|
ᠠᠤᠬᠠᠨ ᠬᠤᠰᠢᠭᠤ᠂ ᠦᠶᠤᠸᠠᠨ ᠰᠢᠶᠠᠨ ᠪᠥᠬᠦ ᠤᠯᠤᠰ ᠤᠨ ᠰᠢᠶᠠᠨ ᠤ ᠬᠡᠪᠴᠢᠶᠡᠨ ᠳᠠᠬᠢ ᠭᠠᠵᠠᠷ ᠵᠦᠶ ᠶᠢᠨ ᠲᠡᠮᠳᠡᠭᠲᠦ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠵᠠᠭᠤᠨ ᠬᠦᠴᠦᠷᠬᠡᠭ ᠰᠢᠶᠠᠨ ᠤ ᠨᠡᠷᠡᠰ ᠲᠤ ᠰᠣᠩᠭᠤᠭᠳᠠᠪᠠ |
|
|
ᠨᠡᠶᠢᠲᠡᠯᠡᠭᠰᠡᠨ ᠴᠠᠭ᠄
2024/11/21
|
|
ᠪᠥᠬᠦ ᠤᠯᠤᠰ ᠤᠨ ᠰᠢᠶᠠᠨ ᠤ ᠬᠡᠪᠴᠢᠶᠡᠨ ᠳᠠᠬᠢ ᠠᠵᠤ ᠠᠬᠤᠶ ᠪᠠ ᠭᠠᠵᠠᠷ ᠵᠦᠶ ᠶᠢᠨ ᠲᠡᠮᠳᠡᠭᠲᠦ ᠲᠤᠰᠬᠠᠶ ᠮᠡᠷᠭᠡᠵᠢᠯ ᠤᠨ ᠰᠤᠳᠤᠯᠤᠯ ᠤᠨ ᠪᠠᠶᠢᠭᠤᠯᠤᠮᠵᠢ — ᠪᠡᠭᠡᠵᠢᠩ ᠤᠨ ᠵᠥᠩ ᠵᠢᠶᠦ᠋ᠨ ᠠᠵᠤ ᠠᠬᠤᠶ ᠶᠢᠨ ᠬᠥᠭᠵᠢᠯᠲᠡ ᠶᠢᠨ ᠰᠤᠳᠤᠯᠤᠯ ᠤᠨ ᠭᠠᠵᠠᠷ ᠨᠢ ᠭᠠᠵᠠᠷ ᠵᠦᠶ ᠶᠢᠨ ᠲᠡᠮᠳᠡᠭᠲᠦ ᠣᠨᠴᠠ ᠭᠠᠷᠤᠯᠲᠠ ᠶᠢᠨ ᠪᠦᠷᠢᠨ ᠪᠢᠴᠢᠭ ᠰᠦᠯᠵᠢᠶ᠎ᠡ ᠯᠦᠭᠡ ᠬᠤᠯᠪᠣᠭᠠᠯᠠᠨ ︽2024 ᠪᠥᠬᠦ ᠤᠯᠤᠰ ᠤᠨ ᠰᠢᠶᠠᠨ ᠤ ᠬᠡᠪᠴᠢᠶᠡᠨ ᠳᠠᠬᠢ ᠭᠠᠵᠠᠷ ᠵᠦᠶ ᠶᠢᠨ ᠲᠡᠮᠳᠡᠭᠲᠦ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠨᠡᠶᠢᠲᠡᠯᠡᠵᠦ᠂ ᠪᠥᠬᠦ ᠤᠯᠤᠰ ᠤᠨ ᠰᠢᠶᠠᠨ ᠤ ᠬᠡᠪᠴᠢᠶᠡᠨ ᠳᠠᠬᠢ ᠭᠠᠵᠠᠷ ᠵᠦᠶ ᠶᠢᠨ ᠲᠡᠮᠳᠡᠭᠲᠦ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠶᠢᠨ ᠵᠠᠭᠤᠨ ᠬᠦᠴᠦᠷᠬᠡᠭ ᠰᠢᠶᠠᠨ ᠤ ᠨᠡᠷᠡᠰ ᠢ ᠨᠡᠶᠢᠲᠡᠯᠡᠪᠡ᠃ ᠡᠭᠦᠨ ᠳᠤ᠂ ᠮᠠᠨ ᠤ ᠣᠷᠣᠨ ᠤ ᠠᠤᠬᠠᠨ ᠬᠤᠰᠢᠭᠤ ᠪᠠ ᠦᠶᠤᠸᠠᠨ ᠰᠢᠶᠠᠨ ᠰᠣᠩᠭᠤᠭᠳᠠᠵᠤ᠂ ᠭᠤᠤᠯᠯᠠᠬᠤ ᠭᠠᠵᠠᠷ ᠵᠦᠶ ᠶᠢᠨ ᠲᠡᠮᠳᠡᠭᠲᠦ ᠨᠢ ᠲᠣᠰ ᠲᠣᠰ ᠠᠤᠬᠠᠨ ᠤ ᠨᠠᠷᠢᠮᠤ᠂ ᠦᠶᠤᠸᠠᠨ ᠤ ᠨᠡᠷᠡᠨ ᠬᠤᠸᠠᠷ ᠪᠣᠯᠤᠨ᠎ᠠ᠃ ᠣᠳᠣᠬᠠᠨ ᠳᠤ᠂ ᠠᠤᠬᠠᠨ ᠬᠤᠰᠢᠭᠤᠨ ᠤ ᠨᠠᠷᠢᠮᠤ ᠳᠠᠷᠢᠬᠤ ᠲᠠᠯᠠᠪᠠᠶ ᠪᠠᠨ 100 ᠲᠦᠮᠡᠨ ᠮᠥ ᠳᠤ ᠲᠣᠭᠲᠠᠪᠤᠷᠢᠵᠢᠭᠤᠯᠵᠤ᠂ ᠨᠠᠷᠢᠮᠤ ᠶᠢᠨ ᠤᠨᠠᠯᠲᠠ ᠨᠢ ᠵᠢᠯ ᠳᠤ 6 ᠳ᠋ᠦᠩᠰᠢᠭᠤᠷ ᠭᠠᠷᠤᠢ ᠵᠢᠩ ᠪᠠᠶᠢᠵᠤ᠂ ᠪᠥᠬᠦ ᠤᠯᠤᠰ ᠤᠨ ᠬᠠᠮᠤᠭ ᠤᠨ ᠶᠡᠭᠡ ᠴᠢᠨᠠᠷ ᠰᠠᠶᠢᠲᠠᠶ ᠨᠠᠷᠢᠮᠤ ᠶᠢᠨ ᠤᠨᠠᠯᠲᠠ ᠶᠢᠨ ᠰᠠᠭᠤᠷᠢᠨ ᠭᠠᠵᠠᠷ ᠪᠣᠯᠵᠠᠢ︔ ᠣᠳᠣᠬᠠᠨ ᠳᠤ ᠬᠡᠪᠴᠢᠶᠡᠵᠢᠯ ᠠᠴᠠ ᠳᠡᠭᠡᠭᠰᠢᠬᠢ ᠨᠠᠷᠢᠮᠤ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶᠢᠯᠠᠯ 34᠂ ᠤᠯᠤᠰ ᠤᠨ ᠲᠠᠰ ᠤᠨ ᠬᠥᠲᠥᠴᠢ ᠠᠵᠤ ᠠᠬᠤᠶᠢᠯᠠᠯ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ 4 ᠪᠠᠶᠢᠨ᠎ᠠ᠂ ︽ᠠᠤᠬᠠᠨ ᠤ ᠨᠠᠷᠢᠮᠤ︾ ᠶᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠳ ᠢ 3400 ᠭᠠᠷᠤᠶ ᠡᠷᠦᠬᠡ ᠪᠣᠯᠭᠠᠵᠤ᠂ ᠪᠥᠬᠦ ᠤᠯᠤᠰ ᠤᠨ 700 ᠭᠠᠷᠤᠶ ᠭᠠᠵᠠᠷ ᠣᠷᠣᠨ ᠳᠤ ᠪᠣᠷᠣᠯᠠᠭᠤᠯᠵᠤ ᠪᠠᠶᠢᠬᠤ ᠪᠥᠭᠡᠳ᠂ ᠠᠤᠬᠠᠨ ᠤ ᠨᠠᠷᠢᠮᠤ ᠶᠢᠨ ᠨᠠᠷᠠᠲᠤ ᠲᠡᠮᠳᠡᠭᠲᠦ ᠶᠢᠨ ᠵᠠᠬ᠎ᠠ ᠳᠡᠯᠭᠡᠭᠦᠷ ᠤᠨ ᠥᠷᠲᠡᠭ 273.15 ᠳ᠋ᠦᠩᠰᠢᠭᠤᠷ ᠲᠥᠭᠦᠷᠢᠭ ᠲᠤ ᠬᠦᠷᠴᠡᠶ᠃ ᠦᠶᠤᠸᠠᠨ ᠰᠢᠶᠠᠨ ᠵᠢᠯ ᠪᠦᠷᠢ ᠳᠤᠮᠳᠠᠴᠢ ᠪᠠᠷ 100 ᠭᠠᠷᠤᠢ ᠲᠦᠮᠡᠨ ᠮᠦ ᠨᠡᠷᠡᠨ ᠬᠤᠸᠠᠷ ᠳᠠᠷᠢᠵᠤ᠂ ᠤᠨᠠᠯᠲᠠ ᠨᠢ 5 ᠳ᠋ᠦᠩᠰᠢᠭᠤᠷ ᠭᠠᠷᠤᠢ ᠵᠢᠩ ᠳᠤ ᠬᠦᠷᠴᠦ᠂ ᠪᠦᠬᠦ ᠤᠯᠤᠰ ᠤᠨ ᠶᠡᠷᠦᠩᠬᠡᠢ ᠬᠡᠮᠵᠢᠶᠡᠨ ᠤ 10% ᠣᠷᠴᠢᠮ ᠢ ᠡᠵᠡᠯᠡᠵᠦ᠂ ᠪᠦᠬᠦ ᠤᠯᠤᠰ ᠤᠨ ᠬᠤᠰᠢᠭᠤ ᠰᠢᠶᠠᠨ ᠲᠣᠭᠤᠷᠢᠭ ᠤᠨ ᠲᠡᠷᠢᠭᠦᠨ ᠳᠤ ᠪᠠᠶᠢᠷᠢᠯᠠᠪᠠ᠃ ᠪᠦᠬᠦ ᠤᠯᠤᠰ ᠤᠨ ᠨᠡᠷᠡᠨ ᠬᠤᠸᠠᠷ ᠤᠨ ᠮᠡᠷᠭᠡᠵᠢᠯ ᠤᠨ ᠰᠤᠳᠤᠯᠤᠯ ᠤᠨ ᠠᠩᠬᠠᠳᠠᠭᠴᠢ ᠬᠦᠷᠢᠶᠡᠯᠡᠩ ᠪᠠ ᠠᠺᠠᠳᠧᠮᠢᠴᠢ ᠶᠢᠨ ᠠᠵᠢᠯᠯᠠᠬᠤ ᠥᠷᠲᠡᠭᠡ ᠶᠢ ᠪᠠᠶᠢᠭᠤᠯᠵᠤ᠂ ᠬᠤᠷᠣᠬᠠᠢ ᠭᠡᠮ ᠢ ᠳᠠᠷᠤᠵᠤ ᠤᠨᠠᠯᠲᠠ ᠶᠢ ᠨᠡᠮᠡᠭᠳᠡᠭᠦᠯᠦᠭᠰᠡᠨ ᠴᠢᠨᠠᠷ ᠰᠠᠶᠢᠲᠠᠢ ᠢᠳᠡᠭᠡᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠬᠦ ᠡᠷᠬᠡ ᠲᠠᠢ 21 ᠲᠥᠷᠥᠯ ᠤᠨ ᠨᠠᠷᠠᠨ ᠬᠤᠸᠠᠷ ᠤᠨ ᠦᠷ᠎ᠡ ᠡᠭᠦᠯᠳᠡᠷ ᠢ ᠠᠮᠵᠢᠯᠲᠠ ᠲᠠᠢ ᠰᠤᠳᠤᠯᠤᠨ ᠨᠡᠭᠡᠭᠡᠵᠦ᠂ ᠵᠢᠯ ᠳᠤ 260 ᠲᠦᠮᠡᠨ ᠵᠢᠩ ᠦᠷ᠎ᠡ ᠡᠭᠦᠯᠳᠡᠷ ᠢ ᠪᠤᠶᠢᠵᠢᠭᠤᠯᠤᠨ᠂ ᠪᠥᠬᠦ ᠤᠯᠤᠰ ᠤᠨ ᠶᠡᠷᠦᠩᠬᠡᠶ ᠬᠡᠮᠵᠢᠶᠡᠨ ᠤ 40% ᠣᠷᠴᠢᠮ ᠢ ᠡᠵᠡᠯᠡᠪᠡ᠃ ᠨᠡᠷᠡᠨ ᠬᠤᠸᠠᠷ ᠪᠣᠯᠪᠠᠰᠤᠷᠠᠭᠤᠯᠬᠤ ᠤᠯᠤᠰ ᠤᠨ ᠲᠠᠰ ᠤᠨ ᠬᠥᠲᠥᠴᠢ ᠠᠵᠤ ᠠᠬᠤᠶᠢᠯᠠᠯ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ ᠠᠬᠤᠶᠢᠯᠠᠯ 16 ᠲᠠᠢ ᠪᠣᠯᠪᠠ᠃ ᠵᠢᠯ ᠳᠤ 8 ᠳ᠋ᠦᠩᠰᠢᠭᠤᠷ ᠵᠢᠩ ᠨᠠᠷᠠᠨ ᠬᠤᠸᠠᠷ ᠤᠨ ᠦᠷ᠎ᠡ ᠶᠢ ᠠᠷᠠᠯᠵᠢᠶᠠᠯᠠᠵᠤ᠂ ᠪᠦᠬᠦ ᠤᠯᠤᠰ ᠤᠨ ᠨᠡᠷᠡᠨ ᠬᠤᠸᠠᠷ ᠤᠨ ᠦᠨ᠎ᠡ ᠬᠠᠩᠰᠢ ᠶᠢᠨ ᠪᠦᠷᠢᠯᠳᠦᠬᠦ ᠲᠥᠪ ᠪᠠ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|