠᠬᠤ ᠂ ᠠᠴᠢᠶᠠᠯᠠᠵᠤ ᠪᠠᠭᠤᠯᠭᠠᠬᠤ ᠂ ᠲᠡᠭᠡᠭᠡᠪᠦᠷᠢᠯᠡᠬᠦ ᠵᠡᠷᠭᠡ ᠭᠤᠭᠴᠣᠭᠠᠨ ᠳᠠᠬᠢ ᠲᠣᠭᠤᠰᠣ ᠰᠢᠷᠣᠢ ᠶᠢ ᠨᠠᠮᠳᠠᠭᠠᠵᠤ ᠳᠠᠷᠤᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠬᠤ ᠬᠡᠷᠡᠭᠲᠡᠢ ᠃ ᠰᠢᠨ᠎ᠡ ᠪᠠᠷ ᠪᠠᠶᠢᠭᠤᠯᠤᠭᠰᠠᠨ ᠠᠭᠤᠷᠬᠠᠢ ᠳᠤ ᠵᠠᠷᠴᠢᠮ ᠳᠡᠭᠡᠷ᠎ᠡ ᠪᠠᠨ ᠲᠡᠮᠦᠷ ᠵᠠᠮ ᠤᠨ ᠲᠤᠰᠬᠠᠢ ᠱᠤᠭᠤᠮ ᠪᠠᠶᠢᠭᠤᠯᠬᠤ ᠪᠤᠶᠤ ᠪᠤᠰᠤᠳ ᠴᠡᠪᠡᠷᠬᠡᠨ ᠲᠡᠭᠡᠭᠡᠪᠦᠷᠢᠯᠡᠬᠦ ᠠᠷᠭ᠎ᠠ ᠬᠡᠯᠪᠡᠷᠢ ᠶᠢ ᠬᠡᠷᠡᠭᠯᠡᠬᠦ ᠬᠡᠷᠡᠭᠲᠡᠢ ᠃ ᠨᠡᠭᠦᠷᠡᠰᠦᠨ ᠠᠭᠤᠷᠬᠠᠢ ᠂ ᠨᠡᠭᠦᠷᠡᠰᠦᠨ ᠴᠢᠯᠠᠭᠤ ᠶᠢᠨ ᠥᠪᠡᠰᠦᠪᠡᠨ ᠨᠣᠴᠣᠵᠤ ᠰᠢᠲᠠᠬᠤ ᠶᠢ ᠨᠢ ᠬᠢᠨᠠᠨ ᠬᠠᠮᠢᠶᠠᠷᠬᠤ ᠪᠠᠨ ᠴᠢᠩᠭᠠᠳᠬᠠᠵᠤ ᠂ ᠭᠠᠯ ᠨᠣᠴᠣᠵᠤ ᠰᠢᠲᠠᠬᠤ ᠴᠡᠭ ᠢ ᠬᠥᠳᠡᠯᠦᠩᠭᠦᠢ ᠪᠠᠷ ᠤᠨᠲᠠᠷᠠᠭᠠᠵᠤ ᠠᠷᠢᠯᠭᠠᠬᠤ ᠶᠢ ᠪᠡᠶᠡᠯᠡᠭᠦᠯᠦᠨ᠎ᠡ ᠃ ᠬᠢᠵᠠᠭᠠᠷᠯᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠠᠳ ᠮᠥᠨ ᠬᠦ ᠪᠠᠷᠢᠮᠵᠢᠶ᠎ᠠ ᠳᠤ ᠬᠦᠷᠦᠭᠰᠡᠨ ᠦᠭᠡᠢ ᠠᠭᠤᠷᠬᠠᠢ ᠶᠢ ᠠᠶᠤᠯ ᠦᠭᠡᠢ ᠦᠢᠯᠡᠳᠪᠦᠷᠢᠯᠡᠬᠦ ᠂ ᠬᠥᠷᠥᠰᠥ ᠰᠢᠷᠣᠢ ᠶᠢ ᠬᠠᠮᠠᠭᠠᠯᠠᠬᠤ ᠂ ᠠᠮᠢ ᠠᠬᠤᠢ ᠣᠷᠴᠢᠨ ᠲᠣᠭᠤᠷᠢᠨ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ ᠬᠠᠤᠯᠢ ᠶᠣᠰᠣᠭᠠᠷ ᠬᠠᠭᠠᠵᠤ ᠵᠣᠭᠰᠤᠭᠠᠬᠤ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠵᠢᠷᠭᠤᠭ᠎ᠠ ︶ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠵᠤ ᠬᠠᠶᠠᠬᠤ ᠶᠢ ᠴᠠᠭᠠᠵᠠᠯᠠᠬᠤ ᠠᠵᠢᠯ ᠢᠶᠠᠨ ᠴᠢᠩᠭᠠᠳᠬᠠᠨ᠎ᠠ ᠃ ᠡᠰᠢ ᠰᠦᠷᠡᠯ ᠢ ᠬᠤᠷᠢᠶᠠᠨ ᠬᠠᠳᠠᠭᠠᠯᠠᠵᠤ ᠲᠡᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠡᠰᠢ ᠰᠦᠷᠡᠯ ᠢ ᠠᠵᠤ ᠦᠢᠯᠡᠰᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ ᠂ ᠲᠠᠷᠢᠶᠠᠨ ᠭᠠᠵᠠᠷ ᠠᠴᠠ ᠬᠤᠷᠢᠶᠠᠨ ᠰᠢᠯᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ 2025 ᠣᠨ ᠳᠤ ᠪᠥᠬᠦ ᠣᠷᠣᠨ ᠤ ᠡᠰᠢ ᠰᠦᠷᠡᠯ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90%᠎ ᠳᠤ ᠬᠦᠷᠦᠭᠦᠯᠦᠨ᠎ᠡ ᠃ ᠡᠯ᠎ᠡ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠤᠨ ᠡᠰᠢ ᠰᠦᠷᠡᠯ ᠰᠢᠲᠠᠭᠠᠵᠤ ᠬᠠᠶᠠᠬᠤ ᠶᠢ ᠴᠠᠭᠠᠵᠠᠯᠠᠬᠤ ᠬᠦᠷᠢᠶ᠎ᠡ ᠬᠡᠪᠴᠢᠶ᠎ᠡ ᠪᠠᠨ ᠣᠨᠣᠴᠠᠲᠠᠢ ᠬᠤᠪᠢᠶᠠᠷᠢᠯᠠᠬᠤ ᠶᠢᠨ ᠬᠠᠮᠲᠤ ᠨᠡᠶᠢᠭᠡᠮ ᠳᠤ ᠵᠠᠷᠯᠠᠬᠤ ᠬᠡᠷᠡᠭᠲᠡᠢ ᠃ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠡᠳᠦᠷ ᠲᠤᠳᠤᠮ ᠤᠨ ᠪᠠ ᠭᠤᠣᠯᠳᠠᠯᠭ᠎ᠠ ᠪᠣᠯᠬᠤ ᠴᠠᠭ ᠬᠤᠭᠤᠴᠠᠭᠠᠨ ᠳᠤ ᠲᠣᠭᠤᠷᠢᠨ ᠪᠠᠶᠢᠴᠠᠭᠠᠬᠤ ᠶᠢ ᠴᠢᠩᠭᠠᠳᠬᠠᠨ ᠂ ᠭᠠᠯᠳᠠᠵᠤ ᠰᠢᠲᠠᠭᠠᠬᠤ ᠠᠵᠢᠯᠯᠠᠭ᠎ᠠ ᠶᠢ ᠴᠠᠭ ᠲᠤᠬᠠᠢ ᠳᠤ ᠨᠢ ᠣᠯᠵᠤ ᠢᠯᠡᠷᠡᠭᠦᠯᠬᠦ ᠪᠠ ᠬᠤᠷᠢᠭᠯᠠᠬᠤ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠵᠢᠷᠭᠤᠭ᠎ᠠ ᠂ ᠣᠯᠡᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠠᠵᠢᠯ ᠢᠶᠠᠨ ᠴᠢᠩᠭᠠᠷᠠᠭᠤᠯᠤᠨ᠎ᠠ

      ︵ᠠᠷᠪᠠᠨ ᠲᠤᠯᠤᠭ᠎ᠠ ︶ VOCs‍ᠷ᠎ ᠤᠨ ᠪᠥᠬᠦ ᠶᠠᠪᠤᠴᠠ ᠪᠦᠬᠦ ᠵᠠᠩᠭᠢᠯᠠᠭ᠎ᠠ ᠳᠤ ᠨᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠤᠨ᠎ᠠ ᠃ ᠳᠣᠣᠷ᠎ᠠ ᠠᠰᠢᠭᠯᠠᠮᠵᠢᠲᠤ VOCs‍ᠯ᠎ ᠢ ᠵᠠᠰᠠᠬᠤ ᠪᠡᠯᠡᠳᠬᠡᠮᠵᠢ ᠪᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠲᠡᠷᠢᠭᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ ᠪᠠ ᠪᠣᠬᠢᠷᠲᠤᠯ ᠢ ᠥᠨᠳᠥᠷ ᠪᠦᠲᠦᠮᠵᠢᠲᠡᠢ ᠪᠠᠷ ᠵᠠᠰᠠᠬᠤ  ᠪᠡᠯᠡᠳᠬᠡᠮᠵᠢ ᠶᠢ ᠶᠡᠭᠡ ᠪᠠᠷ ᠬᠡᠷᠡᠭᠵᠢᠭᠦᠯᠦᠨ᠎ᠡ ᠃ VOCs ᠠᠭᠤᠯᠤᠭᠳᠠᠭᠰᠠᠨ ᠮᠠᠲ᠋ᠧᠷᠢᠶᠠᠯ ᠦᠢᠯᠡᠳᠪᠦᠷᠢᠯᠡᠬᠦ ᠂ ᠬᠠᠳᠠᠭᠠᠯᠠᠬᠤ ᠂ ᠲᠡᠭᠡᠭᠡᠪᠦᠷᠢᠯᠡᠬᠦ ᠂ ᠬᠡᠷᠡᠭᠯᠡᠬᠦ ᠵᠡᠷᠭᠡ ᠪᠥᠬᠦ ᠶᠠᠪᠤᠴᠠ ᠳᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ ᠂ ᠬᠠᠮᠢᠶ᠎ᠠ ᠪᠦᠬᠦᠢ ᠪᠠᠷᠢᠮᠵᠢᠶ᠎ᠠ ᠱᠠᠭᠠᠷᠳᠠᠯᠭ᠎ᠠ ᠳᠤ ᠬᠦᠷᠴᠦ ᠳᠡᠶᠢᠯᠬᠦ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠲᠤᠭᠤᠰᠢᠲᠠᠢ ᠴᠡᠭᠴᠡᠯᠡᠨ ᠵᠠᠰᠠᠭᠤᠯᠤᠨ᠎ᠠ ᠃ ᠬᠡᠶᠢᠯᠡᠭᠦᠷ ᠰᠠᠪᠠ ᠲᠠᠢ ᠮᠠᠰᠢᠨ ᠲᠡᠷᠭᠡᠨ ᠳᠤ ᠨᠢᠭᠲᠠ ᠪᠢᠲᠡᠭᠦᠮᠵᠢᠯᠡᠭᠰᠡᠨ ᠲᠦᠷᠭᠡᠨ ᠵᠠᠯᠭᠠᠭᠠᠰᠤ ᠶᠢ ᠳᠡᠯᠭᠡᠷᠡᠭᠦᠯᠦᠨ ᠬᠡᠷᠡᠭᠯᠡᠵᠦ ᠂ ᠪᠣᠬᠢᠷ ᠤᠰᠤ ᠰᠢᠢᠳᠪᠦᠷᠢᠯᠡᠬᠦ ᠲᠠᠯᠠᠪᠤᠷ ᠲᠠᠬᠢ ᠥᠳᠬᠡᠴᠡ ᠶᠡᠭᠡ ᠲᠠᠢ ᠣᠷᠭᠠᠨᠢᠭ ᠬᠠᠶᠠᠭᠳᠠᠮᠠᠯ ᠬᠡᠢ ᠶᠢ ᠲᠤᠰᠠᠭᠠᠷ ᠴᠤᠭᠯᠠᠭᠤᠯᠤᠨ ᠰᠢᠢᠳᠪᠦᠷᠢᠯᠡᠬᠦ ᠬᠡᠷᠡᠭᠲᠡᠢ ᠃ VOCs ᠠᠭᠤᠯᠤᠭᠳᠠᠭᠰᠠᠨ ᠣᠷᠭᠠᠨᠢᠭ ᠬᠠᠶᠠᠭᠳᠠᠮᠠᠯ ᠤᠰᠤ ᠬᠠᠳᠠᠭᠠᠯᠠᠬᠤ ᠬᠡᠶᠢᠯᠡᠭᠦᠷ ᠰᠠᠪᠠ ᠂ ᠲᠣᠨᠣᠭᠯᠠᠯ ᠤᠨ ᠲᠣᠭᠤᠷᠢᠭ ᠲᠠᠬᠢ ᠤᠰᠤ ᠬᠤᠷᠠᠮᠳᠤᠭᠤᠯᠬᠤ ᠬᠤᠳᠳᠤᠭ ︵ᠤᠰᠤᠨ ᠲᠠᠲᠠᠭᠠᠯ ︶᠎ ᠤᠨ ᠣᠷᠭᠠᠨᠢᠭ ᠬᠠᠶᠠᠭᠳᠠᠮᠠᠯ ᠬᠡᠢ ᠶᠢ ᠨᠢᠭᠲᠠ ᠪᠢᠲᠡᠭᠦᠮᠵᠢᠯᠡᠨ ᠰᠢᠢᠳᠪᠦᠷᠢᠯᠡᠬᠦ ᠬᠡᠷᠡᠭᠲᠡᠢ ᠃ ᠠᠵᠤ ᠠᠬᠤᠶᠢᠯᠠᠯ ᠤᠳ ᠭᠠᠯ ᠪᠠᠮᠪᠠᠷᠲᠤ ᠰᠢᠲᠠᠭᠠᠭᠴᠢ ᠲᠣᠨᠣᠭᠯᠠᠯ ᠢᠶᠠᠷ ᠡᠳᠦᠷ ᠳᠣᠳᠣᠮ ᠤᠨ ᠠᠭᠠᠷ ᠮᠠᠨᠳᠠᠯ ᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠪᠣᠯᠭᠠᠵᠤ ᠪᠣᠯᠬᠤ ᠦᠭᠡᠢ ᠃ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠂ ᠲᠣᠰᠣ ᠬᠠᠳᠠᠭᠠᠯᠠᠬᠤ ᠬᠥᠮᠥᠷᠭᠡ ᠂ ᠲᠣᠰᠣᠨ ᠤ ᠬᠡᠶᠢᠯᠡᠭᠦᠷ ᠰᠠᠪᠠ ᠲᠠᠢ ᠲᠡᠷᠭᠡ ᠂ ᠲᠣᠰᠣ ᠨᠡᠮᠡᠬᠦ ᠥᠷᠲᠡᠭᠡ ᠶᠢᠨ ᠲᠣᠰᠣ ᠬᠡᠢ ᠶᠢ ᠡᠭᠡᠭᠦᠯᠦᠨ ᠬᠤᠷᠢᠶᠠᠬᠤ ᠵᠠᠰᠠᠯᠲᠠ ᠶᠢ ᠠᠬᠢᠭᠤᠯᠬᠤ ᠬᠡᠷᠡᠭᠲᠡᠢ ᠃ ᠲᠣᠰᠣᠨ ᠤ ᠵᠦᠢᠯ ᠢ ᠬᠠᠳᠠᠭᠠᠯᠠᠵᠤ ᠲᠡᠭᠡᠭᠡᠪᠦᠷᠢᠯᠡᠬᠦ ᠪᠣᠷᠣᠯᠠᠭᠤᠯᠬᠤ ᠪᠦᠬᠦ ᠶᠠᠪᠤᠴᠠ ᠳᠠᠬᠢ VOCs‍ᠷ᠎ ᠤᠨ ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠵᠤ ᠂ ᠡᠯ᠎ᠡ ᠭᠠᠵᠠᠷ ᠣᠷᠣᠨ ᠨᠢ ᠲᠣᠰᠣ ᠬᠡᠢ ᠶᠢ ᠡᠭᠡᠭᠦᠯᠦᠨ ᠬᠤᠷᠢᠶᠠᠬᠤ ᠰᠢᠰᠲ᠋ᠧᠮ ᠤᠨ ᠲᠤᠰᠬᠠᠢ ᠵᠦᠢᠯ ᠤᠨ ᠪᠠᠶᠢᠴᠠᠭᠠᠬᠤ ᠠᠵᠢᠯ ᠢ ᠵᠢᠯ ᠪᠦᠷᠢ ᠶᠠᠳᠠᠬᠤ ᠳᠤ ᠪᠠᠨ ᠨᠢᠭᠡ ᠤᠳᠠᠭ᠎ᠠ ᠥᠷᠨᠢᠭᠦᠯᠬᠦ ᠬᠡᠷᠡᠭᠲᠡᠢ ᠃ ᠭᠤᠣᠯᠳᠠᠯᠭ᠎ᠠ ᠪᠣᠯᠬᠤ ᠣᠷᠣᠨ ᠪᠦᠰᠡ ᠶᠢᠨ VOCs᠎ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠠᠵᠢᠯ ᠲᠥᠷᠥᠯ ᠳᠤ ᠣᠨᠴᠠᠭᠠᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠᠨ ᠨᠠᠢᠮᠠ ︶ ᠭᠤᠣᠯᠳᠠᠯᠭ᠎ᠠ ᠪᠣᠯᠬᠤ ᠠᠵᠢᠯ ᠲᠥᠷᠥᠯ ᠤᠨ ᠪᠣᠬᠢᠷᠲᠤᠯ ᠢ ᠭᠦᠨᠵᠡᠭᠡᠢ ᠵᠠᠰᠠᠬᠤ ᠶᠢ ᠠᠬᠢᠭᠤᠯᠤᠨ᠎ᠠ ᠃ ᠪᠣᠯᠣᠳ ᠲᠡᠮᠦᠷ ᠂ ᠬᠡᠦᠷᠰᠢᠭᠦᠯᠬᠦ ᠂ ᠱᠦᠢᠨᠢ ᠵᠡᠷᠭᠡ ᠭᠤᠣᠯᠳᠠᠯᠭ᠎ᠠ ᠪᠣᠯᠬᠤ ᠠᠵᠢᠯ ᠲᠥᠷᠥᠯ ᠵᠢᠴᠢ ᠨᠡᠭᠦᠷᠡᠰᠦ ᠲᠦᠯᠡᠬᠦ ᠭᠥᠧᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠠᠬᠢᠭᠤᠯᠤᠨ᠎ᠠ ᠃ 2025 ᠣᠨ ᠤ ᠰᠡᠭᠦᠯᠴᠢ ᠠᠴᠠ ᠡᠮᠦᠨ᠎ᠡ ᠂ ᠪᠣᠯᠣᠳ ᠲᠡᠮᠦᠷ ᠤᠨ ᠠᠵᠢᠯ ᠲᠥᠷᠥᠯ ᠤᠨ 80%᠎ ᠠᠴᠠ ᠳᠡᠭᠡᠭᠰᠢᠬᠢ ᠦᠢᠯᠡᠳᠪᠦᠷᠢᠯᠡᠬᠦ  ᠴᠢᠳᠠᠮᠵᠢ ᠳᠤ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ ︔ ᠴᠠᠭ ᠪᠦᠷᠢ 65 ᠠᠭᠤᠷᠰᠢᠯᠲᠠ ᠶᠢᠨ ᠲᠤᠨ ᠠᠴᠠ ᠳᠡᠭᠡᠭᠰᠢᠬᠢ ᠨᠡᠭᠦᠷᠡᠰᠦ ᠲᠦᠯᠡᠬᠦ ᠭᠦᠸᠧᠯᠦ ︵ᠴᠠᠬᠢᠯᠭᠠᠨ ᠬᠦᠴᠦᠨ ᠢ ᠪᠠᠭᠲᠠᠭᠠᠨ᠎ᠠ ︶᠎ ᠶᠢᠨ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠵᠦ ᠂ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠳᠤ ᠨᠡᠭᠦᠷᠡᠰᠦ ᠲᠦᠯᠡᠬᠦ ᠴᠠᠬᠢᠯᠭᠠᠨ ᠦᠢᠯᠡᠳᠪᠦᠷᠢ ᠶᠢᠨ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠷ ᠯᠠᠪᠯᠠᠯᠲᠠ ᠪᠣᠯᠭᠠᠨ᠎ᠠ ︔ ᠬᠡᠦᠷᠰᠢᠭᠦᠯᠬᠦ ᠠᠵᠢᠯ ᠲᠥᠷᠥᠯ ᠳᠤ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ 2027 ᠣᠨ ᠤ ᠰᠡᠭᠦᠯᠴᠢ ᠠᠴᠠ ᠡᠮᠦᠨ᠎ᠡ ᠂ ᠪᠣᠯᠣᠳ ᠲᠡᠮᠦᠷ ᠤᠨ ᠠᠵᠢᠯ ᠲᠥᠷᠥᠯ ᠳᠤ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ 2028 ᠣᠨ ᠤ ᠰᠡᠭᠦᠯᠴᠢ ᠠᠴᠠ ᠡᠮᠦᠨ᠎ᠡ ᠂ ᠱᠦᠢᠨᠢ ᠶᠢᠨ ᠠᠵᠢᠯ ᠲᠥᠷᠥᠯ ᠳᠤ ᠬᠡᠲᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶ ᠠᠭᠠᠷ ᠮᠠᠨᠳᠠᠯ ᠳᠤ ᠬᠤᠯᠪᠣᠭᠳᠠᠭᠰᠠᠨ ᠠᠵᠢᠯ ᠳᠥᠷᠦᠯ ᠤᠨ ᠦᠷ᠎ᠡ ᠪᠦᠳᠦᠮᠵᠢ ᠪᠠᠷ ᠳᠣᠣᠷ᠎ᠠ ᠪᠠ ᠦᠢᠯᠡᠳᠦᠯ ᠢᠶᠠᠨ ᠠᠯᠳᠠᠭᠰᠠᠨ ᠪᠣᠬᠢᠷᠳᠤᠯ ᠵᠠᠰᠠᠬᠤ ᠪᠡᠯᠡᠳᠬᠡᠮᠵᠢ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠲᠣᠭᠤᠰᠣ ᠳᠡᠭᠳᠡᠬᠦ ᠶᠢ ᠬᠠᠮᠢᠶᠠᠷᠤᠨ ᠬᠢᠵᠠᠭᠠᠷᠯᠠᠬᠤ ᠠᠵᠢᠯ ᠢᠶᠠᠨ ᠴᠢᠩᠭᠠᠷᠠᠭᠤᠯᠵᠤ ᠂ ᠨᠤᠨᠳᠠᠭᠯᠢᠭ ᠪᠣᠳᠠᠰ ᠣᠪᠣᠭᠠᠯᠠᠬᠤ ᠲᠠᠯᠠᠪᠠᠢ ᠶᠢ ᠪᠦᠷᠢᠨ ᠪᠢᠲᠡᠭᠦᠮᠵᠢᠯᠡᠵᠦ ᠂ ᠭᠤᠣᠯᠳᠠᠯᠭ᠎ᠠ ᠪᠣᠯᠬᠤ ᠠᠵᠤ ᠠᠬᠤᠶᠢᠯᠠᠯ ᠨᠢ ᠡᠷᠬᠡᠪᠰᠢ ᠸᠢᠳᠢᠤ᠋ ᠭᠡᠲᠡᠭᠦᠯ ᠤᠨ ᠰᠢᠰᠲ᠋ᠧᠮ ᠤᠭᠰᠠᠷᠠᠬᠤ ᠬᠡᠷᠡᠭᠲᠡᠢ ᠃ ᠪᠢᠦᠮᠠᠰ ᠡᠨᠧᠷᠭᠢᠲᠦ ᠭᠥᠧᠧᠯᠦ ᠳᠤ ᠲᠤᠰᠬᠠᠢ ᠵᠤᠤᠬ᠎ᠠ ᠶᠢ ᠬᠡᠷᠡᠭᠯᠡᠬᠦ ᠶᠢᠨ ᠬᠠᠮᠲᠤ ᠂ ᠪᠣᠬᠢᠷᠲᠤᠯ ᠢ ᠥᠨᠳᠥᠷ ᠪᠦᠲᠦᠮᠵᠢᠲᠡᠶ ᠵᠠᠰᠠᠬᠤ ᠪᠡᠯᠡᠳᠬᠡᠮᠵᠢ ᠶᠢ ᠳᠦᠬᠦᠷᠵᠢᠭᠦᠯᠬᠦ ᠬᠡᠷᠡᠭᠲᠡᠢ ᠃ ᠠᠰᠢᠭᠯᠠᠯᠲᠠ ᠳᠤ ᠪᠠᠶᠢᠭ᠎ᠠ ᠰᠢᠲᠠᠮᠠᠬᠠᠢ ᠬᠡᠢ ᠲᠦᠯᠡᠳᠡᠭ ᠭᠦᠸᠧᠯᠦ ᠶᠢᠨ ᠠᠽᠣᠲ ᠤᠨ ᠰᠢᠲᠠᠭᠠᠯᠭ᠎ᠠ ᠪᠠᠭᠠᠲᠠᠢ ᠪᠠᠶᠢᠯᠭᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ 2025 ᠣᠨ ᠤ ᠰᠡᠭᠦᠯᠴᠢ ᠠᠴᠠ ᠡᠮᠦᠨ᠎ᠡ ᠦᠨᠳᠦᠰᠦᠨ ᠳᠤ ᠪᠠᠨ ᠪᠡᠶᠡᠯᠡᠭᠦᠯᠦᠨ᠎ᠡ ᠃ ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ ᠂ ᠪᠤᠰᠤᠳ ᠭᠤᠣᠯᠳᠠᠯᠭ᠎ᠠ ᠪᠣᠯᠬᠤ ᠣᠷᠣᠨ ᠪᠦᠰᠡ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠪᠥᠬᠦ ᠣᠷᠣᠨ ᠤ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠨᠢ 2026 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠪᠦᠷ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠱᠠᠭᠠᠷᠳᠠᠯᠭ᠎ᠠ ᠶᠢ ᠬᠡᠷᠡᠭᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠠᠷᠪᠠ ᠶᠢᠰᠦ ︶ ᠢᠳᠡᠭᠡᠨ ᠤᠮᠳᠠᠭᠠᠨ ᠤ ᠲᠣᠰᠣᠨ ᠣᠲᠤᠭ᠎ᠠ ᠪᠠ ᠦᠮᠡᠬᠡᠢ ᠮᠠᠭᠤᠬᠠᠢ ᠰᠣᠨᠢᠨ ᠦᠨᠦᠷ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠦᠨ᠎ᠡ ᠃ ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠰᠢᠨ᠎ᠡ ᠪᠠᠷ ᠪᠠᠶᠢᠭᠤᠯᠵᠤ ᠥᠭᠡᠷᠡᠴᠢᠯᠡᠨ ᠥᠷᠭᠡᠳᠬᠡᠵᠦ ᠪᠠᠶᠢᠭᠤᠯᠤᠭᠰᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ ᠂ ᠰᠠᠭᠤᠭᠠᠯᠢ ᠠᠷᠠᠳ ᠤᠨ ᠠᠰᠠᠷ ᠤᠨ ᠣᠶᠢᠷ᠎ᠠ ᠬᠠᠪᠢ ᠪᠠᠷ ᠬᠢ ᠢᠳᠡᠭᠡᠨ ᠤᠮᠳᠠᠭᠠᠨ ᠤ ᠦᠢᠯᠡᠴᠢᠯᠡᠭᠡᠨ ᠤ  ᠨᠢᠭᠡᠴᠢ ᠶᠢᠨ ᠪᠠᠶᠢᠷᠢᠰᠢᠭᠤᠯᠤᠯᠲᠠ ᠳᠠᠬᠢ ᠬᠠᠮᠢᠶᠠᠷᠤᠯᠲᠠ ᠪᠠᠨ ᠴᠢᠩᠭᠠᠷᠠᠭᠤᠯᠤᠨ ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠨᠡᠭᠡᠭᠡᠬᠦ ᠪᠠᠷ ᠲᠥᠯᠥᠪᠯᠡᠵᠦ ᠪᠠᠶᠢᠭ᠎ᠠ ᠪᠠᠷᠢᠯᠭ᠎ᠠ ᠳᠤ ᠤᠲᠤᠭᠠᠨ ᠤ ᠲᠤᠰᠬᠠᠢ ᠬᠤᠭᠤᠯᠠᠢ ᠵᠠᠮ ᠢ ᠵᠢᠷᠤᠵᠤ ᠲᠥᠯᠥᠪᠯᠡᠨ ᠪᠠᠶᠢᠭᠤᠯᠵᠤ ᠂ ᠲᠤᠰᠤᠨ ᠤᠲᠤᠭ᠎ᠠ ᠭᠠᠳᠠᠭᠰᠢᠯᠠᠭᠤᠯᠬᠤ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠨᠢ ᠡᠷᠬᠡᠪᠰᠢ ᠲᠣᠰᠣᠨ ᠣᠲᠤᠭ᠎ᠠ ᠴᠡᠪᠡᠷᠰᠢᠭᠦᠯᠬᠦ ᠪᠡᠯᠡᠳᠬᠡᠮᠵᠢ ᠤᠭᠰᠠᠷᠠᠬᠤ ᠬᠡᠷᠡᠭᠲᠡᠢ ᠃ ᠢᠳᠡᠭᠡᠨ ᠤᠮᠳᠠᠭᠠᠨ ᠤ ᠲᠤᠰᠤᠨ ᠤᠲᠤᠭᠠᠨ ᠤ ᠪᠣᠬᠢᠷᠲᠤᠯ ᠢ ᠵᠠᠰᠠᠬᠤ ᠪᠡᠯᠡᠳᠬᠡᠮᠵᠢ ᠶᠢ ᠬᠠᠮᠠᠭᠠᠯᠠᠬᠤ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠪᠠᠨ ᠴᠢᠩᠭᠠᠳᠬᠠᠵᠤ ᠂ ᠨᠥᠬᠦᠴᠡᠯ ᠲᠠᠢ ᠭᠠᠵᠠᠷ ᠣᠷᠣᠨ ᠤ ᠬᠢᠨ ᠤ ᠵᠠᠰᠠᠬᠤ ᠪᠡᠯᠡᠳᠬᠡᠮᠵᠢ ᠪᠠᠨ ᠭᠤᠷᠪᠠᠳᠠᠭᠢ ᠡᠲᠡᠭᠡᠳ ᠢᠶᠠᠷ ᠠᠵᠢᠯᠯᠠᠭᠤᠯᠵᠤ ᠪᠠᠲᠤᠯᠠᠨ ᠬᠠᠮᠢᠶᠠᠷᠤᠭᠤᠯᠬᠤ ᠵᠢᠴᠢ ᠰᠦᠯᠵᠢᠶ᠎ᠡ ᠪᠠᠷ ᠬᠢᠨᠠᠨ ᠡᠵᠡᠮᠳᠡᠭᠦᠯᠬᠦ ᠶᠢ ᠨᠢ ᠠᠬᠢᠭᠤᠯᠤᠨ᠎ᠠ ᠃ ᠬᠢᠮᠢ ᠶᠢᠨ ᠠᠵᠤ ᠦᠢᠯᠡᠳᠪᠦᠷᠢ ᠂ ᠡᠮ ᠦᠢᠯᠡᠳᠬᠦ ᠂ ᠢᠳᠡᠭᠡᠨ ᠤ ᠵᠦᠢᠯ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠤᠨ ᠬᠢᠨ ᠤ ᠦᠮᠡᠬᠡᠢ ᠦᠨᠦᠷ ᠲᠤ ᠭᠦᠨᠵᠡᠭᠡᠢ ᠵᠠᠰᠠᠯᠲᠠ ᠬᠢᠬᠦ ᠶᠢ ᠨᠢ ᠠᠬᠢᠭᠤᠯᠤᠨ ᠂ ᠬᠤᠭ ᠨᠣᠪᠰᠢ ᠂ ᠪᠣᠬᠢᠷ ᠤᠰᠤᠨ ᠤ ᠪᠣᠬᠢᠷᠳᠤᠯ ᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢᠨ ᠭᠤᠣᠯᠳᠠᠯᠭ᠎ᠠ ᠪᠣᠯᠬᠤ ᠭᠤᠭᠴᠣᠭᠠᠨ ᠳᠤ ᠦᠮᠡᠬᠡᠢ ᠦᠨᠦᠷ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠎ᠠ ᠃ ᠦᠮᠡᠬᠡᠢ ᠮᠠᠭᠤᠬᠠᠢ ᠰᠣᠨᠢᠨ ᠦᠨᠦᠷ ᠨᠢ ᠠᠷᠠᠳ ᠲᠤ ᠨᠥᠯᠥᠭᠡ ᠪᠣᠯᠵᠤ ᠪᠠᠶᠢᠭ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ ᠂ ᠵᠠᠭᠠᠯᠳᠤᠯᠭ᠎ᠠ ᠲᠥᠪᠯᠡᠷᠡᠭᠰᠡᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠭᠤᠣᠯᠳᠠᠯᠭ᠎ᠠ ᠪᠣᠯᠬᠤ ᠠᠵᠤ ᠠᠬᠤᠶᠢᠯᠠᠯ ᠳᠤ ᠦᠮᠡᠬᠡᠢ ᠮᠠᠭᠤᠬᠠᠢ ᠦᠨᠦᠷ ᠢ ᠰᠦᠯᠵᠢᠶ᠎ᠡ ᠪᠠᠷ ᠬᠢᠨᠠᠨ ᠰᠢᠨᠵᠢᠬᠦ ᠲᠥᠬᠦᠭᠡᠷᠦᠮᠵᠢ ᠶᠢ ᠤᠭᠰᠠᠷᠠᠨ ᠠᠵᠢᠯᠯᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢ ︶ ᠠᠭᠠᠷ ᠮᠠᠨᠳᠠᠯ ᠤᠨ ᠰᠢᠪᠲᠦᠷ ᠤᠨ ᠪᠣᠬᠢᠷᠲᠤᠯ ᠢ ᠰᠡᠷᠭᠡᠶᠢᠯᠡᠨ ᠡᠵᠡᠮᠳᠡᠬᠦ ᠶᠢ ᠠᠬᠢᠭᠤᠯᠤᠨ᠎ᠠ ᠃  ᠪᠠᠷᠢᠮᠵᠢᠶᠠᠵᠢᠭᠤᠯᠤᠨ ᠬᠡᠪᠴᠢᠶᠡᠵᠢᠯ ᠲᠠᠢ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠳᠤ ᠡᠬᠢ ᠢᠷᠡᠯᠲᠡ ᠠᠴᠠ ᠨᠢ ᠲᠤᠭ᠎ᠠ ᠲᠣᠯᠣᠭᠠᠢ ᠶᠢ ᠨᠢ ᠪᠠᠭᠠᠰᠬᠠᠬᠤ ᠂ ᠶᠠᠪᠤᠴᠠ ᠶᠢ ᠨᠢ ᠡᠵᠡᠮᠳᠡᠬᠦ ᠶᠢ ᠵᠣᠷᠢᠭᠵᠢᠭᠤᠯᠤᠨ ᠂ ᠢᠯᠭᠠᠳᠠᠰᠤ ᠶᠢ ᠵᠥᠭᠡᠭᠡᠨ ᠬᠦᠷᠭᠡᠬᠦ ᠂ ᠬᠠᠳᠠᠭᠠᠯᠠᠬᠤ ᠵᠢᠴᠢ ᠰᠢᠢᠳᠪᠦᠷᠢᠯᠡᠬᠦ ᠪᠡᠯᠡᠳᠬᠡᠮᠵᠢ ᠶᠢ ᠪᠢᠲᠡᠭᠦᠮᠵᠢᠯᠡᠬᠦ ᠶᠢ ᠨᠢ ᠳᠡᠮᠵᠢᠵᠦ ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠪᠠ ᠰᠢᠢᠳᠪᠦᠷᠢᠯᠡᠬᠦ ᠶᠢ ᠴᠢᠩᠭᠠᠳᠬᠠᠨ᠎ᠠ ᠃ ᠬᠢᠮᠢ ᠶᠢᠨ ᠪᠣᠷᠳᠣᠭᠤᠷ ᠣᠷᠤᠭᠤᠯᠬᠤ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠳᠡᠯᠭᠡᠷᠡᠭᠦᠯᠵᠦ ᠂ ᠬᠥᠷᠥᠰᠥ ᠰᠢᠷᠣᠢ ᠶᠢ ᠪᠠᠶᠢᠴᠠᠭᠠᠨ ᠰᠢᠯᠭᠠᠵᠤ ᠨᠠᠶᠢᠷᠠᠯᠭ᠎ᠠ ᠲᠠᠢ ᠪᠣᠷᠳᠣᠭᠤᠷ ᠣᠷᠤᠭᠤᠯᠬᠤ ᠠᠵᠢᠯ ᠢ ᠥᠷᠨᠢᠭᠦᠯᠦᠨ ᠂ ᠪᠣᠷᠳᠣᠭᠤᠷ ᠢ ᠭᠦᠨ ᠣᠷᠣᠭᠤᠯᠬᠤ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠥᠨᠳᠥᠷ ᠦᠷ᠎ᠡ ᠪᠦᠲᠦᠮᠵᠢᠲᠡᠶ ᠪᠠᠷ ᠪᠣᠷᠳᠣᠭᠤᠷ ᠣᠷᠣᠭᠤᠯᠬᠤ ᠮᠡᠷᠭᠡᠵᠢᠯ ᠢ ᠬᠡᠷᠡᠭᠵᠢᠭᠦᠯᠵᠦ ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠶᠢ ᠵᠣᠷᠢᠭᠵᠢᠭᠤᠯᠤᠨ᠎ᠠ ᠃ ᠠᠽᠣᠲ ᠪᠣᠷᠳᠣᠭᠤᠷ ᠂ ᠬᠤᠵᠢᠷ ᠂ ᠱᠦᠢᠨᠢ ᠵᠡᠷᠭᠡ ᠠᠵᠢᠯ ᠲᠥᠷᠥᠯ ᠤᠨ ᠰᠢᠪᠲᠦᠷ ᠤᠨ ᠭᠠᠳᠠᠭᠰᠢᠯᠠᠭᠤᠯᠤᠯᠲᠠ ᠶᠢᠨ ᠵᠠᠰᠠᠯᠲᠠ ᠶᠢ ᠴᠢᠩᠭᠠᠳᠬᠠᠬᠤ ᠬᠡᠷᠡᠭᠲᠡᠢ ᠃ ᠠᠵᠤ ᠦᠢᠯᠡᠳᠪᠦᠷᠢ ᠶᠢᠨ ᠢᠷᠡᠯᠲᠡᠲᠦ ᠣᠲᠤᠭ᠎ᠠ ᠤᠨᠢᠶᠠᠷ ᠤᠨ ᠬᠦᠬᠦᠷ ᠦᠭᠡᠶᠢᠳᠡᠭᠦᠯᠬᠦ ᠱᠡᠦ ᠦᠭᠡᠶᠢᠳᠡᠭᠦᠯᠬᠦ ᠳᠤ ᠰᠢᠪᠲᠦᠷ ᠵᠢᠭᠤᠲᠠᠬᠤ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠷᠠᠭᠤᠯᠵᠤ ᠂ ᠬᠠᠶᠠᠭᠳᠠᠮᠠᠯ ᠬᠡᠢ ᠭᠠᠳᠠᠭᠰᠢᠯᠠᠭᠤᠯᠬᠤ ᠠᠮᠠᠰᠠᠷ ᠲᠠᠬᠢ ᠵᠢᠭᠤᠲᠠᠭᠰᠠᠨ ᠰᠢᠪᠲᠦᠷ ᠤᠨ ᠥᠳᠬᠡᠴᠡ ᠶᠢ ᠵᠠᠷᠴᠢᠮ ᠳᠡᠭᠡᠷ᠎ᠡ ᠪᠠᠨ 8 ᠮᠢᠯᠢᠭᠷᠡᠮ / ᠺᠦᠪ ᠮᠧᠲᠷ ᠤᠨ ᠳᠣᠲᠣᠷ᠎ᠠ ᠬᠢᠵᠠᠭᠠᠷᠯᠠᠬᠤ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠲᠤᠯᠤᠭ᠎ᠠ ᠂ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ

      ︵ᠬᠤᠷᠢᠨ ᠨᠢᠭᠡ ︶ ᠣᠷᠣᠨ ᠪᠦᠰᠡ ᠨᠦᠭᠦᠳ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ  ᠴᠢᠩᠭᠠᠷᠠᠭᠤᠯᠤᠨ᠎ᠠ ᠃ ᠠᠭᠠᠷ ᠤᠨ ᠴᠡᠪᠡᠷᠴᠡ ᠨᠢ ᠪᠠᠷᠢᠮᠵᠢᠶ᠎ᠠ ᠳᠤ ᠬᠦᠷᠦᠭᠰᠡᠨ ᠦᠭᠡᠢ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ ︶᠎ ᠨᠤᠭᠤᠳ ᠠᠭᠠᠷ ᠮᠠᠨᠳᠠᠯ ᠤᠨ ᠣᠷᠴᠢᠨ ᠲᠣᠭᠤᠷᠢᠨ ᠤ ᠴᠢᠨᠠᠷ ᠢ ᠲᠣᠭᠲᠠᠭᠰᠠᠨ ᠬᠤᠭᠤᠴᠠᠭᠠᠨ ᠳᠤ ᠪᠠᠷᠢᠮᠵᠢᠶ᠎ᠠ ᠳᠤ ᠬᠦᠷᠦᠭᠦᠯᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠪᠠᠷᠢᠮᠵᠢᠶ᠎ᠠ ᠳᠤ ᠬᠦᠷᠦᠭᠦᠯᠬᠦ ᠠᠵᠢᠯ ᠤᠨ ᠱᠤᠭᠤᠮ ᠤᠨ ᠵᠢᠷᠤᠭ ᠵᠢᠴᠢ ᠭᠤᠣᠯᠳᠠᠯᠭ᠎ᠠ ᠪᠣᠯᠬᠤ ᠡᠭᠦᠷᠭᠡ ᠪᠠᠨ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠳᠤ ᠢᠯᠡ ᠪᠣᠯᠭᠠᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠬᠦ ᠂ ᠨᠢᠭᠡᠳᠦᠯᠲᠡᠢ ᠪᠠᠷᠢᠮᠵᠢᠶ᠎ᠠ ᠪᠠᠷ ᠠᠵᠢᠯᠯᠠᠬᠤ ᠂ ᠨᠢᠭᠡᠳᠦᠯᠲᠡᠢ ᠬᠢᠨᠠᠨ ᠬᠡᠮᠵᠢᠬᠦ ᠂ ᠨᠢᠭᠡᠳᠦᠯᠲᠡᠢ ᠬᠠᠤᠯᠢ ᠬᠡᠷᠡᠭᠵᠢᠭᠦᠯᠬᠦ ᠂ ᠪᠣᠬᠢᠷᠲᠤᠯ ᠢ ᠨᠢᠭᠡᠳᠦᠯᠲᠡᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ ᠂ ᠭᠤᠣᠯᠳᠠᠯᠭ᠎ᠠ ᠪᠣᠯᠬᠤ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ ᠃ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠂ ᠵᠡᠭᠦᠨ ᠬᠤᠶᠢᠲᠤ ᠶᠢᠨ ᠭᠤᠷᠪᠠᠨ ᠮᠤᠵᠢ ᠂ ᠨᠢᠩᠰᠢᠶᠠ ᠵᠡᠷᠭᠡ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠨ᠎ᠠ ᠃ ᠬᠥᠷᠰᠢ ᠵᠡᠷᠭᠡᠯᠡᠳᠡᠭᠡ ᠠᠶᠢᠮᠠᠭ ᠬᠤᠲᠠ ᠬᠤᠭᠤᠷᠣᠨᠳᠤ ᠪᠠᠨ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠ ᠬᠤᠯᠪᠣᠭᠠᠯᠠᠵᠤ ᠰᠣᠯᠪᠢᠴᠠᠨ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ ᠃ ᠮᠤᠵᠢ ᠶᠢᠨ ᠵᠠᠭᠠᠭ ᠱᠤᠭᠤᠮ ᠤᠨ ᠬᠤᠶᠠᠷ ᠬᠠᠪᠢ ᠶᠢᠨ 20 ᠺᠢᠯᠣᠮᠧᠲᠷ ᠤᠨ ᠳᠣᠲᠣᠷᠠᠬᠢ ᠭᠠᠵᠠᠷ ᠣᠷᠣᠨ ᠳᠠᠬᠢ ᠠᠭᠠᠷ ᠮᠠᠨᠳᠠᠯ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠠᠵᠢᠯ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠵᠢᠴᠢ ᠰᠠᠯᠬᠢᠨ ᠤᠷᠤᠭᠤ ᠬᠡᠰᠡᠭ ᠤᠨ ᠠᠭᠠᠷ ᠤᠨ ᠴᠡᠪᠡᠷᠴᠡ ᠳᠤ ᠨᠥᠯᠥᠭᠡ ᠶᠡᠬᠡᠲᠡᠢ ᠰᠢᠨ᠎ᠡ ᠪᠠᠷ ᠪᠠᠶᠢᠭᠤᠯᠬᠤ ᠥᠨᠳᠥᠷ ᠴᠠᠬᠤ ᠶᠢᠨ  ᠢᠷᠡᠯᠲᠡ ᠲᠠᠢ ᠲᠥᠷᠥᠯ ᠵᠦᠢᠯ ᠳᠤ ᠂ ᠵᠠᠬ᠎ᠠ ᠨᠡᠶᠢᠯᠡᠭᠰᠡᠨ ᠮᠤᠵᠢ ᠯᠤᠭ᠎ᠠ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠨᠢᠭᠡᠳᠦᠯᠲᠦ ᠴᠢᠨᠠᠷᠲᠠᠢ ᠵᠥᠪᠳᠡᠯᠴᠡᠭᠡ ᠶᠢ ᠥᠷᠨᠢᠭᠦᠯᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢᠨ ᠬᠤᠶᠠᠷ ︶ ᠪᠣᠬᠢᠷᠲᠤᠯ ᠶᠡᠬᠡᠲᠡᠢ ᠴᠠᠭ ᠠᠭᠤᠷ ᠢ ᠠᠷᠭᠠᠴᠠᠭᠠᠬᠤ ᠲᠣᠭᠲᠠᠴᠠ ᠪᠠᠨ ᠲᠡᠭᠦᠯᠳᠡᠷᠵᠢᠭᠦᠯᠦᠨ᠎ᠡ ᠃  ᠪᠣᠬᠢᠷᠲᠤᠯ ᠶᠡᠬᠡᠲᠡᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠠᠰᠠᠪᠤᠷᠢᠯᠠᠨ ᠲᠡᠭᠦᠯᠳᠡᠷᠵᠢᠭᠦᠯᠵᠦ ᠂ ᠪᠣᠬᠢᠷᠲᠤᠯ ᠶᠡᠬᠡᠲᠡᠢ ᠴᠠᠭ ᠠᠭᠤᠷ ᠢ ᠠᠷᠭᠠᠴᠠᠭᠠᠬᠤ ︽ᠥᠪᠡᠷᠲᠡᠭᠡᠨ ᠵᠠᠰᠠᠬᠤ ᠣᠷᠣᠨ - ᠠᠶᠢᠮᠠᠭ ᠬᠤᠲᠠ - ᠬᠤᠰᠢᠭᠤ ᠰᠢᠶᠠᠨ ︵ᠬᠤᠲᠠ ᠂ ᠲᠣᠭᠤᠷᠢᠭ ︶︾ ᠭᠤᠷᠪᠠᠨ ᠱᠠᠲᠤᠨ ᠤ ᠪᠡᠯᠡᠳᠬᠡᠯ ᠲᠥᠰᠥᠯ ᠤᠨ  ᠲᠣᠭᠲᠠᠯᠴᠠᠭ᠎ᠠ ᠶᠢ ᠰᠢᠨᠡᠳᠬᠡᠨ᠎ᠡ ᠃ ᠠᠮᠢ ᠠᠬᠤᠢ ᠣᠷᠴᠢᠨ ᠲᠣᠭᠤᠷᠢᠨ ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠤ ᠬᠠᠮᠲᠤᠷᠠᠨ ᠵᠥᠪᠳᠡᠯᠴᠡᠵᠦ ᠤᠷᠢᠳᠴᠢᠯᠠᠨ ᠮᠡᠳᠡᠭᠦᠯᠬᠦ ᠲᠣᠭᠲᠠᠴᠠ ᠶᠢ ᠪᠦᠷᠢᠨᠰᠢᠭᠦᠯᠦᠨ ᠂ ᠪᠣᠬᠢᠷᠲᠤᠯ ᠶᠡᠬᠡᠲᠡᠢ ᠴᠠᠭ ᠠᠭᠤᠷ ᠢ ᠲᠥᠰᠥᠭᠡᠯᠡᠬᠦ ᠣᠨᠣᠪᠴᠢ ᠶᠢᠨ ᠨᠣᠷᠮ᠎ᠠ ᠪᠠ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠎ᠡ ᠃ ᠭᠤᠣᠯᠳᠠᠯᠭ᠎ᠠ ᠪᠣᠯᠬᠤ ᠠᠵᠢᠯ ᠲᠥᠷᠥᠯ ᠤᠨ ᠠᠵᠤ ᠠᠬᠤᠶᠢᠯᠠᠯ ᠤᠨ ᠠᠮᠵᠢᠯᠲᠠ ᠪᠦᠲᠦᠮᠵᠢ ᠳᠤ ᠲᠠᠰ ᠬᠤᠪᠢᠶᠠᠬᠤ ᠶᠢ ᠪᠥᠬᠦ ᠲᠠᠯ᠎ᠠ ᠪᠠᠷ ᠥᠷᠨᠢᠭᠦᠯᠵᠦ ᠂ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠃ ᠪᠠᠴᠢᠮ ᠪᠠᠶᠢᠳᠠᠯ ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ ᠂ ᠠᠭᠠᠷ ᠮᠠᠨᠳᠠᠯ ᠳᠤ ᠬᠤᠯᠪᠣᠭᠳᠠᠬᠤ ᠠᠵᠤ ᠠᠬᠤᠶᠢᠯᠠᠯ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

       ᠨᠠᠢᠮᠠ ᠂ ᠬᠢᠨᠠᠨ ᠬᠠᠮᠢᠶᠠᠷᠬᠤ ᠴᠢᠳᠠᠪᠤᠷᠢ ᠪᠠᠨ ᠪᠦᠲᠦᠮᠵᠢᠲᠡᠢ ᠳᠡᠭᠡᠭᠰᠢᠯᠡᠭᠦᠯᠦᠨ᠎ᠡ

      ︵ᠬᠤᠷᠢᠨ ᠭᠤᠷᠪᠠ ︶ ᠬᠢᠨᠠᠨ ᠰᠢᠨᠵᠢᠵᠦ ᠬᠢᠨᠠᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ ᠃ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ ᠂ ᠠᠵᠤ ᠦᠢᠯᠡᠳᠪᠦᠷᠢ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ ᠲᠡᠮᠦᠷ ᠵᠠᠮ ᠤᠨ ᠪᠠᠷᠠᠭᠠᠨ ᠤ ᠲᠠᠯᠠᠪᠤᠷ ᠂ ᠨᠢᠰᠬᠡᠯ ᠤᠨ ᠪᠠᠭᠤᠳᠠᠯ ᠂ ᠵᠠᠰᠠᠮᠠᠯ ᠵᠠᠮ ᠵᠡᠷᠭᠡ ᠶᠢᠨ ᠠᠭᠠᠷ ᠮᠠᠨᠳᠠᠯ ᠤᠨ ᠣᠷᠴᠢᠨ ᠲᠣᠭᠤᠷᠢᠨ ᠢ ᠬᠢᠨᠠᠨ ᠰᠢᠨᠵᠢᠬᠦ ᠪᠠᠨ ᠴᠢᠩᠭᠠᠳᠬᠠᠵᠤ ᠂ ᠰᠢᠯᠢ ᠶᠢᠨ ᠭᠤᠣᠯ ᠠᠶᠢᠮᠠᠭ ᠂ ᠠᠯᠠᠱᠠ ᠠᠶᠢᠮᠠᠭ ᠲᠤ ᠠᠭᠠᠷ ᠮᠠᠨᠳᠠᠯ ᠤᠨ ᠠᠬᠤᠢ ᠪᠠᠶᠢᠳᠠᠯ ᠢ ᠠᠵᠢᠭᠯᠠᠨ ᠰᠢᠨᠵᠢᠬᠦ ᠥᠷᠲᠡᠭᠡ ᠶᠢ ᠨᠡᠮᠡᠵᠦ ᠪᠠᠶᠢᠭᠤᠯᠤᠨ᠎ᠠ ᠃ ᠡᠯᠡᠰᠦᠨ ᠤ ᠢᠷᠡᠯᠲᠡ ᠶᠢᠨ ᠣᠷᠣᠨ ᠵᠢᠴᠢ ᠡᠯᠡᠰᠦᠨ ᠰᠢᠭᠤᠷᠭ᠎ᠠ ᠶᠢᠨ ᠥᠩᠭᠡᠷᠡᠬᠦ ᠬᠡᠰᠡᠭ ᠤᠨ ᠴᠠᠭ ᠠᠭᠤᠷ ᠂ ᠠᠭᠠᠷ ᠤᠨ ᠴᠡᠪᠡᠷᠴᠡ ᠵᠡᠷᠭᠡ ᠶᠢ ᠬᠢᠨᠠᠨ ᠰᠢᠨᠵᠢᠬᠦ ᠲᠣᠣᠷ ᠰᠦᠯᠵᠢᠶ᠎ᠡ ᠪᠠᠨ ᠨᠢᠭᠡ ᠴᠣᠭᠴᠠᠵᠢᠭᠤᠯᠤᠨ ᠪᠠᠶᠢᠭᠤᠯᠬᠤ ᠶᠢ ᠴᠢᠩᠭᠠᠳᠬᠠᠨ᠎ᠠ ᠃ ᠠᠭᠠᠷ ᠮᠠᠨᠳᠠᠯ ᠤᠨ ᠣᠷᠴᠢᠨ ᠲᠣᠭᠤᠷᠢᠨ ᠤ ᠪᠣᠬᠢᠷᠲᠤᠯ ᠭᠠᠳᠠᠭᠰᠢᠯᠠᠭᠤᠯᠬᠤ ᠭᠤᠣᠯᠳᠠᠯᠭ᠎ᠠ ᠪᠣᠯᠬᠤ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠰᠢᠨᠡᠳᠬᠡᠵᠦ ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠦᠬᠦᠨ ᠢ ᠬᠠᠮᠤᠷᠬᠤ ᠪᠠᠨ ᠦᠨᠡᠨ ᠬᠦ  ᠪᠠᠲᠤᠯᠠᠬᠤ ᠬᠡᠷᠡᠭᠲᠡᠢ ᠃ ᠠᠵᠤ ᠠᠬᠤᠶᠢᠯᠠᠯ ᠤᠨ ᠠᠵᠢᠯ ᠤᠨ ᠪᠠᠶᠢᠳᠠᠯ ᠢ ᠬᠢᠨᠠᠨ ᠡᠵᠡᠮᠳᠡᠬᠦ ᠂ ᠴᠠᠬᠢᠯᠭᠠᠨ ᠬᠡᠷᠡᠭᠯᠡᠬᠦ ︵ᠡᠨᠧᠷᠭᠢ ᠬᠡᠷᠡᠭᠯᠡᠬᠦ ︶᠎ ᠶᠢ ᠬᠢᠨᠠᠨ ᠡᠵᠡᠮᠳᠡᠬᠦ ᠂  ᠸᠢᠳᠢᠤ᠋ ᠭᠡᠲᠡᠭᠦᠯ ᠵᠡᠷᠭᠡ ᠶᠢ ᠤᠭᠰᠠᠷᠠᠬᠤ ᠶᠢᠨ ᠬᠠᠮᠲᠤ ᠂ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠰᠦᠯᠵᠢᠶ᠎ᠡ ᠯᠦᠭᠡ ᠬᠤᠯᠪᠣᠬᠤ ᠶᠢ ᠠᠬᠢᠭᠤᠯᠤᠨ᠎ᠠ ᠃ ᠡᠯ᠎ᠡ ᠱᠠᠲᠤᠨ ᠤ ᠬᠥᠳᠡᠯᠭᠡᠭᠡᠨᠲᠦ ᠮᠠᠰᠢᠨ ᠮᠧᠬᠠᠨᠢᠭ ᠤᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠶᠢᠨ ᠬᠦᠨᠳᠦ ᠬᠡᠯᠪᠡᠷᠢ ᠶᠢᠨ ᠴᠠᠶᠢᠶ᠋ᠢᠦ ᠮᠠᠰᠢᠨ ᠲᠡᠷᠭᠡ ᠪᠠ ᠵᠠᠮᠨᠠᠬᠤ ᠪᠤᠰᠤ ᠬᠥᠳᠡᠯᠭᠡᠭᠡᠨᠲᠦ ᠮᠧᠬᠠᠨᠢᠭ ᠢ ᠠᠯᠤᠰ ᠡᠵᠡᠮᠰᠢᠯᠲᠦ ᠰᠦᠯᠵᠢᠶ᠎ᠡ ᠪᠠᠷ ᠬᠢᠨᠠᠨ ᠡᠵᠡᠮᠳᠡᠬᠦ ᠲᠠᠪᠴᠠᠩ ᠢ ᠨᠢ ᠲᠡᠭᠦᠯᠳᠡᠷᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢᠨ ᠳᠥᠷᠪᠡ ︶ ᠠᠭᠠᠷ ᠮᠠᠨᠳᠠᠯ ᠤᠨ ᠣᠷᠴᠢᠨ ᠲᠣᠭᠤᠷᠢᠨ ᠤ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ ᠃ ︽ᠬᠤᠶᠠᠷ ᠢ ᠰᠤᠭᠤᠴᠢᠨ ᠪᠠᠶᠢᠴᠠᠭᠠᠵᠤ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ ᠂ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠬᠡᠷᠡᠭᠯᠡᠭᠡᠨ ᠢ ᠥᠷᠭᠡᠳᠬᠡᠨ᠎ᠡ ᠃ ᠪᠣᠬᠢᠷᠲᠤᠯ ᠤᠨ ᠡᠬᠢ ᠢᠷᠡᠯᠲᠡ ᠶᠢ ᠠᠦ᠋ᠲ᠋ᠣ᠋ ᠪᠠᠷ ᠬᠢᠨᠠᠨ ᠰᠢᠨᠵᠢᠬᠦ ᠲᠥᠬᠦᠭᠡᠷᠦᠮᠵᠢ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠬᠢᠨᠠᠨ ᠰᠢᠨᠵᠢᠭᠰᠡᠨ ᠲᠤᠭ᠎ᠠ ᠪᠠᠷᠢᠮᠲᠠ ᠶᠢᠨ ᠴᠢᠨᠠᠷᠯᠢᠭ ᠪᠠ ᠲᠣᠭᠲᠠᠭᠤᠨ ᠳᠠᠮᠵᠢᠭᠤᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ ᠃ ᠭᠤᠣᠯᠳᠠᠯᠭ᠎ᠠ ᠪᠣᠯᠬᠤ ᠣᠷᠣᠨ ᠪᠦᠰᠡ ᠂ ᠭᠤᠣᠯᠳᠠᠯᠭ᠎ᠠ ᠪᠣᠯᠬᠤ ᠠᠵᠢᠯ ᠲᠥᠷᠥᠯ ᠳᠤ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ ᠂ ᠲᠤᠰᠬᠠᠢ ᠬᠠᠤᠯᠢ ᠬᠡᠷᠡᠭᠵᠢᠭᠦᠯᠬᠦ ᠂ ᠬᠠᠮᠲᠤᠷᠠᠨ ᠬᠠᠤᠯᠢ ᠬᠡᠷᠡᠭᠵᠢᠭᠦᠯᠬᠦ ᠂ ᠰᠣᠯᠪᠢᠴᠠᠨ ᠬᠠᠤᠯᠢ ᠬᠡᠷᠡᠭᠵᠢᠭᠦᠯᠬᠦ ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠂ ᠠᠦ᠋ᠲ᠋ᠣ᠋ ᠪᠠᠷ ᠬᠢᠨᠠᠨ ᠰᠢᠨᠵᠢᠬᠦ ᠲᠥᠬᠦᠭᠡᠷᠦᠮᠵᠢ ᠶᠢ ᠬᠡᠪ ᠤᠨ ᠪᠤᠰᠤ ᠪᠠᠷ ᠠᠵᠢᠯᠯᠠᠭᠤᠯᠬᠤ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠳᠣᠣᠷ᠎ᠠ ᠦᠨ᠎ᠡ ᠪᠠ ᠴᠢᠨᠠᠷ ᠪᠠᠷᠤᠭᠲᠠᠢ ᠪᠠᠷ ᠳᠠᠭᠠᠭᠠᠴᠢᠯᠠᠯᠲᠠ ᠣᠨᠣᠭᠰᠠᠨ ᠡᠷᠦᠢ ᠬᠤᠷᠤᠢ ᠦᠭᠡᠢ ᠪᠠᠶᠢᠳᠠᠯ ᠢ ᠵᠠᠰᠠᠬᠤ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠂ ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠪᠣᠶ ᠪᠣᠯᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢᠨ ᠲᠠᠪᠤ ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠪᠠᠶᠢᠭᠤᠯᠬᠤ ᠶᠢ ᠳᠡᠮᠵᠢᠵᠦ ᠂ ᠭᠤᠣᠯᠳᠠᠯᠭ᠎ᠠ ᠪᠣᠯᠬᠤ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠪᠣᠢ ᠪᠣᠯᠤᠭᠰᠠᠨ ᠰᠢᠯᠲᠠᠭᠠᠨ ᠂ ᠣᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠲᠠᠯ᠎ᠠ ᠪᠠᠷ ᠬᠠᠮᠵᠢᠯᠴᠠᠨ ᠦᠷ᠎ᠡ ᠠᠰᠢᠭ ᠢᠶᠠᠨ ᠨᠡᠮᠡᠭᠳᠡᠭᠦᠯᠬᠦ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠵᠡᠷᠭᠡ ᠲᠠᠯ᠎ᠠ ᠶᠢᠨ ᠰᠤᠳᠤᠯᠭᠠᠨ ᠢ ᠴᠢᠩᠭᠠᠳᠬᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠃ ᠠᠭᠠᠷ ᠮᠠᠨᠳᠠᠯ ᠤᠨ ᠪᠣᠬᠢᠷᠲᠤᠯ ᠤᠨ ᠡᠬᠢ ᠢᠷᠡᠯᠲᠡ ᠶᠢᠨ ᠭᠠᠳᠠᠭᠰᠢᠯᠠᠭᠤᠯᠤᠯᠲᠠ ᠶᠢᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢ ᠵᠢᠷᠤᠮᠵᠢᠭᠤᠯᠬᠤ ᠂ ᠪᠠᠷᠢᠮᠵᠢᠶᠠᠵᠢᠭᠤᠯᠬᠤ ᠂ ᠲᠤᠰᠬᠠᠶᠢᠵᠢᠭᠤᠯᠬᠤ ᠶᠢ ᠠᠬᠢᠭᠤᠯᠵᠤ ᠂ 2025 ᠣᠨ ᠤ ᠰᠡᠭᠦᠯᠴᠢ ᠠᠴᠠ ᠡᠮᠦᠨ᠎ᠡ ᠂ ᠡᠯ᠎ᠡ ᠠᠶᠢᠮᠠᠭ ᠬᠤᠲᠠ ᠶᠢᠨ ᠭᠠᠳᠠᠭᠰᠢᠯᠠᠭᠤᠯᠤᠯᠲᠠ ᠶᠢᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠬᠦ ᠶᠢᠨ ᠬᠠᠮᠲᠤ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠶᠢᠰᠦ ᠂ ᠬᠠᠤᠯᠢ ᠲᠣᠭᠲᠠᠭᠠᠯ ᠤᠨ ᠪᠠᠷᠢᠮᠵᠢᠶ᠎ᠠ ᠪᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ

      ︵ᠬᠤᠷᠢᠨ ᠵᠢᠷᠭᠤᠭ᠎ᠠ ︶ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠣᠰᠣᠭᠠᠷ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︾ ᠪᠠ ︽ᠦᠬᠠᠢ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ︾᠎ ᠳᠤ ᠵᠠᠰᠠᠪᠤᠷᠢ ᠣᠷᠣᠭᠤᠯᠬᠤ ᠠᠵᠢᠯ ᠢ ᠴᠠᠭ ᠲᠤᠬᠠᠢ ᠳᠤ ᠨᠢ ᠠᠬᠢᠭᠤᠯᠤᠨ᠎ᠠ ᠃ ᠬᠠᠮᠢᠶ᠎ᠠ ᠪᠦᠬᠦᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠣᠷᠣᠨ ᠨᠤᠲᠤᠭ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠤᠨ ᠰᠤᠳᠤᠯᠭᠠᠨ ᠢ ᠥᠷᠨᠢᠭᠦᠯᠦᠨ᠎ᠡ ᠃ ᠨᠡᠭᠦᠷᠡᠰᠦ ᠂ ᠪᠥᠭᠡᠭᠡᠨᠡᠷᠡᠯ ᠾᠯᠣᠷᠣ᠋ ᠡᠲ᠋ᠧᠨ ︵PVC ︶ ᠵᠡᠷᠭᠡ ᠠᠵᠢᠯ ᠲᠦᠷᠦᠯ ᠤᠨ ᠠᠮᠵᠢᠯᠲᠠ ᠪᠦᠲᠦᠮᠵᠢ ᠶᠢᠨ ᠳᠡᠰ ᠬᠤᠪᠢᠶᠠᠬᠤ ᠮᠡᠷᠭᠡᠵᠢᠯ ᠤᠨ ᠵᠦᠭᠯᠡᠭᠦᠷ ᠢ ᠲᠣᠭᠲᠠᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠠᠤᠯᠢ ᠴᠠᠭᠠᠵᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢᠨ ᠳᠣᠯᠤᠭ᠎ᠠ ︶ ᠦᠨ᠎ᠡ ᠬᠠᠩᠰᠢ ᠶᠢᠨ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠣᠷᠭᠢᠯ ᠵᠠᠪᠠ ᠦᠶᠡᠴᠢᠯᠡᠭᠰᠡᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠪᠣᠷᠣᠯᠠᠭᠤᠯᠬᠤ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢ ᠠᠬᠢᠭᠤᠯᠤᠨ᠎ᠠ ᠃ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠬᠢᠭᠡᠳ ᠠᠵᠤ ᠦᠢᠯᠡᠰ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠷᠠᠭᠤᠯᠤᠨ ᠂ ᠡᠨᠧᠷᠭᠢ ᠶᠢᠨ ᠬᠤᠷᠣᠭᠳᠠᠯ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠷᠢ ᠲᠦᠪᠰᠢᠨ ᠢ ᠶᠡᠷᠦᠩᠬᠡᠶᠢᠯᠡᠨ ᠪᠣᠳᠣᠯᠬᠢᠯᠠᠵᠤ ᠂ ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠥᠷᠥᠯ ᠤᠨ ᠴᠠᠬᠢᠯᠭᠠᠨ ᠤ ᠱᠠᠲᠤᠯᠢᠭ ᠦᠨ᠎ᠡ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠤ ᠬᠢᠨ ᠤ ᠰᠢᠨ᠎ᠡ ᠡᠨᠧᠷᠭᠢ ᠶᠢᠨ ᠬᠤᠳᠠ ᠶᠢᠨ ᠤᠯᠠᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳᠤ ᠢᠳᠡᠪᠬᠢᠲᠡᠢ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ ᠃ ᠴᠡᠪᠡᠷ ᠳᠤᠯᠠᠭᠠᠯᠠᠭ᠎ᠠ ᠶᠢᠨ ︽ᠨᠡᠭᠦᠷᠡᠰᠦ ᠠᠴᠠ ᠴᠠᠬᠢᠯᠭᠠᠨ ᠬᠡᠷᠡᠭᠯᠡᠬᠦ ᠪᠣᠯᠭᠠᠵᠤ ᠥᠭᠡᠷᠡᠴᠢᠯᠡᠬᠦ ︾ ᠵᠢᠴᠢ ᠳᠤᠯᠠᠭᠠᠯᠠᠭ᠎ᠠ ᠳᠤ ᠬᠡᠷᠡᠭᠯᠡᠬᠦ ᠴᠠᠬᠢᠯᠭᠠᠨ ᠪᠣᠷᠣᠯᠠᠭᠤᠯᠬᠤ ᠲᠠᠯ᠎ᠠ ᠶᠢᠨ ᠣᠷᠬᠢᠯ ᠵᠠᠪᠠ ᠶᠢᠨ ᠴᠠᠬᠢᠯᠭᠠᠨ ᠤ ᠦᠨ᠎ᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ ︔ ᠬᠤᠲᠠ ᠪᠠᠯᠭᠠᠰᠤ ᠶᠢᠨ ᠰᠢᠲᠠᠮᠠᠬᠠᠢ ᠬᠡᠢ ᠳᠠᠮᠵᠢᠭᠤᠯᠵᠤ ᠲᠦᠭᠡᠭᠡᠬᠦ ᠲᠠᠰ ᠱᠠᠲᠤ ᠶᠢ ᠪᠠᠭᠠᠰᠬᠠᠵᠤ ᠂ ᠳᠠᠮᠵᠢᠭᠤᠯᠵᠤ ᠲᠦᠭᠡᠭᠡᠬᠦ ᠰᠢᠲᠠᠮᠠᠬᠠᠢ ᠬᠡᠢ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ ᠬᠢᠨᠠᠨ ᠬᠠᠮᠢᠶᠠᠷᠴᠤ ᠂ ᠰᠢᠲᠠᠮᠠᠬᠠᠢ ᠬᠡᠢ ᠶᠢᠨ ᠦᠵᠦᠭᠦᠷ ᠪᠣᠷᠤᠯᠠᠭᠤᠯᠭ᠎ᠠ ᠶᠢᠨ ᠦᠨ᠎ᠡ ᠬᠠᠩᠰᠢ ᠬᠢᠭᠡᠳ ᠬᠤᠳᠠᠯᠳᠤᠨ ᠠᠪᠬᠤ ᠦᠨ᠎ᠡ ᠬᠠᠩᠰᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠴᠡᠪᠡᠷ ᠳᠤᠯᠠᠭᠠᠯᠠᠭ᠎ᠠ ᠳᠠᠬᠢ ᠰᠢᠲᠠᠮᠠᠬᠠᠢ ᠬᠡᠢ ᠶᠢᠨ ᠦᠨ᠎ᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠬᠤᠷᠢᠨ ᠨᠠᠢᠮᠠ ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠎ᠠ ᠃ ᠲᠥᠪ ᠤᠨ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠵᠤ ᠤᠮᠠᠷᠠᠲᠤ ᠣᠷᠣᠨ ᠳᠠᠬᠢ ᠴᠡᠪᠡᠷ ᠳᠤᠯᠠᠭᠠᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠮᠵᠢᠯᠴᠠᠭᠠᠨ ᠤ ᠲᠦᠷᠦᠯ ᠵᠦᠢᠯ ᠳᠤ ᠡᠳ᠋ ᠤᠨ ᠵᠠᠰᠠᠭ ᠤᠨ ᠬᠠᠷᠠᠭᠠᠯᠵᠠᠯ ᠦᠵᠡᠭᠦᠯᠦᠨ᠎ᠡ ᠃ ᠤᠯᠠᠮᠵᠢᠯᠠᠯᠲᠤ ᠠᠵᠤ ᠦᠢᠯᠡᠰ ᠵᠢᠴᠢ ᠪᠦᠯᠦᠭᠵᠢᠯ ᠤᠨ ᠲᠠᠰ ᠳᠡᠪᠰᠢᠬᠦ ᠂ ᠠᠵᠤ ᠦᠢᠯᠡᠳᠪᠦᠷᠢ ᠶᠢᠨ ᠪᠣᠬᠢᠷᠲᠤᠯ ᠢ ᠵᠠᠰᠠᠬᠤ ᠂ ᠲᠡᠮᠦᠷ ᠵᠠᠮ ᠤᠨ ᠲᠤᠰᠬᠠᠢ ᠱᠤᠭᠤᠮ ᠢ ᠪᠦᠲᠦᠭᠡᠨ ᠪᠠᠶᠢᠭᠤᠯᠬᠤ ᠂ ᠰᠢᠨ᠎ᠡ ᠡᠨᠧᠷᠭᠢ ᠶᠢᠨ ᠲᠡᠮᠦᠷ ᠵᠠᠮ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠬᠦ ᠵᠡᠷᠭᠡ ᠬᠦᠷᠢᠶ᠎ᠡ ᠴᠠᠷᠠᠭ᠎ᠠ ᠪᠠ ᠠᠵᠢᠯ ᠲᠥᠷᠥᠯ ᠤᠨ ᠠᠮᠵᠢᠯᠲᠠ ᠪᠦᠲᠦᠮᠵᠢ ᠶᠢᠨ ᠳᠡᠰ ᠠᠩᠭᠢᠯᠠᠯ ᠢᠶᠠᠷ ᠲᠦᠷᠦᠭᠦᠯᠡᠭᠴᠢ ᠠᠵᠤ ᠠᠬᠤᠶᠢᠯᠠᠯ ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠢᠲᠡᠭᠡᠮᠵᠢᠲᠦ ᠵᠢᠭᠡᠯᠡᠯᠭᠡ ᠶᠢᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠨᠡᠶᠢᠭᠡᠮ ᠤᠨ ᠬᠥᠷᠥᠩᠭᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠵᠢᠯᠣᠭᠤᠳᠤᠨ᠎ᠠ ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠂ ᠡᠨᠧᠷᠭᠢ ᠶᠢᠨ ᠲᠣᠪᠴᠢᠶ᠎ᠠ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠠᠷᠪᠠ ᠂ ᠪᠦᠬᠦ ᠠᠷᠠᠳ ᠤᠨ ᠠᠵᠢᠯᠯᠠᠭᠠᠨ ᠢ ᠢᠳᠡᠪᠬᠢᠲᠡᠢ ᠥᠷᠨᠢᠭᠦᠯᠦᠨ᠎ᠡ

      ︵ᠬᠤᠷᠢ ᠶᠢᠰᠦ ︶ ᠮᠡᠳᠡᠭᠡ ᠵᠠᠩᠭᠢ ᠪᠠᠨ ᠢᠯᠡ ᠪᠣᠯᠭᠠᠬᠤ ᠶᠢ ᠠᠬᠢᠭᠤᠯᠤᠨ᠎ᠠ ᠃ ᠪᠣᠬᠢᠷᠳᠤᠯ ᠭᠠᠳᠠᠭᠰᠢᠯᠠᠭᠤᠯᠬᠤ ᠨᠢᠭᠡᠴᠢ ᠪᠠ ᠭᠤᠷᠪᠠᠳᠠᠭᠢ ᠡᠲᠡᠭᠡᠳ ᠠᠴᠠ ᠵᠠᠰᠠᠬᠤ ᠂ ᠠᠵᠢᠯᠯᠠᠭᠤᠯᠤᠨ ᠬᠠᠮᠠᠭᠠᠯᠠᠬᠤ ᠂ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠤᠳᠠᠯ ᠬᠠᠭᠤᠷᠮᠠᠭ ᠵᠣᠬᠢᠶᠠᠬᠤ ᠦᠢᠯᠡ ᠠᠵᠢᠯᠯᠠᠭ᠎ᠠ ᠶᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠨ᠎ᠡ ᠃ ᠪᠣᠬᠢᠷᠲᠤᠯ ᠭᠠᠳᠠᠭᠰᠢᠯᠠᠭᠤᠯᠵᠤ ᠪᠠᠶᠢᠭ᠎ᠠ ᠭᠤᠣᠯᠳᠠᠯᠭ᠎ᠠ ᠪᠣᠯᠬᠤ ᠨᠢᠭᠡᠴᠢ ᠨᠢ ᠦᠪᠡᠰᠦᠪᠡᠨ ᠬᠢᠨᠠᠨ ᠬᠡᠮᠵᠢᠭᠰᠡᠨ ᠪᠠ ᠪᠣᠬᠢᠷᠲᠤᠯ ᠭᠠᠳᠠᠭᠰᠢᠯᠠᠭᠤᠯᠤᠭᠰᠠᠨ ᠲᠤᠭ᠎ᠠ ᠪᠠᠷᠢᠮᠲᠠ ᠂ ᠪᠣᠬᠢᠷᠲᠤᠯ ᠢ ᠵᠠᠰᠠᠭᠰᠠᠨ ᠠᠷᠭ᠎ᠠ ᠬᠡᠮᠵᠢᠶ᠎ᠡ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠶᠢ ᠵᠥᠷᠢᠴᠡᠭᠰᠡᠨ ᠢᠶᠠᠷ ᠰᠢᠢᠳᠬᠡᠭᠳᠡᠵᠦ ᠲᠣᠷᠭᠠᠭᠳᠠᠭᠰᠠᠨ ᠵᠢᠴᠢ ᠴᠡᠭᠴᠡᠯᠡᠵᠦ ᠰᠠᠶᠢᠵᠢᠷᠠᠭᠤᠯᠤᠭᠰᠠᠨ ᠵᠡᠷᠭᠡ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ︵ᠭᠤᠴᠢ ︶ ᠪᠦᠬᠦ ᠠᠷᠠᠳ ᠤᠨ ᠠᠵᠢᠯᠯᠠᠭᠠᠨ ᠢ ᠬᠡᠷᠡᠭᠵᠢᠭᠦᠯᠦᠨ᠎ᠡ ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠂ ᠠᠷᠠᠳ ᠢᠷᠭᠡᠳ ᠤᠨ ᠣᠷᠴᠢᠨ ᠲᠣᠭᠤᠷᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ ᠂ ᠠᠪᠰᠠᠷᠬᠠᠨ ᠪᠥᠭᠡᠳ ᠲᠣᠬᠢᠷᠠᠮᠵᠢᠲᠠᠢ ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠢ ᠪᠣᠯᠭᠠᠬᠤ ᠶᠢ ᠠᠬᠢᠭᠤᠯᠤᠨ ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠠᠭᠠᠷ ᠤᠨ ᠴᠡᠪᠡᠷᠴᠡ ᠶᠢ ᠬᠠᠮᠲᠤ ᠪᠠᠷ ᠰᠠᠶᠢᠵᠢᠷᠠᠭᠤᠯᠤᠨ᠎ᠠ ᠃ ᠵᠠᠰᠠᠭ ᠤᠨ ᠣᠷᠳᠣᠨ ᠲᠦᠷᠦᠭᠦᠯᠡᠨ ᠪᠣᠬᠢᠷᠲᠤᠯ ᠦᠭᠡᠢ ᠬᠤᠳᠠᠯᠳᠤᠨ ᠠᠪᠤᠯᠲᠠ ᠶᠢ ᠥᠷᠨᠢᠭᠦᠯᠵᠦ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠪᠣᠬᠢᠷᠲᠤᠯ ᠦᠭᠡᠢ ᠦᠢᠯᠡᠳᠪᠦᠷᠢᠯᠡᠨ᠎ᠡ ᠃ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠪᠠᠨ ᠲᠡᠭᠦᠯᠳᠡᠷᠵᠢᠭᠦᠯᠵᠦ ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠬᠠᠩᠭᠠᠬᠤ ᠶᠢ ᠨᠢ ᠵᠣᠷᠢᠭᠵᠢᠭᠤᠯᠵᠤ ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠬᠡᠷᠡᠭᠲᠡᠢ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ ᠬᠤᠲᠠ ᠂ ᠲᠣᠭᠤᠷᠢᠭ  ︶᠎ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠭᠠᠷ ᠤᠨ ᠴᠡᠪᠡᠷᠴᠡ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠬᠡᠷᠡᠭᠵᠢᠭᠦᠯᠬᠦ ᠲᠥᠰᠥᠯ ᠢᠶᠠᠨ ᠵᠣᠬᠢᠶᠠᠨ ᠪᠠᠶᠢᠭᠤᠯᠤᠨ ᠲᠣᠭᠲᠠᠭᠠᠵᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠠᠵᠢᠯ ᠲᠥᠷᠥᠯ ᠲᠤᠰ ᠬᠦᠷᠢᠶᠡᠨ ᠳᠠᠬᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠶᠠᠨ ᠦᠨᠡᠨ ᠬᠦ ᠰᠠᠶᠢᠲᠤᠷ ᠬᠢᠬᠦ ᠬᠡᠷᠡᠭᠲᠡᠢ ᠃ ᠭᠤᠣᠯᠳᠠᠯᠭ᠎ᠠ ᠪᠣᠯᠬᠤ ᠭᠠᠵᠠᠷ ᠣᠷᠣᠨ ᠂ ᠭᠤᠣᠯᠳᠠᠯᠭ᠎ᠠ ᠪᠣᠯᠬᠤ ᠠᠵᠢᠯ ᠲᠦᠷᠦᠯ ᠢ ᠴᠢᠩᠭ᠎ᠠ ᠠᠩᠬᠠᠷᠴᠤ ᠂ ᠲᠦᠷᠦᠯ ᠵᠦᠢᠯ ᠢᠶᠠᠷ ᠲᠤᠯᠭᠠᠭᠤᠷᠢᠯᠠᠯ ᠪᠣᠯᠭᠠᠵᠤ ᠂ ᠬᠢᠨᠠᠯᠲᠠ ᠬᠠᠮᠢᠶᠠᠷᠤᠯᠲᠠ ᠪᠠᠷ ᠭᠠᠷᠳᠠᠴᠠ ᠪᠣᠯᠭᠠᠨ ᠂ ᠲᠤᠰ ᠲᠥᠰᠥᠯ ᠢ ᠨᠠᠶᠢᠳᠠᠪᠤᠷᠢᠵᠢᠭᠤᠯᠬᠤ ᠠᠵᠢᠯ ᠢᠶᠠᠨ ᠦᠨᠡᠨ ᠬᠦ ᠴᠢᠩᠭ᠎ᠠ ᠪᠣᠳᠠᠲᠠᠢ ᠠᠳᠬᠤᠬᠤ ᠬᠡᠷᠡᠭᠲᠡᠢ ᠃ ᠨᠡᠪᠲᠡᠷᠡᠭᠦᠯᠦᠨ ᠮᠡᠳᠡᠭᠡᠯᠡᠬᠦ ᠂ ᠨᠡᠷᠡᠰ ᠤᠨ ᠵᠢᠭᠰᠠᠭᠠᠯᠲᠠ ᠬᠢᠬᠦ ᠂ ᠵᠣᠬᠢᠴᠠᠭᠤᠯᠵᠤ ᠲᠣᠬᠢᠷᠠᠭᠤᠯᠬᠤ ᠂ ᠪᠣᠯᠵᠣᠨ ᠶᠠᠷᠢᠯᠴᠠᠬᠤ ᠂ ᠰᠢᠮᠳᠠᠭᠤᠯᠤᠨ ᠪᠠᠶᠢᠴᠠᠭᠠᠬᠤ ᠂ ᠰᠢᠯᠭᠠᠨ ᠬᠢᠨᠠᠬᠤ ᠠᠵᠢᠯ ᠤᠨ ᠲᠣᠭᠲᠠᠴᠠ ᠪᠠᠨ ᠴᠢᠩᠭᠠᠷᠠᠭᠤᠯᠵᠤ ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠳᠠᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠂ ᠣᠷᠴᠢᠨ ᠲᠣᠭᠤᠷᠢᠨ ᠤ ᠠᠭᠠᠷ ᠤᠨ ᠴᠡᠪᠡᠷᠴᠡ ᠶᠢ ᠦᠷᠭᠦᠯᠵᠢᠯᠡᠨ ᠰᠠᠶᠢᠵᠢᠷᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ ᠃

       

                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                             2024 ᠣᠨ ᠤ 5 ᠳ᠋ᠤᠭᠠᠷ ᠰᠠᠷ᠎ᠠ ᠶᠢᠨ 15᠎ ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ