11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠴᠢᠨᠠᠷᠲᠠᠢ ᠣᠶᠤᠨᠴᠢ ᠬᠤᠲᠠ ᠶᠢ ᠪᠦᠲᠦᠭᠡᠨ ᠪᠠᠶᠢᠭᠤᠯᠬᠤ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢᠢ ᠬᠤᠩ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠦᠰᠦᠭ ᠵᠢᠷᠤᠪᠠ᠃
11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠥᠬᠡᠬᠤᠲᠠ ᠳᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠴᠢᠨᠠᠷᠲᠠᠢ ᠣᠶᠤᠨᠴᠢ ᠬᠤᠲᠠ ᠶᠢ ᠪᠦᠲᠦᠭᠡᠨ ᠪᠠᠶᠢᠭᠤᠯᠬᠤ︾ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠣᠯᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠨᠢᠢ ᠬᠤᠩ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠦᠰᠦᠭ ᠵᠢᠷᠤᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠬᠡᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠶᠠᠨ ᠴᠢᠨᠠᠷᠲᠠᠢ ᠣᠶᠤᠨᠴᠢ ᠬᠤᠲᠠ ᠶᠢ ᠪᠦᠲᠦᠭᠡᠨ ᠪᠠᠶᠢᠭᠤᠯᠬᠤ᠂ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠬᠤ᠂ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠭᠡᠷ᠎ᠡ ᠲᠣᠭᠲᠠᠬᠤ ᠶᠢ ᠡᠷᠬᠢᠯᠡᠪᠡ᠃