|
10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠮᠠᠨ ᠤ ᠣᠷᠣᠨ ᠤ ᠪᠣᠳᠤᠯᠲᠠ ᠶᠢᠨ ᠬᠦᠴᠦᠨ ᠳᠠᠬᠢ ᠶᠡᠷᠦᠩᠬᠡᠶ ᠪᠡᠯᠡ ᠣᠷᠣᠭᠤᠯᠤᠯᠲᠠ 459.4 ᠳ᠋ᠦᠩᠰᠢᠭᠤᠷ | ᠲᠥᠭᠦᠷᠢᠭ ᠲᠤ ᠬᠦᠷᠪᠡ |
|
|
ᠨᠡᠶᠢᠲᠡᠯᠡᠭᠰᠡᠨ ᠴᠠᠭ᠄
2024/11/19
|
|
10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠢᠭᠡᠨᠲᠡ ᠳ᠋ᠠᠶᠢᠲ᠋ᠠ ᠶᠢᠨ ᠲᠥᠪ ᠤᠨ 73 ᠲᠥᠷᠥᠯ ᠵᠦᠢᠯ ᠳᠤ ᠭᠡᠷ᠎ᠡ ᠲᠣᠭᠲᠠᠵᠤ᠂ ᠶᠡᠷᠦᠩᠬᠡᠢ ᠳᠤ ᠨᠢ 2441.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠨᠡᠶᠢᠲᠡ 459.4 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠪᠠ᠂ ᠡᠭᠦᠨ ᠳᠤ 2024 ᠣᠨ ᠳᠠᠬᠢ ᠪᠡᠶᠡᠯᠡᠭᠦᠯᠦᠭᠰᠡᠨ ᠪᠡᠯᠡ ᠣᠷᠤᠭᠤᠯᠤᠯᠲᠠ 144 ᠳ᠋ᠦᠩᠰᠢᠭᠤᠷ ᠲᠥᠭᠦᠷᠢᠭ ᠪᠤᠢ᠃ ᠣᠳᠣᠬᠠᠨ ᠳᠤ᠂ ᠪᠥᠬᠦ ᠣᠷᠣᠨ ᠤ ᠪᠠᠶᠢᠭᠤᠯᠤᠭᠠᠳ ᠪᠠᠶᠢᠭ᠎ᠠ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠨᠢ 428.8 ᠲᠦᠮᠡ ᠳᠤ ᠬᠦᠷᠴᠦ᠂ ᠨᠢᠭᠡᠨᠲᠡ ᠠᠰᠢᠭᠯᠠᠯᠲᠠ ᠳᠤ ᠣᠷᠤᠭᠤᠯᠤᠭᠠᠳ ᠪᠠᠶᠢᠭ᠎ᠠ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠨᠢ 285.9 ᠲᠦᠮᠡ ᠳᠤ ᠬᠦᠷᠴᠦ᠂ ᠬᠡᠷᠡᠭᠯᠡᠭᠰᠡᠨ ᠨᠤᠷᠮ᠎ᠠ ᠨᠢ 66.7% ᠳᠤ ᠬᠦᠷᠪᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|