|
ᠡᠵᠡᠨ᠎ᠡ ᠬᠤᠰᠢᠭᠤ ᠱᠧᠨ ᠯᠠᠨ ᠰᠠᠨᠰᠠᠷ ᠠᠶᠠᠯᠠᠯ ᠤᠨ ᠡᠵᠡᠨ᠎ᠡ ᠬᠤᠰᠢᠭᠤᠨ ᠳᠠᠬᠢ ᠰᠠᠨᠰᠠᠷ ᠠᠶᠠᠯᠠᠯ ᠤᠨ ᠭᠠᠷᠠᠮ ᠤᠨ ᠲᠦᠷᠦᠯ ᠵᠦᠢᠯ ᠢ ᠪᠦᠬᠦ | ᠬᠦᠴᠦᠨ ᠢᠶᠠᠷ ᠢᠶᠠᠨ ᠴᠣᠭᠴᠠᠯᠠᠵᠤ ᠬᠤᠳᠠᠯᠳᠤᠭᠠᠨ ᠤ ᠰᠠᠨᠰᠠᠷ ᠠᠶᠠᠯᠠᠯ ᠤᠨ ᠠᠵᠤ ᠦᠢᠯᠡᠰ ᠤᠨ ᠰᠢᠨ᠎ᠡ ᠥᠷᠢᠰᠦᠯᠳᠦᠭᠡᠨ ᠤ ᠪᠠᠶᠢᠳᠠᠯ ᠢ ᠡᠭᠦᠳᠴᠦ ᠪᠠᠶᠢᠨ᠎ᠠ |
|
|
ᠨᠡᠶᠢᠲᠡᠯᠡᠭᠰᠡᠨ ᠴᠠᠭ᠄
2024/11/21
|
|
ᠡᠵᠡᠨ᠎ᠡ ᠬᠤᠰᠢᠭᠤ ᠨᠢ ᠬᠥᠬᠡᠬᠤᠲᠠ ᠶᠢᠨ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠵᠢᠶᠠᠩᠰᠤ ᠮᠤᠵᠢ ᠶᠢᠨ ᠱᠧᠨ ᠯᠠᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠬᠠᠮᠲᠤᠷᠠᠨ 2000 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠭᠠᠳ᠂ ᠥᠪᠥᠷ ᠮᠣᠩᠭᠤᠯ ᠤᠨ ᠱᠧᠨ ᠯᠠᠨ ᠰᠠᠨᠰᠠᠷ ᠠᠶᠠᠯᠠᠯ ᠤᠨ ᠭᠠᠷᠠᠮ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠵᠤ ᠪᠠᠶᠢᠭᠤᠯᠤᠭᠠᠳ ᠂ ᠱᠧᠨ ᠯᠠᠨ ᠰᠠᠨᠰᠠᠷ ᠠᠶᠠᠯᠠᠯ ᠤᠨ ᠡᠵᠡᠨ᠎ᠡ ᠬᠤᠰᠢᠭᠤᠨ ᠳᠠᠬᠢ ᠰᠠᠨᠰᠠᠷ ᠠᠶᠠᠯᠠᠯ ᠤᠨ ᠭᠠᠷᠠᠮ ᠤᠨ ᠲᠥᠷᠥᠯ ᠵᠦᠢᠯ ᠢ ᠬᠠᠮᠲᠤ ᠪᠠᠷ ᠴᠣᠭᠴᠠᠯᠠᠵᠤ ᠪᠠᠶᠢᠨ᠎ᠠ᠃ ᠲᠥᠷᠥᠯ ᠵᠦᠢᠯ ᠳᠤ ᠭᠤᠶᠤᠴᠢᠯᠠᠨ ᠬᠡᠷᠡᠭᠯᠡᠬᠦ ᠭᠠᠵᠠᠷ ᠤᠨ ᠶᠡᠷᠦᠩᠬᠡᠢ ᠬᠡᠪᠴᠢᠶ᠎ᠡ ᠨᠢ 1.35 ᠾᠧᠺᠲ᠋ᠠᠷ ᠪᠠᠶᠢᠵᠤ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠪᠦᠲᠦᠭᠡᠨ ᠪᠠᠶᠢᠭᠤᠯᠬᠤ ᠠᠭᠤᠯᠭ᠎ᠠ ᠳᠤ ᠶᠡᠷᠦᠩᠬᠡᠢ ᠤᠭᠰᠠᠷᠠᠯᠲᠠ ᠶᠡᠷᠦᠩᠬᠡᠢ ᠬᠡᠮᠵᠢᠯᠲᠡ ᠶᠢᠨ ᠦᠢᠯᠡᠳᠪᠦᠷᠢ ᠶᠢᠨ ᠭᠡᠷ ᠪᠠᠶᠢᠰᠢᠩ᠂ ᠲᠡᠶᠢᠷᠦᠯᠲᠦ ᠰᠤᠮᠤ ᠬᠠᠷᠪᠤᠵᠤ ᠨᠢᠰᠭᠡᠬᠦ ᠲᠤᠷᠰᠢᠯᠲᠠ ᠶᠢᠨ ᠲᠠᠯᠠᠪᠤᠷ ᠪᠠ ᠲᠡᠶᠢᠷᠦᠯᠲᠦ ᠰᠤᠮᠤ ᠶᠢ ᠪᠤᠴᠠᠭᠠᠨ ᠬᠤᠷᠢᠶᠠᠬᠤ ᠲᠠᠯᠠᠪᠤᠷ ᠵᠡᠷᠭᠡ 3 ᠬᠡᠰᠡᠭ ᠢ ᠪᠠᠭᠲᠠᠭᠠᠵᠤ᠂ ᠣᠳᠣᠬᠠᠨ ᠳᠤ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠᠨ ᠴᠥᠮ ᠪᠡᠶᠡᠯᠡᠭᠦᠯᠪᠡ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠵᠢᠯ ᠪᠦᠷᠢ ᠲᠡᠶᠢᠷᠦᠯᠲᠦ ᠰᠤᠮᠤ ᠬᠠᠷᠪᠤᠵᠤ ᠬᠠᠷᠪᠤᠵᠤ ᠨᠢᠰᠭᠡᠬᠦ ᠪᠠ ᠪᠤᠴᠠᠭᠠᠨ ᠬᠤᠷᠢᠶᠠᠬᠤ ᠡᠭᠦᠷᠭᠡ ᠶᠢ 10 ᠭᠠᠷᠤᠢ ᠤᠳᠠᠭ᠎ᠠ ᠭᠦᠢᠴᠡᠳᠬᠡᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠤᠰᠤᠳ ᠲᠡᠶᠢᠷᠦᠯᠲᠦ ᠰᠤᠮᠤ ᠶᠢᠨ ᠺᠣᠮᠫᠠᠨᠢ ᠶᠢᠨ ᠲᠤᠷᠰᠢᠯᠲᠠ ᠬᠢᠬᠦ ᠡᠭᠦᠷᠭᠡ᠂ ᠤᠯᠤᠰ ᠤᠨ ᠳᠣᠲᠣᠭᠠᠳᠤ ᠶᠢᠨ ᠰᠠᠨᠰᠠᠷ ᠠᠶᠠᠯᠠᠯ ᠤᠨ ᠡᠯ᠎ᠡ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠤᠷᠰᠢᠯᠲᠠ ᠬᠢᠬᠦ ᠡᠭᠦᠷᠭᠡ᠂ ᠤᠯᠤᠰ ᠤᠨ ᠳᠣᠲᠣᠭᠠᠳᠤ ᠶᠢᠨ ᠳᠣᠣᠷ᠎ᠠ ᠠᠭᠠᠷ ᠲᠠᠬᠢ ᠬᠠᠶᠢᠨ ᠬᠡᠮᠵᠢᠯᠲᠡ ᠵᠡᠷᠭᠡ ᠬᠤᠳᠠᠯᠳᠤᠭᠠᠨ ᠤ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠴᠢᠨᠠᠷ ᠰᠠᠶᠢᠲᠠᠢ ᠦᠷ᠎ᠡ ᠪᠦᠲᠦᠮᠵᠢᠲᠡᠶ ᠳᠠᠭᠠᠭᠠᠨ ᠠᠪᠬᠤ ᠪᠠᠷ ᠲᠥᠯᠥᠪᠯᠡᠵᠦ ᠪᠠᠶᠢᠨ᠎ᠠ᠃ ︵ᠠᠯᠠᠱᠠ ᠠᠶᠢᠮᠠᠭ ᠤᠨ ᠵᠠᠬᠢᠷᠭ᠎ᠠ︶
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|