ᠯᠢ ᠴᠢᠶᠠᠩ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠳᠤ ᠪᠠᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠠᠷᠠᠳ ᠣᠯᠠᠨ ᠤ ᠰᠠᠶᠢᠨ ᠴᠢᠨᠠᠷ ᠴᠢᠨᠰᠠᠭ᠎ᠠ ᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/11/19

 

      ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 18 ᠤ ᠡᠳᠦᠷ ᠤᠨ ᠮᠡᠳᠡᠭᠡ ︵ᠰᠤᠷᠪᠤᠯᠵᠢᠯᠠᠭᠴᠢ ᠽᠧᠦ ᠸᠧᠢ︶   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 11 ᠳ᠋ᠦ᠋ᠭᠡᠷ ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠲᠡᠷᠡ ᠴᠢᠬᠤᠯᠴᠢᠯᠠᠬᠤ ᠳᠤ ᠪᠠᠨ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠳᠠᠮᠵᠢ ᠣᠯᠭᠤᠨ᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ ᠦᠭᠡᠢ᠂ ᠣᠶᠣᠨᠲᠤ ᠰᠠᠶᠢᠨ ᠭᠡᠷ ᠪᠠᠶᠢᠰᠢᠩ ᠢ ᠴᠢᠷᠮᠠᠶᠢᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠪᠠᠶᠢᠭᠤᠯᠬᠤ ᠶᠢ ᠠᠬᠢᠭᠤᠯᠤᠨ᠂ ᠠᠷᠠᠳ ᠤᠯᠠᠨ ᠤ ᠰᠠᠶᠢᠨ ᠴᠢᠨᠠᠷ ᠴᠢᠨᠰᠠᠭ᠎ᠠ ᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃



李强在参观调研中国建筑科技展时强调:着力推进好房子建设 更好满足人民群众高品质居住需求1.JPG

      11 ᠰᠠᠷ᠎ᠠ ᠶᠢᠨ 18 ᠤ ᠡᠳᠦᠷ᠂ ᠳᠣᠮᠳᠠᠳᠦ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠶᠢᠨ ᠪᠥᠸᠧ ᠬᠥ᠋  ᠰᠡᠭᠦᠳᠡᠷᠯᠡᠪᠡ




      ︽ᠰᠠᠶᠢᠨ ᠰᠠᠶᠢᠬᠠᠨ ᠠᠮᠢᠳᠤᠷᠠᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠮᠵᠢ ᠣᠯᠭᠤᠵᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠡᠭᠦᠳᠦᠯᠲᠡ ᠲᠠᠢ ᠪᠠᠷ ᠬᠥᠲᠥᠯᠥᠨ ᠳᠠᠭᠠᠭᠤᠯᠤᠨ᠎ᠠ︾ ᠬᠡᠮᠡᠬᠦ ᠭᠤᠣᠯ ᠰᠡᠳᠦᠪᠲᠦ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠪᠡᠭᠡᠵᠢᠩ ᠳᠤ ᠶᠠᠪᠤᠭᠳᠠᠵᠤ ᠪᠠᠶᠢᠨ᠎ᠠ᠃ ᠯᠢ ᠴᠢᠶᠠᠩ ᠦᠵᠡᠭᠦᠯᠭᠡ ᠶᠢᠨ ᠲᠢᠩᠬᠢᠮ ᠳᠤ ᠣᠷᠣᠵᠤ᠂ ᠰᠢᠨ᠎ᠡ ᠪᠠᠷ ᠪᠠᠷᠢᠭᠰᠠᠨ ᠭᠡᠷ ᠪᠠᠶᠢᠰᠢᠩ᠂ ᠬᠠᠭᠤᠴᠢᠨ ᠢ ᠵᠠᠰᠠᠨ ᠰᠢᠨᠡᠳᠬᠡᠭᠰᠡᠨ ᠭᠡᠷ ᠪᠠᠶᠢᠰᠢᠩ ᠤᠨ ᠵᠠᠭᠪᠤᠷ ᠥᠷᠥᠭᠡ ᠬᠢᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠦᠢᠯᠡᠳᠬᠦᠨ ᠵᠡᠷᠭᠡ ᠶᠢ ᠲᠣᠭᠤᠷᠢᠨ ᠦᠵᠡᠪᠡ᠃ ᠯᠢ ᠴᠢᠶᠠᠩ ᠴᠢᠬᠤᠯᠠᠴᠢᠯᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠣᠷᠣᠨ ᠰᠠᠭᠤᠴᠠ ᠶᠢᠨ ᠬᠥᠭᠵᠢᠯᠲᠡ ᠶᠠᠭ ︽ᠪᠠᠶᠢᠬᠤ ᠡᠰᠡᠬᠦ︾ ᠠᠴᠠ ᠪᠠᠨ ︽ᠰᠠᠶᠢᠨ ᠡᠰᠡᠬᠦ︾ ᠲᠡᠶᠢᠰᠢ ᠰᠢᠯᠵᠢᠵᠦ ᠪᠠᠶᠢᠨ᠎ᠠ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠰᠡᠳᠬᠢᠭᠳᠡᠯ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠵᠤ᠂ ᠴᠢᠳᠠᠮᠵᠢ᠂ ᠴᠢᠨᠠᠷ ᠴᠢᠨᠰᠠᠭ᠎ᠠ᠂ ᠪᠡᠶᠡᠴᠢᠯᠡᠨ ᠮᠡᠳᠡᠷᠡᠬᠦ ᠵᠡᠷᠭᠡ ᠲᠠᠯ᠎ᠠ ᠠᠴᠠ ᠡᠭᠦᠰᠴᠦ᠂ ᠠᠳᠠᠯᠢ ᠪᠤᠰᠤ ᠣᠷᠣᠨ ᠰᠠᠭᠤᠴᠠ ᠶᠢᠨ ᠳᠠᠳᠬᠠᠯ ᠲᠠᠢ᠂ ᠠᠳᠠᠯᠢ ᠪᠤᠰᠤ ᠨᠠᠰᠤᠨ ᠤ ᠱᠠᠲᠤ ᠦᠶ᠎ᠡ ᠲᠠᠢ᠂ ᠠᠳᠠᠯᠢ ᠪᠤᠰᠤ ᠠᠵᠤ ᠠᠬᠤᠢ ᠶᠢᠨ ᠴᠢᠳᠠᠪᠤᠷᠢ ᠲᠠᠢ ᠵᠡᠷᠭᠡ ᠬᠥᠮᠥᠰ ᠤᠨ ᠬᠡᠷᠡᠭᠴᠡᠭᠡ ᠱᠠᠭᠠᠷᠳᠠᠯᠭ᠎ᠠ᠂ ᠢᠯᠠᠩᠭᠤᠶ᠎ᠠ ᠨᠠᠰᠤᠵᠢᠯ ᠳᠤ ᠲᠣᠬᠢᠷᠠᠬᠤ᠂ ᠬᠡᠦᠬᠡᠳ ᠲᠤ ᠡᠪᠯᠢᠭ ᠪᠠᠶᠢᠬᠤ ᠵᠡᠷᠭᠡ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠮᠡᠷᠭᠡᠵᠢᠯ ᠢᠶᠠᠷ ᠴᠢᠳᠠᠮᠵᠢ ᠣᠯᠭᠤᠬᠤ ᠶᠢ ᠴᠢᠩᠭᠠᠷᠠᠭᠤᠯᠤᠨ ᠰᠢᠨ᠎ᠡ ᠭᠡᠷ ᠪᠠᠶᠢᠰᠢᠩ ᠢ ᠰᠠᠶᠢᠨ ᠭᠡᠷ ᠪᠠᠶᠢᠰᠢᠩ ᠪᠣᠯᠭᠠᠨ ᠪᠦᠲᠦᠭᠡᠨ ᠪᠠᠶᠢᠭᠤᠯᠬᠤ ᠪᠠᠷ ᠦᠯᠦ ᠪᠠᠷᠠᠮ ᠰᠢᠨᠵᠢᠯᠡᠬᠦ ᠤᠬᠠᠭᠠᠨᠴᠢ ᠪᠠᠷ ᠥᠭᠡᠷᠡᠴᠢᠯᠡᠨ ᠰᠢᠨᠡᠳᠬᠡᠵᠦ ᠪᠠᠶᠢᠭᠠᠳ ᠬᠠᠭᠤᠴᠢᠨ ᠭᠡᠷ ᠪᠠᠶᠢᠰᠢᠩ ᠢ ᠰᠠᠶᠢᠨ ᠭᠡᠷ ᠪᠠᠶᠢᠰᠢᠩ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃

      ᠯᠢ ᠴᠢᠶᠠᠩ ᠪᠠᠶᠢᠴᠠᠭᠠᠨ ᠰᠤᠳᠤᠯᠤᠯᠲᠠ ᠳᠤᠮᠳᠠ ᠪᠠᠨ ︽ᠭᠡᠷ – ᠲᠡᠷᠭᠡ – ᠰᠦᠯᠵᠢᠶ᠎ᠡ︾ ᠠᠭᠤᠰᠤᠯᠴᠠᠭᠰᠠᠨ ᠪᠣᠬᠢᠷᠲᠤᠯ ᠦᠭᠡᠢ ᠣᠶᠤᠨᠲᠤ ᠣᠷᠣᠨ ᠰᠠᠭᠤᠴᠠ ᠶᠢᠨ ᠦᠢᠯᠡᠳᠬᠦᠨ ᠤ ᠵᠠᠭᠪᠤᠷ ᠦᠷᠦᠭᠡ᠂ ᠭᠡᠷᠡᠯᠴᠢ ᠴᠡᠨᠡᠭ ᠤᠨ ᠬᠡᠷᠡᠮ ᠬᠠᠨ᠎ᠠ ᠵᠡᠷᠭᠡ ᠶᠢ ᠪᠠᠶᠢᠴᠠᠭᠠᠨ ᠦᠵᠡᠵᠦ᠂ ᠵᠥᠭᠡᠭᠡᠪᠦᠷᠢᠯᠡᠬᠦ ᠮᠠᠰᠢᠨ ᠬᠥᠮᠥᠨ᠂ ᠬᠡᠢ ᠳᠡᠭᠡᠭᠦᠷ ᠠᠰᠠᠷ ᠪᠠᠷᠢᠬᠤ ᠮᠠᠰᠢᠨ ᠵᠡᠷᠭᠡ ᠰᠢᠨ᠎ᠡ ᠮᠡᠷᠭᠡᠵᠢᠯ ᠰᠢᠨ᠎ᠡ ᠬᠡᠷᠡᠭᠯᠡᠭᠡᠨ ᠤ ᠲᠠᠨᠢᠯᠴᠠᠭᠤᠯᠭ᠎ᠠ ᠨᠤᠭᠤᠳ ᠢ ᠰᠣᠨᠣᠰᠴᠤ᠂ ᠭᠡᠷ ᠪᠠᠶᠢᠰᠢᠩ ᠤᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠮᠡᠷᠭᠡᠵᠢᠯ᠂ ᠪᠦᠲᠦᠭᠡᠨ ᠪᠠᠶᠢᠭᠤᠯᠬᠤ ᠥᠪᠡᠷ ᠤᠨ ᠦᠷᠳᠡᠭ᠂ ᠢᠵᠢ ᠪᠦᠷᠢᠳᠦᠭᠰᠡᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠯᠠᠪᠯᠠᠵᠤ ᠠᠰᠠᠭᠤᠪᠠ᠃ ᠯᠢ ᠴᠢᠶᠠᠩ ᠵᠢᠭᠠᠵᠤ ᠭᠠᠷᠭᠠᠬᠤ ᠳᠤ ᠪᠠᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠨᠢ ᠶᠠᠭ ᠪᠠᠷᠢᠯᠭ᠎ᠠ ᠶᠢᠨ ᠬᠤᠪᠢᠰᠬᠠᠯ᠂ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠪᠣᠶ ᠪᠣᠯᠭᠠᠵᠤ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠴᠦᠲᠡᠢ ᠠᠬᠢᠭᠤᠯᠵᠤ᠂ ᠪᠣᠬᠢᠷᠲᠤᠯ ᠦᠭᠡᠢ ᠪᠣᠯᠭᠠᠬᠤ᠂ ᠣᠶᠤᠨᠴᠢᠯᠠᠬᠤ᠂ ᠠᠵᠤ ᠦᠢᠯᠡᠳᠪᠦᠷᠢᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠳᠤ ᠨᠡᠩ ᠶᠡᠭᠡ ᠬᠦᠴᠦ ᠣᠷᠣᠭᠤᠯᠵᠤ᠂ ᠵᠢᠷᠤᠵᠤ ᠲᠥᠯᠥᠪᠯᠡᠬᠦ᠂ ᠪᠠᠶᠢᠭᠤᠯᠬᠤ ᠪᠠ ᠬᠠᠮᠠᠭᠠᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠪᠠ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃



李强在参观调研中国建筑科技展时强调:着力推进好房子建设 更好满足人民群众高品质居住需求2.JPG

      11 ᠰᠠᠷ᠎ᠠ ᠶᠢᠨ 18 ᠤ ᠡᠳᠦᠷ᠂ ᠳᠣᠮᠳᠠᠳᠦ ᠤᠯᠤᠰ ᠤᠨ ᠡᠪ ᠬᠠᠮᠳᠦ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠳᠤᠮᠳᠠᠳᠤ ᠤᠯᠤᠰ ᠤᠨ ᠪᠠᠷᠢᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠵᠡᠭᠦᠯᠭᠡ ᠶᠢ ᠲᠣᠭᠤᠷᠢᠨ ᠦᠵᠡᠵᠦ ᠪᠠᠶᠢᠴᠠᠭᠠᠨ ᠰᠤᠳᠤᠯᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠶᠢᠨ ᠪᠥᠸᠧ ᠬᠥ᠋ ᠰᠡᠭᠦᠳᠡᠷᠯᠡᠪᠡ




      ᠱᠠᠩᠬᠠᠢ ᠶᠢᠨ ᠵᠢᠶᠠᠨ ᠭᠦᠸᠧ ᠵᠡᠭᠦᠨ ᠵᠠᠮ ᠤᠨ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠬᠤ ᠵᠢᠴᠢ ᠬᠤᠳᠠ ᠵᠢᠨ‌‍ᠰᠢᠨᠡᠳᠬᠡᠵᠦ ᠵᠠᠰᠠᠬᠤ ᠢᠨᠵᠧᠨᠧᠷᠢᠩ᠂ ᠪᠡᠭᠡᠵᠢᠩ ᠤᠨ ᠬᠤᠸᠠ ᠫᠢ ᠴᠠᠩ ᠭᠤᠳᠤᠮᠵᠢ ᠶᠢᠨ 8 ᠳ᠋ᠤᠭᠠᠷ ᠨᠣᠮᠧᠷ ᠲᠠᠬᠢ ︽ᠤᠤᠯ ᠤᠨ ᠬᠢ ᠨᠢ ᠨᠤᠷᠠᠭᠠᠵᠤ ᠤᠤᠯ ᠶᠣᠰᠣᠭᠠᠷ ᠨᠢ ᠳᠠᠬᠢᠨᠲᠠ ᠪᠠᠷᠢᠬᠤ︾ ᠶᠢᠨ ᠮᠣᠳᠦ᠋ᠯᠴᠢᠯᠡᠭᠰᠡᠨ ᠰᠠᠶᠢᠨ ᠪᠠᠶᠢᠰᠢᠩ ᠵᠡᠷᠭᠡ ᠶᠢᠨ ᠦᠵᠡᠭᠦᠯᠭᠡ ᠶᠢ ᠰᠣᠨᠢᠷᠬᠠᠬᠤ ᠳᠤ ᠪᠠᠨ᠂ ᠯᠢ ᠴᠢᠶᠠᠩ᠂ ᠬᠤᠳᠠ ᠶᠢᠨ ᠰᠢᠨᠡᠴᠢᠯᠠᠵᠤ ᠵᠠᠰᠠᠬᠤ ᠠᠵᠢᠯ ᠪᠣᠯ ᠣᠳᠣᠬᠠᠨ ᠤ ᠬᠤᠳᠠ ᠶᠢᠨ ᠪᠦᠲᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠴᠢᠬᠤᠯᠠ ᠡᠭᠦᠷᠭᠡ ᠮᠥᠨ᠂ ᠡᠭᠦᠨ ᠳᠤ ᠯᠤᠲᠤ ᠶᠡᠭᠡ ᠬᠥᠭᠵᠢᠯᠲᠡ ᠶᠢᠨ ᠨᠥᠭᠡᠴᠡ ᠬᠦᠴᠦᠨ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠨ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠥᠯᠥᠪᠵᠢᠭᠦᠯᠭᠡ ᠬᠢᠬᠦ ᠳᠤ ᠪᠠᠨ ᠰᠢᠨ᠎ᠡ ᠡᠭᠦᠳᠦᠯᠲᠡ ᠲᠠᠢ ᠪᠠᠶᠢᠬᠤ ᠶᠢ ᠠᠬᠢᠭᠤᠯᠵᠤ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠰᠠᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠲᠦᠷᠦ ᠶᠢᠨ ᠪᠣᠳᠣᠯᠭ᠎ᠠ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠬᠤᠳᠠ ᠪᠠᠯᠭᠠᠰᠤᠨ ᠤ ᠬᠠᠭᠤᠴᠢᠨ ᠲᠣᠭᠤᠷᠢᠭ᠂ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢᠶᠠᠨ ᠰᠠᠶᠢᠲᠤᠷ ᠠᠳᠬᠤᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠭᠦᠴᠡᠯ ᠢ ᠰᠠᠶᠢᠵᠢᠷᠠᠭᠤᠯᠬᠤ ᠬᠡᠷᠡᠭᠲᠡᠢ᠃ ᠬᠤᠳᠠ ᠶᠢᠨ ᠰᠢᠨᠡᠴᠢᠯᠡᠵᠦ ᠵᠠᠰᠠᠬᠤ ᠠᠵᠢᠯ ᠳᠤ ᠤᠯᠠᠨ ᠲᠦᠮᠡᠨ ᠤ ᠰᠠᠨᠠᠯ ᠢ ᠭᠦᠢᠴᠡᠳ ᠰᠣᠨᠣᠰᠬᠤ ᠪᠠ ᠰᠠᠨᠠᠯ ᠢ ᠨᠢ ᠬᠦᠨᠳᠦᠳᠬᠡᠵᠦ᠂ ᠲᠡᠦᠬᠡ ᠰᠣᠶᠣᠯ ᠤᠨ ᠬᠠᠮᠠᠭᠠᠯᠠᠯᠲᠠ ᠵᠠᠯᠭᠠᠮᠵᠢᠯᠠᠯ ᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠤᠳᠠ ᠶᠢ ᠬᠠᠮᠲᠤ ᠪᠠᠷ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠢᠯᠡᠷᠬᠡᠶᠢᠯᠡᠪᠡ᠃

      ᠦ᠋ ᠵᠧᠩ ᠯᠦᠩ ᠪᠠᠷ᠎ᠠ ᠪᠣᠯᠣᠯᠴᠠᠪᠠ᠃

     

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ