1 — 10 ᠳ᠋ᠤᠭᠠᠷ ᠰᠠᠷ᠎ᠠ ᠳᠠᠬᠢ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/11/21

      1 — 10 ᠳ᠋ᠤᠭᠠᠷ ᠰᠠᠷ᠎ᠠ ᠳᠤ᠂ ᠪᠦᠬᠦ ᠣᠷᠣᠨ ᠤ ᠬᠤᠲᠠ ᠪᠠᠯᠭᠠᠰᠤᠨ ᠤ ᠠᠵᠢᠯ ᠣᠯᠣᠭᠰᠠᠳ ᠤᠨ ᠲᠤᠭ᠎ᠠ 20.53 ᠲᠦᠮᠡᠨ ᠬᠥᠮᠦᠨ ᠰᠢᠨ᠎ᠡ ᠪᠠᠷ ᠨᠡᠮᠡᠭᠳᠡᠵᠦ᠂ ᠣᠨ ᠤ ᠲᠥᠯᠥᠪᠯᠡᠭᠡ ︵18 ᠲᠦᠮᠡᠨ ᠬᠥᠮᠦᠨ︶᠎ ᠶᠢᠨ ᠢᠶᠠᠨ 106%᠎ ᠶᠢ ᠪᠡᠶᠡᠯᠡᠭᠦᠯᠪᠡ᠃ ᠬᠤᠲᠠ ᠪᠠᠯᠭᠠᠰᠤᠨ ᠤ 6.2 ᠲᠦᠮᠡᠨ ᠠᠵᠢᠯ ᠠᠯᠳᠠᠭᠰᠠᠳ ᠳᠠᠬᠢᠯᠲᠠ ᠠᠵᠢᠯ ᠣᠯᠵᠦ᠂ ᠵᠢᠯ ᠤᠨ ᠲᠥᠯᠥᠪᠯᠡᠭᠡ ︵5 ᠲᠦᠮᠡᠨ ᠬᠥᠮᠦᠨ︶᠎ ᠶᠢᠨ ᠢᠶᠠᠨ 123.9%᠎ ᠶᠢ ᠪᠡᠶᠡᠯᠡᠭᠦᠯᠪᠡ᠃ 5.48 ᠲᠦᠮᠡᠨ ᠠᠵᠢᠯ ᠤᠯᠬᠤ ᠳᠤ ᠬᠦᠴᠢᠷᠳᠡᠵᠦ ᠪᠠᠶᠢᠭᠰᠠᠨ ᠬᠦᠮᠦᠰ ᠲᠤ ᠠᠵᠢᠯ ᠣᠯᠭᠤᠵᠤ᠂ ᠵᠢᠯ ᠤᠨ ᠲᠥᠯᠥᠪᠯᠡᠭᠡ ︵5 ᠲᠦᠮᠡᠨ ᠬᠥᠮᠦᠨ︶᠎ ᠶᠢᠨ ᠢᠶᠠᠨ 109.7%᠎ ᠶᠢ ᠪᠡᠶᠡᠯᠡᠭᠦᠯᠪᠡ᠃ ᠨᠡᠶᠢᠲᠡ 257.58 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠵᠦ ᠠᠵᠢᠯ ᠣᠯᠭᠤᠪᠠ᠂ ᠡᠭᠦᠨ ᠳᠤ ᠰᠢᠯᠵᠢᠭᠡᠳ 6 ᠰᠠᠷ᠎ᠠ ᠭᠠᠷᠤᠢ ᠪᠤᠯᠤᠭᠰᠠᠨ ᠬᠦᠮᠦᠨ 217.05 ᠲᠦᠮᠡ ᠪᠠᠶᠢᠨ᠎ᠠ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 2024 ᠣᠨ ᠤ ᠰᠤᠷᠭᠠᠭᠤᠯᠢ ᠠᠴᠠ ᠪᠠᠨ ᠲᠡᠭᠦᠰᠴᠦ ᠰᠠᠯᠵᠤ ᠶᠠᠪᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ 4.62 ᠲᠦᠮᠡ ᠪᠠᠶᠢᠵᠤ᠂ ᠠᠵᠢᠯ ᠣᠯᠭᠤᠯᠲᠠ ᠶᠢᠨ ᠨᠣᠷᠮ᠎ᠠ 82.8%᠎ ᠳᠤ ᠬᠦᠷᠪᠡ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ