ᠰᠦᠨ ᠱᠤᠤ ᠴᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/21


      11 ᠰᠠᠷ᠎ᠠ ᠶᠢᠨ 19᠎ ᠤ ᠡᠳᠦᠷ ᠠᠴᠠ 20᠎ ᠤ ᠡᠳᠦᠷ ᠪᠤᠯᠲᠠᠯ᠎ᠠ᠂ ᠰᠦᠨ ᠱᠤᠤ ᠴᠧᠩ ᠤᠯᠠᠭᠠᠨᠬᠠᠳᠠ ᠬᠤᠲᠠ ᠳᠤ ᠭᠦᠨᠵᠡᠭᠡᠶᠢᠷᠡᠵᠦ᠂ ᠪᠦᠭᠦ ᠵᠢᠯ ᠤᠨ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠡᠭᠦᠷᠭᠡ ᠶᠢ ᠠᠬᠢᠭᠤᠯᠵᠤ ᠪᠠᠶᠢᠭ᠎ᠠ ᠪᠠᠶᠢᠳᠠᠯ ᠤᠨ ᠲᠣᠭᠤᠷᠢᠨ ᠳᠤ ᠪᠠᠶᠢᠴᠠᠭᠠᠨ ᠰᠤᠳᠤᠯᠤᠭᠰᠠᠨ ᠪᠥᠭᠡᠳ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠪᠠ᠃


孙绍骋深入赤峰市调研1111.jpg

      11 ᠰᠠᠷ᠎ᠠ ᠶᠢᠨ 19᠎ ᠤ ᠡᠳᠦᠷ᠂ ᠰᠦᠨ ᠱᠤᠤ ᠴᠧᠩ ᠬᠤᠩᠱᠠᠨ ᠲᠣᠭᠤᠷᠢᠭ ᠤᠨ ᠰᠢᠩ ᠯᠦᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠢ ᠴᠢᠩ ᠤᠨ ᠭᠡᠷ ᠲᠤ ᠬᠦᠷᠴᠦ᠂ ᠳᠤᠯᠠᠭᠠᠯᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ


孙绍骋深入赤峰市调研2222.jpg

      11 ᠰᠠᠷ᠎ᠠ ᠶᠢᠨ 19᠎ ᠤ ᠡᠳᠦᠷ᠂ ᠰᠦᠨ ᠱᠤᠤ ᠴᠧᠩ ᠳ᠋ᠦᠩ ᠯᠢ ᠢᠮᠠᠭᠠᠨ ᠨᠣᠣᠯᠣᠭᠤᠷ ᠤᠨ ᠺᠤᠮᠫᠠᠨᠢ ᠳᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ


孙绍骋深入赤峰市调研3333.jpg

      11 ᠰᠠᠷ᠎ᠠ ᠶᠢᠨ 19᠎ ᠤ ᠡᠳᠦᠷ᠂ ᠰᠦᠨ ᠱᠤᠤ ᠴᠧᠩ ᠥᠪᠥᠷ ᠮᠣᠩᠭᠤᠯ ᠤᠨ ᠠᠷᠪᠠᠳᠤᠭᠠᠷ ᠭᠠᠵᠠᠷ ᠰᠢᠨᠵᠢᠯᠡᠭᠡ ᠠᠭᠤᠷᠬᠠᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠺᠤᠮᠫᠠᠨᠢ ᠳᠤ ᠠᠭᠤᠷᠬᠠᠢ ᠡᠷᠢᠬᠦ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ


孙绍骋深入赤峰市调研4444.jpg

      11 ᠰᠠᠷ᠎ᠠ ᠶᠢᠨ 19᠎ ᠤ ᠡᠳᠦᠷ᠂ ᠰᠦᠨ ᠱᠤᠤ ᠴᠧᠩ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠵᠤ ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ



      ᠰᠦᠨ ᠱᠤᠤ ᠴᠧᠩ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠮᠠᠰᠢ ᠬᠠᠯᠠᠮᠵᠢᠯᠠᠵᠤ᠂ ᠬᠤᠩᠱᠠᠨ ᠲᠣᠭᠤᠷᠢᠭ ᠤᠨ ᠰᠢᠩ ᠯᠦᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠯᠢ ᠴᠢᠩ ᠤᠨ ᠭᠡᠷ ᠲᠤ ᠬᠦᠷᠴᠦ᠂ ᠳᠤᠯᠠᠭᠠᠯᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠬᠡᠳᠦᠢ ᠪᠠᠶᠢᠬᠤ᠂ ᠳᠤᠯᠠᠭᠠᠴᠠᠭᠤᠷ ᠬᠠᠯᠠᠭᠤᠨ ᠪᠠᠶᠢᠬᠤ ᠡᠰᠡᠬᠦ᠂ ᠡᠮᠦᠨᠡᠬᠢ ᠲᠠᠢ ᠬᠠᠷᠢᠴᠠᠭᠤᠯᠪᠠᠯ ᠶᠠᠮᠠᠷ ᠵᠡᠷᠭᠡ ᠪᠠᠶᠢᠨ᠎ᠠ ᠭᠡᠬᠦ ᠮᠡᠲᠦ ᠪᠠᠷ ᠲᠡᠷᠡ ᠮᠠᠰᠢ ᠨᠠᠷᠢᠨ ᠠᠰᠠᠭᠤᠪᠠ᠃ ᠨᠢᠭᠡ ᠭᠡᠷ ᠢᠶᠠᠷ ᠢᠶᠠᠨ ᠳᠤᠯᠠᠭᠠᠯᠠᠭ᠎ᠠ ᠳᠤ ᠮᠠᠰᠢ ᠬᠠᠨᠤᠮᠵᠢᠲᠠᠢ ᠪᠠᠶᠢᠬᠤ ᠶᠢ ᠮᠡᠳᠡᠭᠡᠳ ᠰᠦᠨ ᠱᠤᠤ ᠴᠧᠩ ᠳᠤᠯᠠᠭᠠᠯᠠᠭ᠎ᠠ ᠶᠢᠨ ᠢᠨᠵᠧᠨᠧᠷᠢᠩ ᠪᠣᠯ ᠬᠥᠮᠥᠰ ᠤᠨ ᠰᠡᠳᠬᠢᠯ ᠢ ᠳᠤᠯᠠᠭᠠᠴᠠᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠯ᠎ᠡ ᠭᠠᠵᠠᠷ ᠤᠨ ᠬᠢᠨ ᠳᠤᠯᠠᠭᠠᠯᠠᠭ᠎ᠠ ᠶᠢᠨ ᠲᠤᠨᠤᠭ ᠲᠥᠬᠦᠭᠡᠷᠦᠮᠵᠢ ᠶᠢ ᠰᠠᠶᠢᠲᠤᠷ ᠬᠠᠮᠠᠭᠠᠯᠠᠵᠤ᠂ ᠤᠯᠠᠨ ᠲᠦᠮᠡᠨ ᠤ ᠳᠠᠭᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠳ᠋ᠦᠩ ᠯᠢ ᠢᠮᠠᠭᠠᠨ ᠨᠣᠣᠯᠣᠭᠤᠷ ᠤᠨ ᠺᠤᠮᠫᠠᠨᠢ ᠳᠤ ᠰᠦᠨ ᠱᠤᠤ ᠴᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠪᠣᠳᠠᠲᠠᠢ ᠬᠠᠪᠰᠤᠷᠤᠯᠭ᠎ᠠ ᠦᠵᠡᠭᠦᠯᠭᠦ ᠬᠡᠷᠡᠭᠲᠡᠢ ᠭᠡᠵᠦ ᠵᠠᠬᠢᠪᠠ᠃ ᠥᠪᠥᠷ ᠮᠣᠩᠭᠤᠯ ᠤᠨ ᠠᠷᠪᠠᠳᠤᠭᠠᠷ ᠭᠠᠵᠠᠷ ᠰᠢᠨᠵᠢᠯᠡᠭᠡ ᠠᠭᠤᠷᠬᠠᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠺᠤᠮᠫᠠᠨᠢ ᠳᠤ ᠰᠦᠨ ᠱᠤᠤ ᠴᠧᠩ ᠠᠭᠤᠷᠬᠠᠢ ᠡᠷᠢᠬᠦ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠠᠭᠠᠨᠬᠠᠳᠠ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠠᠭᠤᠷᠬᠠᠢ ᠡᠷᠢᠬᠦ ᠠᠵᠢᠯᠯᠠᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ ᠨᠡᠭᠡᠭᠡᠨ ᠮᠠᠯᠲᠠᠬᠤ ᠨᠥᠬᠦᠴᠡᠯ ᠳᠤ ᠨᠡᠶᠢᠴᠡᠬᠦ ᠠᠭᠤᠷᠬᠠᠢ ᠶᠢ ᠲᠦᠷᠭᠡᠨ ᠨᠡᠭᠡᠭᠡᠨ ᠮᠠᠯᠲᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ ᠭᠡᠪᠡ᠃ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ ᠰᠦᠨ ᠱᠤᠤ ᠴᠧᠩ ᠮᠠᠯ ᠠᠵᠤ ᠠᠬᠤᠢ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠬᠢᠨ ᠢ ᠨᠠᠷᠢᠯᠢᠭ ᠪᠤᠯᠪᠠᠰᠤᠷᠠᠭᠤᠯᠬᠤ ᠪᠠ ᠲᠦᠷᠦᠯ ᠲᠡᠮᠳᠡᠭ ᠢ ᠡᠭᠦᠳᠬᠦ ᠳᠡᠭᠡᠷ᠎ᠡ ᠬᠦᠴᠦ ᠲᠠᠯᠪᠢᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠢᠳᠡᠪᠬᠢᠲᠡᠢ ᠠᠬᠢᠭᠤᠯᠵᠤ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ᠃


孙绍骋深入赤峰市调研5555.jpg

      11 ᠰᠠᠷ᠎ᠠ ᠶᠢᠨ 20᠎ ᠤ ᠡᠳᠦᠷ᠂ ᠰᠦᠨ ᠱᠤᠤ ᠴᠧᠩ ᠰᠠᠭᠤᠳᠠᠯ ᠤᠨ ᠬᠤᠷᠠᠯ ᠡᠷᠬᠢᠯᠡᠨ ᠬᠤᠷᠠᠯᠳᠤᠭᠤᠯᠵᠤ᠂ ᠤᠯᠠᠭᠠᠨᠬᠠᠳᠠ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ



      ᠤᠯᠠᠭᠠᠨᠬᠠᠳᠠ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ ᠣᠲᠣ ᠵᠢᠯ ᠤᠨ ᠡᠴᠦᠰ ᠪᠤᠯᠲᠠᠯ᠎ᠠ ᠵᠥᠪᠭᠡᠨ 40 ᠭᠠᠷᠤᠢ ᠡᠳᠦᠷ ᠪᠠᠶᠢᠨ᠎ᠠ᠂ ᠳᠠᠷᠤᠭᠠᠰᠤ ᠲᠠᠢ ᠪᠠᠶᠢᠬᠤ ᠰᠡᠳᠬᠢᠯ ᠢᠶᠠᠷ ᠡᠷᠴᠢ ᠵᠣᠷᠢᠭ ᠢᠶᠠᠨ ᠬᠥᠪᠴᠢᠯᠡᠨ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠵᠠ ᠲᠣᠭᠢᠶᠠᠯ ᠢ ᠠᠳᠬᠤᠨ᠂ ᠢᠯᠡᠭᠦᠬᠡᠨ ᠦᠷ᠎ᠡ ᠪᠦᠲᠦᠭᠡᠯ ᠭᠠᠷᠭᠠᠵᠤ᠂ ᠡᠷᠲᠡᠬᠡᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠦᠨᠳᠦᠰᠦᠨ ᠱᠠᠲᠤᠨ ᠳᠤ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠠᠬᠢᠭᠤᠯᠬᠤ︾᠎ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠡᠳᠡᠨ ᠤ ᠳᠠᠷᠤᠭᠠᠰᠤ ᠶᠢ ᠬᠥᠩᠭᠡᠷᠡᠭᠦᠯᠬᠦ᠂ ᠡᠷᠬᠡ ᠶᠢ ᠳᠣᠷᠣᠭᠰᠢ  ᠪᠠᠭᠤᠯᠭᠠᠬᠤ᠂ ᠬᠦᠴᠢᠷᠳᠡᠯ ᠢ ᠰᠢᠢᠳᠪᠦᠷᠢᠯᠡᠬᠦ ᠪᠠᠷ ᠪᠠᠷᠠᠬᠤ ᠦᠭᠡᠢ ᠪᠠᠰᠠ ᠲᠡᠳᠡᠨ ᠤ ᠬᠢᠪᠡᠰᠦ ᠵᠣᠬᠢᠬᠤ ᠠᠵᠢᠯ ᠢᠶᠠᠨ ᠰᠠᠶᠢᠲᠤᠷ ᠬᠢᠵᠦ᠂ ᠲᠤᠭᠤᠰᠢᠲᠠᠢ ᠬᠢᠬᠦ ᠶᠢ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠳᠤ ᠶᠢᠨ ᠪᠠᠶᠢᠭ᠎ᠠ ᠠᠵᠤ ᠠᠬᠤᠶᠢᠯᠠᠯ ᠪᠣᠯᠣᠨ ᠲᠦᠷᠦᠯ ᠵᠦᠢᠯ ᠳᠤ ᠦᠢᠯᠡᠴᠢᠯᠡᠵᠦ ᠪᠠᠲᠤᠯᠠᠭ᠎ᠠ ᠬᠠᠩᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ ᠢᠷᠡᠬᠦ ᠵᠢᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠤᠯᠠᠭᠠᠨᠬᠠᠳᠠ ᠬᠤᠲᠠ ᠪᠣᠯ ᠬᠤᠩᠱᠠᠨ ᠰᠣᠶᠣᠯ ᠤᠨ ᠡᠭᠦᠰᠦᠯ ᠤᠨ ᠴᠢᠬᠤᠯᠠ ᠭᠠᠵᠠᠷ ᠪᠣᠯᠣᠨ᠎ᠠ᠂ ᠬᠤᠩᠱᠠᠨ ᠰᠣᠶᠣᠯ ᠢ ᠤᠮᠠᠷᠠᠲᠤ ᠬᠢᠯᠢ ᠶᠢᠨ ᠰᠣᠶᠣᠯ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠰᠤᠳᠤᠯᠤᠨ ᠲᠠᠶᠢᠯᠪᠤᠷᠢᠯᠠᠵᠤ᠂ ᠬᠤᠩᠱᠠᠨ ᠰᠣᠶᠣᠯ ᠤᠨ ᠦᠯᠡᠳᠡᠭᠳᠡᠯ ᠢ ᠰᠢᠰᠲ᠋ᠧᠮᠳᠤ ᠴᠢᠨᠠᠷᠲᠠᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠬᠤᠩᠱᠠᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠠᠭᠠᠨᠬᠠᠳᠠ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠰᠠᠭᠤᠷᠢ᠂ ᠴᠢᠳᠠᠪᠤᠷᠢᠲᠠᠨ ᠤ ᠳᠠᠪᠠᠭᠤᠯᠢᠭ ᠪᠦᠷ ᠲᠣᠪᠣᠶᠢᠮ᠎ᠠ ᠪᠠᠶᠢᠨ᠎ᠠ᠂ ᠡᠷᠴᠢ ᠵᠣᠷᠢᠭ ᠢᠶᠠᠨ ᠬᠥᠪᠴᠢᠯᠡᠵᠦ᠂ ᠢᠲᠡᠭᠡᠯ ᠢᠶᠠᠨ ᠴᠢᠩᠭᠠᠳᠬᠠᠵᠤ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠳᠤᠮᠳᠠ ᠰᠦᠷ ᠵᠢᠪᠬᠤᠭ᠎ᠠ ᠪᠠᠨ ᠲᠠᠭᠢᠨ ᠮᠠᠨᠳᠤᠭᠤᠯᠬᠤ ᠬᠡᠷᠡᠭᠲᠡᠢ ᠭᠡᠵᠡᠢ᠃


孙绍骋深入赤峰市调研6666.jpg

      11 ᠰᠠᠷ᠎ᠠ ᠶᠢᠨ 19᠎ ᠤ ᠡᠳᠦᠷ᠂ ᠰᠦᠨ ᠱᠤᠤ ᠴᠧᠩ ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠥᠪ ᠲᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠤᠴᠢᠷ ᠰᠢᠯᠲᠠᠭᠠᠨ ᠪᠣᠯᠣᠨ ᠰᠢᠢᠳᠪᠦᠷᠢᠯᠡᠵᠦ ᠪᠠᠶᠢᠭ᠎ᠠ ᠠᠬᠢᠴᠠ ᠶᠢ ᠨᠠᠷᠢᠨ ᠣᠶᠢᠯᠠᠭᠠᠵᠤ᠂ ᠣᠯᠠᠨ ᠲᠠᠢ ᠬᠠᠮᠲᠤ ᠪᠠᠷ ᠰᠢᠢᠳᠪᠦᠷᠢᠯᠡᠬᠦ ᠠᠷᠭ᠎ᠠ ᠶᠢ ᠵᠥᠪᠳᠡᠯᠴᠡᠪᠡ᠃   ᠰᠤᠷᠪᠤᠯᠵᠢᠯᠠᠬᠴᠢ  ᠮᠠ ᠵᠢᠶᠠᠨ ᠪᠢᠩ  ᠰᠡᠭᠦᠳᠡᠷᠯᠡᠪᠡ



      ᠡᠨᠡ ᠬᠦ ᠬᠤᠭᠤᠴᠠᠭᠠᠨ ᠳᠤ ᠰᠦᠨ ᠱᠤᠤ ᠴᠧᠩ ᠪᠠᠰᠠ ᠤᠯᠠᠭᠠᠨᠬᠠᠳᠠ ᠬᠤᠲᠠ ᠶᠢᠨ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ ᠲᠥᠪ ᠲᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠵᠠᠬᠢᠳᠠᠯ ᠰᠤᠷᠪᠤᠯᠵᠢᠯᠠᠯ ᠤᠨ ᠬᠡᠷᠡᠭ ᠤᠨ ᠤᠴᠢᠷ ᠰᠢᠯᠲᠠᠭᠠᠨ ᠪᠣᠯᠣᠨ ᠰᠢᠢᠳᠪᠦᠷᠢᠯᠡᠵᠦ ᠪᠠᠶᠢᠭ᠎ᠠ ᠠᠬᠢᠴᠠ ᠶᠢ ᠨᠠᠷᠢᠨ ᠣᠶᠢᠯᠠᠭᠠᠵᠤ᠂ ᠣᠯᠠᠨ ᠲᠠᠢ ᠬᠠᠮᠲᠤ ᠪᠠᠷ ᠰᠢᠢᠳᠪᠦᠷᠢᠯᠡᠬᠦ ᠠᠷᠭ᠎ᠠ ᠶᠢ ᠵᠥᠪᠳᠡᠯᠴᠡᠪᠡ᠃ ᠲᠡᠷᠡ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠤᠯᠠᠨ ᠲᠦᠮᠡᠨ ᠤ ᠲᠠᠯ᠎ᠠ ᠠᠴᠠ ᠢᠯᠡᠭᠦᠬᠡᠨ ᠪᠣᠳᠣᠯᠬᠢᠯᠠᠵᠤ᠂ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠱᠠᠯᠠᠪᠳᠠᠨ ᠰᠢᠢᠳᠪᠦᠷᠢᠯᠡᠬᠦ ᠬᠡᠷᠡᠭᠲᠡᠢ᠂ ᠤᠳᠠᠭᠠᠰᠢᠷᠠᠭᠤᠯᠵᠤ ᠬᠤᠶᠢᠰᠢᠯᠠᠭᠤᠯᠵᠤ ᠪᠤᠯᠬᠤ ᠦᠭᠡᠢ᠂ ᠪᠠᠭ᠎ᠠ ᠵᠥᠷᠢᠴᠡᠯ ᠬᠤᠷᠠᠮᠳᠤᠵᠤ ᠠᠶᠤᠯ ᠲᠦᠭᠰᠢᠭᠦᠷᠢ ᠶᠢᠨ ᠭᠡᠮ ᠰᠣᠭᠤᠭ ᠪᠣᠯᠵᠤ ᠬᠤᠪᠢᠷᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠰᠢᠯᠲᠠᠭᠠᠨ ᠢ ᠨᠢ ᠭᠦᠨᠵᠡᠭᠡᠢ ᠵᠠᠳᠠᠯᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠵᠤ᠂ ᠡᠬᠢ ᠡᠭᠦᠰᠦᠯ ᠠᠴᠠ ᠨᠢ ᠵᠠᠬᠢᠳᠠᠯ ᠰᠤᠷᠪᠤᠯᠵᠢᠯᠠᠯ ᠭᠤᠮᠣᠳᠠᠯ ᠲᠣᠭᠠᠴᠢᠯᠲᠠ ᠶᠢ ᠪᠠᠭᠠᠰᠬᠠᠬᠤ ᠬᠡᠷᠡᠭᠲᠡᠢ᠃ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠳᠤ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠬᠦ ᠴᠢᠬᠤᠯᠠᠲᠠᠢ ᠶᠤᠮ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠬᠡᠷᠡᠭᠵᠢᠭᠦᠯᠵᠦ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠳᠤ ᠬᠠᠷᠢᠭᠤ ᠥᠭᠬᠦ ᠬᠥᠮᠥᠨ ᠲᠠᠢ᠂ ᠰᠢᠢᠳᠪᠦᠷᠢᠯᠡᠬᠦ ᠬᠥᠮᠥᠨ ᠲᠠᠢ᠂ ᠦᠷ᠎ᠡ ᠳ᠋ᠦᠩ ᠳᠤ ᠣᠯᠠᠨ ᠲᠦᠮᠡᠨ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃

      ᠢᠦᠢ ᠯᠢ ᠰᠢᠨ ᠣᠷᠣᠯᠴᠠᠵᠠᠢ᠃

      

      

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ