ᠵᠢᠱᠢᠭᠰᠡᠨ ᠬᠠᠷᠠᠯᠲᠠ ᠪᠠᠨ ᠪᠦᠬᠦᠨ ᠢ ᠪᠡᠶᠡᠯᠡᠭᠦᠯᠪᠡ︕ ᠥᠪᠥᠷ ᠮᠣᠩᠭᠤᠯ ᠤᠨ ᠬᠢᠨ ᠣᠯᠠᠨ ᠳᠤ ᠱᠠᠭᠰᠢᠭᠤᠯᠤᠮᠠᠷ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠪᠠ
ᠨᠡᠶᠢᠲᠡᠯᠡᠭᠰᠡᠨ ᠴᠠᠭ᠄
2024/11/15

    2023 ᠣᠨ ᠳᠤ

    ᠦᠪᠦᠷ ᠮᠣᠩᠭᠤᠯ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ

    ᠣᠨ ᠤ ᠡᠭᠦᠷᠭᠡ ᠶᠢᠨ ᠢᠶᠠᠨ 151% ᠶᠢ ᠪᠡᠶᠡᠯᠡᠭᠦᠯᠪᠡ

    2024 ᠣᠨ ᠳᠤ

    1954 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠵᠦ

    ᠣᠨ ᠤ ᠡᠭᠦᠷᠭᠡ ᠶᠢᠨ ᠢᠶᠠᠨ 113% ᠶᠢ ᠪᠡᠶᠡᠯᠡᠭᠦᠯᠪᠡ

    ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠤᠷᠳᠤᠴᠠ︾ ᠪᠠᠨ ᠲᠦᠷᠭᠡᠳᠬᠡᠪᠡ

    ᠡᠳᠡᠭᠡᠷ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠤ ᠠᠷᠤ ᠳᠤ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠴᠢᠮ ᠴᠢᠩᠭ᠎ᠠ ᠪᠠᠶᠢᠬᠤ ᠶᠢ ᠬᠠᠷᠠᠭᠤᠯᠵᠤ ᠪᠠᠶᠢᠨ᠎ᠠ

    ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠤᠯ ᠦᠪᠦᠷ ᠮᠤᠩᠭᠤᠯ ᠤᠨ ᠦᠷᠭᠦᠯᠵᠢᠯᠡᠬᠦᠶᠢᠴᠡ ᠬᠦᠭᠵᠢᠯᠳᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠦᠨ

    ᠬᠡᠷᠬᠢᠨ ᠥᠪᠥᠷ ᠮᠣᠩᠭᠤᠯ ᠤᠨ ᠲᠩᠷᠢ ᠶᠢ ᠨᠠᠩ ᠬᠥᠬᠡ  ᠤᠰᠤ ᠶᠢ ᠨᠠᠩ ᠲᠤᠩᠭᠠᠯᠠᠭ  ᠡᠪᠡᠰᠦ ᠶᠢ ᠨᠠᠩ ᠨᠣᠭᠤᠭᠠᠨ ᠪᠣᠯᠭᠠᠬᠤ ᠪᠣᠢ

    ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠷᠤ ᠳᠠᠬᠢ ᠥᠭᠡᠷᠡᠴᠢᠯᠡᠯᠲᠡ ᠶᠢᠨ ᠨᠢᠭᠤᠴᠠ ᠨᠣᠮᠧᠷ ᠢ ᠰᠦᠪᠡᠭᠴᠢᠯᠡᠬᠦ ᠲᠠᠯ᠎ᠠ ᠪᠠᠷ ᠲᠠᠪᠤᠨ ᠰᠠᠯᠠᠭ᠎ᠠ ᠮᠥᠴᠢᠷ ᠤᠨ ᠬᠢᠨ ᠢᠵᠢᠯ ᠨᠢᠭᠡᠨ ᠰᠡᠳᠦᠪ ᠢ ᠬᠠᠮᠲᠤ ᠪᠠᠷ ᠬᠠᠷᠢᠭᠤᠯᠵᠠᠭᠠᠪᠠ︕

 

1.jpg


    11 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ  ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠰᠡᠨ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ — ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠬᠤ︾ ᠲᠤᠰᠬᠠᠶ ᠲᠠᠯᠠᠪᠤᠷ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠢ ᠤᠷᠢᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠤᠭᠰᠠᠨ ᠤ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠢ ᠬᠠᠷᠢᠭᠤᠯᠪᠠ᠃

    ᠦᠵᠡᠰᠭᠦᠯᠡᠩ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠲᠡᠳᠡ ᠡᠳᠡᠭᠡᠷ flag ᠢ ᠪᠣᠰᠬᠠᠪᠠ


ᠥᠪᠥᠷ ᠮᠣᠩᠭᠤᠯ ᠤᠨ ᠠᠮᠢ ᠠᠬᠤᠶ ᠣᠷᠴᠢᠨ ᠲᠣᠭᠤᠷᠢᠨ ᠤ ᠲᠢᠩᠬᠢᠮ

︽ᠲᠡᠭ ᠪᠣᠯᠭᠠᠬᠤ ᠬᠠᠷᠠᠯᠲᠠ︾

2.jpg


    ᠥᠪᠥᠷ ᠮᠣᠩᠭᠤᠯ ᠤᠨ ᠠᠮᠢ ᠠᠬᠤᠶ ᠣᠷᠴᠢᠨ ᠲᠣᠭᠤᠷᠢᠨ ᠤ ᠲᠢᠩᠬᠢᠮ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠵᠤ᠂ ᠵᠢᠱᠢᠶ᠎ᠡ ᠦᠵᠡᠭᠦᠯᠬᠦ 3 ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠡᠭ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ

3.jpg


    ᠥᠪᠥᠷ ᠮᠣᠩᠭᠤᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠦᠴᠦᠨ ᠵᠦᠢᠯ ᠤᠨ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠯᠲᠠ ᠶᠢᠨ ᠡᠬᠡ ᠵᠢᠷᠤᠭ᠂ ᠨᠢᠭᠡ ᠢᠵᠢ ᠭᠤᠷᠪᠠᠨ ᠬᠤᠪᠢᠶᠠᠷᠢ ᠲᠣᠭᠤᠷᠢᠭ ᠤᠨ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠨᠢᠭᠡᠴᠢ ᠪᠠ ᠨᠢᠭᠡ ᠬᠤᠪᠢ ᠣᠯᠠᠨ ᠲᠠᠰ ᠳᠠᠪᠬᠤᠷᠭ᠎ᠠ᠂ ᠣᠯᠠᠨ ᠬᠡᠮᠵᠢᠯᠳᠦ ᠶᠢᠨ ᠵᠥᠪᠰᠢᠶᠡᠷᠡᠯ ᠤᠨ ᠨᠠᠷᠢᠨ ᠲᠠᠩᠰᠠ ᠶᠢ ᠪᠣᠶ ᠪᠣᠯᠭᠠᠵᠤ᠂ ᠨᠡᠭᠡᠭᠡᠨ ᠬᠥᠭᠵᠢᠭᠦᠯᠵᠦ ᠬᠠᠮᠠᠭᠠᠯᠠᠵᠤ ᠪᠥᠲᠥᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠪᠠ᠃


ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ

︽6 ᠲᠠᠯ᠎ᠠ ᠪᠠᠷ 48 ᠵᠦᠢᠯ ᠤᠨ ᠪᠣᠳᠠᠲᠠᠶ ᠠᠷᠭ᠎ᠠ ᠬᠡᠮᠵᠢᠶ᠎ᠡ︾

4.jpg


ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪ ᠪᠠᠶᠢᠳᠠᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠪᠠ

    ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠢ 100% ᠪᠠᠷ ᠬᠠᠩᠭᠠᠬᠤ ᠶᠢ ᠦᠷᠭᠦᠯᠵᠢᠯᠡᠨ ᠠᠬᠢᠭᠤᠯᠪᠠ᠃

    ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠱᠢᠶ᠎ᠡ ᠦᠵᠡᠭᠦᠯᠬᠦ 3 ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠷᠨᠢᠭᠦᠯᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠭᠤᠷᠬᠠᠶ ᠵᠢᠴᠢ ᠲᠡᠭᠦᠨ ᠤ ᠡᠷᠬᠢᠨ ᠲᠣᠭᠤᠷᠢᠨ ᠳᠠᠬᠢ 10 ᠺᠢᠯᠣᠮᠧᠲᠷ ᠤᠨ ᠵᠠᠶᠢᠲᠠᠢ ᠭᠠᠵᠠᠷ ᠣᠷᠣᠨ ᠤ ᠵᠠᠰᠠᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 100 ᠺᠦᠸᠠᠳ᠋ ᠺᠢᠯᠣᠮᠧᠲᠷ ᠰᠡᠷᠭᠦᠭᠡᠨ ᠵᠠᠰᠠᠬᠤ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠡᠭ ᠪᠣᠯᠭᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ

︽ᠰᠦᠯᠵᠢᠶᠡᠨ ᠳᠤ ᠭᠠᠷᠭᠠᠬᠤ︾ ᠶᠢ ᠲᠣᠳᠣᠷᠬᠠᠶᠢᠯᠠᠵᠤ ︽ᠤᠯᠠᠭᠠᠨ ᠱᠤᠭᠤᠮ︾ ᠢ ᠪᠠᠶᠢᠭᠤᠯᠪᠠ

5.jpg


    ᠤᠯᠤᠰ ᠠᠴᠠ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠶᠢ ᠬᠠᠮᠤᠷᠤᠭᠰᠠᠨ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ︽ᠳᠡᠭᠡᠳᠦ ᠬᠢᠵᠠᠭᠠᠷ︾ ᠢ ᠲᠣᠳᠣᠷᠬᠠᠶᠢᠯᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠠᠲᠠᠭᠤ ᠬᠢᠵᠠᠭᠠᠷᠯᠠᠯ ᠤᠨ ︽ᠤᠯᠠᠭᠠᠨ ᠱᠤᠭᠤᠮ︾ ᠢ ᠪᠠᠶᠢᠭᠤᠯᠪᠠ᠃

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠤᠰᠤ ᠪᠠᠷ ᠳᠥᠷᠪᠡᠨ ᠵᠦᠢᠯ ᠢ ᠲᠣᠭᠲᠠᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠴᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃


6.jpg



ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ

1151 ᠲᠦᠮᠡᠨ ᠮᠥ  1.19 ᠳ᠋ᠦᠩᠰᠢᠭᠤᠷ ᠺᠢᠯᠣᠸᠠᠲ

7.jpg


    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ᠂ ᠢᠨᠵᠧᠨᠧᠷᠢᠩ ᠤᠨ ᠠᠭᠤᠰᠤᠯᠴᠠᠯ᠂ ᠣᠯᠠᠨ ᠡᠰᠢᠲᠦ ᠣᠷᠣᠭᠤᠯᠤᠯᠲᠠ ᠵᠡᠷᠭᠡ 7 ᠲᠠᠯ᠎ᠠ ᠠᠴᠠ ᠰᠢᠨ᠎ᠡ ᠡᠭᠦᠳᠦᠯᠲᠡ ᠶᠢ ᠠᠳᠬᠤᠨ᠎ᠠ᠃ 2030 ᠣᠨ ᠪᠣᠯᠬᠤ ᠳᠤ᠂ ᠨᠢᠭᠡ ᠴᠣᠭᠴᠠᠵᠢᠭᠤᠯᠤᠭᠰᠠᠨ ᠢᠨᠵᠧᠨᠧᠷᠢᠩ ᠢᠶᠠᠷ 1151 ᠲᠦᠮᠡᠨ ᠮᠥ ᠡᠯᠡᠰᠦᠷᠡᠭᠰᠡᠨ ᠭᠠᠵᠠᠷ ᠰᠢᠷᠣᠶ ᠶᠢ ᠵᠠᠰᠠᠵᠤ᠂ 1.19 ᠳ᠋ᠦᠩᠰᠢᠭᠤᠷ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠪᠥᠷᠢᠳᠦᠭᠦᠯᠦᠨ᠎ᠡ᠃


8.jpg


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ

ᠭᠤᠷᠪᠠᠨ ᠭᠠᠵᠠᠷ ᠣᠷᠣᠨ ᠢ ᠬᠤᠶᠠᠳᠤᠭᠠᠷ ᠪᠦᠯᠦᠭ ᠤᠨ ᠤᠯᠤᠰ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠨ᠎ᠠ


9.jpg


    ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠣᠬᠢᠷᠲᠤᠯ ᠥᠬᠡᠶ ᠬᠡᠷᠡᠭᠯᠡᠭᠡ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠠᠬᠢᠭᠤᠯᠬᠤ ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃

    ᠪᠤᠭᠤᠲᠤ᠂ ᠣᠷᠳᠣᠰ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠠᠩᠬᠠᠳᠠᠭᠴᠢ ᠪᠦᠯᠦᠭ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠬᠠᠮᠲᠤ᠂ ᠪᠥᠬᠦ ᠣᠷᠣᠨ ᠤ ᠬᠡᠪᠴᠢᠶᠡᠨ ᠳᠤ ᠨᠢᠭᠡ ᠪᠦᠯᠦᠭ ᠲᠥᠯᠥᠭᠡᠯᠡᠬᠦ ᠴᠢᠨᠠᠷᠲᠠᠶ ᠠᠶᠢᠮᠠᠭ ᠬᠤᠲᠠ ᠪᠣᠯᠤᠨ ᠬᠦᠷᠢᠶᠡᠯᠡᠩ ᠲᠣᠭᠤᠷᠢᠭ ᠢ ᠰᠣᠩᠭᠤᠨ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠎ᠡ᠃ ᠬᠥᠯᠥᠨ ᠪᠤᠶᠢᠷ᠂ ᠬᠢᠩᠭᠠᠨ ᠠᠶᠢᠮᠠᠭ᠂ ᠤᠯᠠᠭᠠᠨᠬᠠᠳᠠ ᠭᠤᠷᠪᠠᠨ ᠭᠠᠵᠠᠷ ᠣᠷᠣᠨ ᠢ ᠬᠤᠶᠠᠳᠤᠭᠠᠷ ᠪᠦᠯᠦᠭ ᠤᠨ ᠤᠯᠤᠰ ᠤᠨ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠬᠤ ᠪᠠᠷ ᠢᠳᠡᠪᠬᠢᠯᠡᠨ ᠴᠢᠷᠮᠠᠶᠢᠵᠤ ᠪᠠᠶᠢᠨ᠎ᠠ᠃

    ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠨᠡ ᠬᠦ ᠰᠢᠯᠭᠠᠯᠲᠠ ᠶᠢᠨ ᠬᠠᠭᠤᠳᠠᠰᠤ ᠶᠢ ᠰᠠᠶᠢᠲᠤᠷ ᠪᠡᠶᠡᠯᠡᠭᠦᠯᠬᠦ ᠶᠢᠨ ᠲᠥᠯᠥᠭᠡ ᠥᠪᠥᠷ ᠮᠣᠩᠭᠤᠯ ᠤᠨ ᠬᠢᠨ ᠢᠵᠢᠯ ᠨᠢᠭᠡᠨ ᠰᠡᠳᠦᠪ ᠢ ᠬᠠᠮᠲᠤ ᠪᠠᠷ ᠬᠠᠷᠢᠭᠤᠯᠵᠤ  ᠬᠠᠮᠲᠤᠷᠠᠨ ᠠᠵᠢᠯᠯᠠᠵᠤ ᠪᠠᠶᠢᠬᠤ ᠨᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠬᠤ ᠭᠡᠰᠡᠨ ᠬᠠᠷᠠᠯᠲᠠ ᠶᠢᠨ ᠲᠥᠯᠥᠭᠡ ᠶᠤᠮ︕

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ