|
ᠦᠬᠠᠢ ᠬᠤᠲᠠ ︽ᠡᠳ᠋ ᠪᠣᠳᠠᠰ + ᠦᠢᠯᠡᠴᠢᠯᠡᠭᠡ︾ ᠨᠡᠶᠢᠭᠡᠮ ᠤᠨ ᠠᠪᠤᠷᠠᠨ ᠲᠤᠰᠠᠯᠠᠬᠤ ᠬᠡᠪ ᠵᠠᠭᠪᠤᠷ ᠲᠤ ᠰᠢᠨ᠎ᠡ ᠶᠢ ᠡᠭᠦᠳᠴᠦ ᠣᠷᠣᠯᠭ᠎ᠠ ᠪᠠᠭᠠᠲᠠᠢ | ᠬᠥᠮᠥᠨ ᠠᠮᠠ ᠶᠢᠨ ᠠᠮᠢᠳᠤᠷᠠᠯ ᠤᠨ ᠪᠠᠲᠤᠯᠠᠭ᠎ᠠ ᠶᠢ ᠴᠢᠩᠭᠠᠷᠠᠭᠤᠯᠪᠠ |
|
|
ᠨᠡᠶᠢᠲᠡᠯᠡᠭᠰᠡᠨ ᠴᠠᠭ᠄
2024/11/18
|
|
ᠦᠬᠠᠢ ᠬᠤᠲᠠ ︽ᠡᠳ᠋ ᠪᠣᠳᠠᠰ + ᠦᠢᠯᠡᠴᠢᠯᠡᠭᠡ︾ ᠨᠡᠶᠢᠭᠡᠮ ᠤᠨ ᠠᠪᠤᠷᠠᠨ ᠲᠤᠰᠠᠯᠠᠬᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠠᠮᠢᠳᠤᠷᠠᠯ ᠤᠨ ᠪᠠᠲᠤᠯᠠᠭ᠎ᠠ ᠶᠢ ᠴᠢᠩᠭᠠᠷᠠᠭᠤᠯᠵᠤ ᠪᠣᠢ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠪᠠᠷᠢᠮᠵᠢᠶ᠎ᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠡᠮᠳᠡᠭᠴᠦᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠰᠠᠷ᠎ᠠ ᠳᠤ 903 ᠲᠥᠭᠦᠷᠢᠭ ᠪᠣᠯᠭᠠᠭᠰᠠᠨ ᠨᠢ ᠪᠥᠬᠦ ᠤᠯᠤᠰ ᠤᠨ ᠳᠤᠮᠳᠠᠴᠢ ᠪᠠᠷᠢᠮᠵᠢᠶᠠᠨ ᠠᠴᠠ 120.7 ᠲᠥᠭᠦᠷᠢᠭ ᠥᠨᠳᠥᠷ ᠪᠣᠯᠵᠠᠢ︔ ᠵᠡᠮᠳᠡᠭᠴᠦᠳ ᠲᠤ ᠣᠯᠭᠤᠬᠤ ︽ᠬᠤᠶᠠᠷ ᠵᠦᠢᠯ ᠤᠨ ᠨᠥᠬᠦᠪᠦᠷᠢ︾ ᠶᠢᠨ ᠪᠠᠷᠢᠮᠵᠢᠶ᠎ᠠ ᠶᠢ ᠬᠥᠮᠥᠨ ᠨᠢᠵᠡᠭᠡᠳ ᠵᠢᠯ ᠪᠦᠷᠢ 1200 ᠲᠥᠭᠦᠷᠢᠭ ᠣᠯᠭᠤᠳᠠᠭ ᠪᠠᠶᠢᠭᠰᠠᠨ ᠠᠴᠠ ᠨᠡᠮᠡᠭᠳᠡᠭᠦᠯᠦᠭᠡᠳ 1500 ᠲᠥᠭᠦᠷᠢᠭ ᠣᠯᠭᠤᠬᠤ ᠪᠣᠯᠭᠠᠵᠤ᠂ ᠨᠡᠮᠡᠭᠳᠡᠯ ᠤᠨ ᠬᠡᠮᠵᠢᠶ᠎ᠡ ᠪᠠᠨ 25% ᠪᠠᠷ ᠳᠡᠭᠡᠭᠰᠢᠯᠡᠭᠦᠯᠦᠨ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠠᠢ᠃ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶ᠎ᠡ ᠪᠠᠨ ᠵᠣᠬᠢᠰᠲᠠᠢ ᠥᠷᠭᠡᠳᠬᠡᠪᠡ᠃ ︽ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠶᠢᠷᠠᠲᠤᠭᠰᠠᠨ ᠭᠡᠷ ᠪᠦᠯᠢ ᠪᠠ ᠵᠠᠶᠢᠯᠠᠰᠢ ᠦᠭᠡᠢ ᠵᠠᠷᠤᠯᠭ᠎ᠠ ᠳᠤ ᠬᠦᠴᠢᠷᠳᠡᠯᠲᠡᠢ ᠪᠠᠶᠢᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ︾ ᠵᠡᠷᠭᠡ ᠲᠦᠷᠦ ᠶᠢᠨ ᠪᠣᠳᠣᠯᠭ᠎ᠠ ᠶᠢ ᠨᠡᠶᠢᠲᠡᠯᠡᠨ᠂ ᠨᠡᠶᠢᠳᠡ 1.1 ᠲᠦᠮᠡᠨ ᠬᠥᠮᠥᠨ ᠢ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠰᠢᠨᠵᠢᠬᠦ ᠬᠡᠪᠴᠢᠶᠡᠨ ᠳᠤ ᠣᠷᠣᠭᠤᠯᠵᠤ᠂ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ 5206 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ ᠥᠨᠥ ᠵᠢᠯ ᠠᠴᠠ ᠨᠠᠭᠠᠰᠢ᠂ 6 ᠲᠥᠷᠥᠯ ᠤᠨ 24 ᠵᠦᠢᠯ ᠤᠨ ᠪᠣᠳᠠᠲᠠᠢ ᠦᠢᠯᠡᠴᠢᠯᠡᠭᠡ ᠶᠢ ᠬᠡᠷᠡᠭᠵᠢᠭᠦᠯᠵᠦ᠂ 1.2 ᠲᠦᠮᠡᠨ ᠬᠥᠮᠥᠨ ᠤᠳᠠᠭ᠎ᠠ ᠠᠴᠠ ᠢᠯᠡᠭᠦᠦ ᠬᠦᠴᠢᠷᠳᠡᠯᠲᠡᠢ ᠣᠯᠠᠨ ᠲᠦᠮᠡᠨ ᠳᠤ ᠦᠢᠯᠡᠴᠢᠯᠡᠭᠰᠡᠨ ᠪᠣᠯᠬᠤᠷ ᠦᠬᠠᠢ ᠬᠤᠲᠠ ᠪᠥᠬᠦ ᠤᠯᠤᠰ ᠤᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠴᠡᠭ ᠲᠤ ᠰᠣᠩᠭᠤᠭᠳᠠᠨ ᠣᠷᠣᠵᠤ᠂ ︽ᠦᠢᠯᠡᠴᠢᠯᠡᠭᠡᠨ ᠤ ᠲᠥᠷᠥᠯ ᠤᠨ ᠠᠪᠤᠷᠠᠨ ᠲᠤᠰᠠᠯᠠᠬᠤ︾ ᠲᠥᠷᠥᠯ ᠵᠦᠢᠯ ᠢᠶᠠᠷ ᠢᠶᠠᠨ ᠪᠥᠬᠦ ᠤᠯᠤᠰ ᠤᠨ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠰᠢᠯᠢᠳᠡᠭ ᠵᠢᠱᠢᠶ᠎ᠡ ᠶᠢ ᠢᠷᠠᠭᠤ ᠠᠯᠳᠠᠷᠲᠠᠢ ᠪᠠᠷ ᠭᠥᠷᠳᠡᠪᠡ᠃ ︵ᠦᠬᠠᠢ ᠬᠤᠲᠠ ᠶᠢᠨ ᠵᠠᠰᠠᠭ ᠤᠨ ᠣᠷᠳᠣᠨ︶
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|