ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠵᠤ ᠰᠠᠶᠢᠵᠢᠷᠠᠭᠤᠯᠬᠤ ᠪᠠᠷ ᠥᠪᠥᠷ ᠮᠣᠩᠭᠤᠯ ᠪᠣᠳᠠᠲᠠᠢ ᠠᠷᠭ᠎ᠠ ᠬᠡᠮᠵᠢᠶ᠎ᠡ ᠬᠡᠷᠡᠭᠯᠡᠪᠡ︕
ᠨᠡᠶᠢᠲᠡᠯᠡᠭᠰᠡᠨ ᠴᠠᠭ᠄
2024/11/22

1.jpg


    11 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠬᠡᠮᠡᠬᠦ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ — ︽ᠲᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ   ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠶ᠎ᠠ︾ ᠬᠡᠮᠡᠬᠦ ᠲᠤᠰᠬᠠᠶ ᠲᠠᠯᠠᠪᠤᠷ ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠢ ᠬᠠᠷᠢᠭᠤᠯᠪᠠ᠃

ᠦᠪᠤᠷ ᠮᠣᠩᠭᠤᠯ ᠤᠨ ᠠᠷᠡᠳ ᠤᠨ ᠶᠠᠪᠤᠳᠡᠯ ᠤᠨ ᠳᠢᠩᠬᠢᠮ ᠮᠠᠯᠵᠢᠬᠤ ᠳᠡᠷᠢᠶᠡᠯᠡᠬᠤ ᠣᠷᠣᠨ ᠤ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠰᠢᠨ᠎ᠡ ᠲᠥᠯᠥᠪ ᠪᠠᠶᠢᠳᠠᠯ ᠢ ᠪᠠᠶᠢᠭᠤᠯᠤᠨ᠎ᠠ

2.jpg


    ᠺᠠᠩ ᠰᠢᠤᠸᠠᠢ ᠳ᠋ᠦᠩ   ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ

    ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠲᠦᠷᠢᠮ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ᠂ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠳᠡᠪᠬᠢᠲᠡᠶ ᠬᠠᠶᠢᠨ ᠰᠦᠪᠡᠭᠴᠢᠯᠡᠪᠡ᠃

    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ 13 ᠰᠠᠯᠠᠭ᠎ᠠ ᠮᠥᠴᠢᠷ ᠯᠦᠭᠡ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠬᠦ︾ ᠶᠢᠨ ᠲᠣᠭᠤᠷᠢᠨ ᠳᠤ ᠬᠡᠷᠡᠭᠵᠢᠭᠦᠯᠬᠦ ᠲᠥᠰᠦᠯ ᠢ ᠲᠣᠭᠲᠠᠭᠠᠨ ᠳᠠᠷᠤᠮᠠᠯᠯᠠᠨ ᠶᠠᠪᠤᠭᠤᠯᠵᠤ᠂ ︽ᠰᠢᠶᠠᠨ ᠰᠢᠶᠠᠩ ᠲᠣᠰᠬᠤᠨ ᠤ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠪᠦᠷᠢᠨᠰᠢᠬᠦᠯᠬᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ᠂ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠬᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ︾ ᠳᠥᠷᠪᠡᠨ ᠲᠠᠯ᠎ᠠ ᠶᠢᠨ 17 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃

    ᠪᠠᠷᠢᠮᠵᠢᠶ᠎ᠠ ᠶᠢ ᠴᠢᠩᠭ᠎ᠠ ᠵᠢᠷᠤᠮᠯᠠᠵᠤ ᠪᠠᠶᠢᠭᠠᠳ ᠠᠰᠠᠷᠠᠭᠴᠢ ᠬᠥᠮᠥᠵᠢᠭᠦᠯᠦᠨ ᠪᠣᠯᠪᠠᠰᠤᠷᠠᠭᠤᠯᠬᠤ 30 ᠰᠠᠭᠤᠷᠢᠨ ᠭᠠᠵᠠᠷ ᠢ ᠰᠢᠯᠢᠨ ᠰᠣᠩᠭᠤᠪᠠ᠃ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠪᠠ᠃ ᠲᠥᠪ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 4308.75 ᠲᠦᠮᠡᠨ ᠲᠥᠭᠦᠷᠢᠭ ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠯᠭ᠎ᠠ ᠪᠠᠶᠢᠭᠤᠯᠬᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠰᠠᠭᠤᠷᠢ ᠪᠡᠯᠡᠳᠬᠡᠮᠵᠢ ᠶᠢ ᠰᠡᠯᠪᠢᠨ ᠵᠠᠰᠠᠵᠤ ᠳᠡᠰ ᠳᠡᠪᠰᠢᠭᠦᠯᠬᠦ ᠠᠵᠢᠯ ᠳᠤ ᠬᠡᠷᠡᠭᠯᠡᠭᠦᠯᠪᠡ᠃

    10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠣᠷᠣᠨ ᠳᠠᠶᠠᠭᠠᠷ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠡᠶᠢᠲᠡ 570 ᠪᠠᠶᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︵ᠵᠢᠷᠭᠠᠯᠠᠩᠲᠤ ᠬᠦᠷᠢᠶᠡᠯᠡᠩ ᠪᠠᠭᠲᠠᠨ᠎ᠠ︶ ᠶᠢ 6217 ᠪᠠᠶᠢᠭᠤᠯᠪᠠ᠃

3.jpg


    ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠨᠠᠰᠤᠲᠠᠶᠢᠴᠤᠳ ᠲᠤ ᠪᠠᠶᠠᠯᠢᠭ ᠰᠠᠶᠢᠬᠠᠨ ᠰᠣᠶᠣᠯ ᠴᠡᠩᠭᠡᠯ ᠤᠨ ᠠᠮᠢᠳᠤᠷᠠᠯ ᠢ ᠬᠠᠩᠭᠠᠵᠠᠢ

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠥᠭᠡᠷᠡᠴᠢᠯᠡᠨ ᠰᠠᠶᠢᠵᠢᠷᠠᠭᠤᠯᠬᠤ᠂ ᠴᠢᠳᠠᠮᠵᠢ ᠪᠠᠨ ᠥᠷᠭᠡᠳᠬᠡᠬᠦ ᠪᠠᠷ ᠳᠠᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠠᠰᠤᠲᠠᠶᠢᠴᠤᠳ ᠤᠨ ᠡᠷᠬᠢᠨ ᠲᠣᠭᠤᠷᠢᠨ᠂ ᠬᠠᠵᠠᠭᠤ ᠬᠠᠪᠢ᠂ ᠥᠷᠥᠭᠡ ᠭᠡᠷ ᠲᠤ ᠨᠢ ᠲᠥᠪᠯᠡᠷᠡᠭᠦᠯᠬᠦ ᠶᠢ ᠠᠬᠢᠭᠤᠯᠵᠤ᠂ ᠰᠢᠶᠠᠨ ᠰᠢᠶᠠᠩ ᠲᠣᠰᠬᠤᠨ ᠢ ᠵᠣᠯᠭᠠᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃

ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠪᠠᠨ ᠪᠣᠳᠠᠲᠠᠶᠢᠵᠢᠭᠤᠯᠬᠤ ᠶᠢ ᠠᠬᠢᠭᠤᠯᠤᠨ᠎ᠠ

4.jpg


    ᠵᠠᠶ ᠶᠢᠩ ᠵᠢᠶᠦ᠋ᠨ   ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ

    ᠥᠪᠥᠷ ᠮᠣᠩᠭᠤᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠲᠦᠷᠦᠭᠦᠯᠡᠨ ᠬᠢᠬᠦ ᠶᠢᠨ ᠲᠣᠭᠤᠷᠢᠨ ᠳᠤ 36 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠪᠥᠭᠡᠳ ᠰᠤᠷᠲᠠᠯ ᠢᠶᠠᠨ ᠬᠤᠪᠢᠷᠠᠭᠤᠯᠬᠤ᠂ ᠠᠰᠠᠭᠤᠳᠠᠯ ᠢᠶᠠᠨ ᠵᠠᠯᠠᠷᠠᠭᠤᠯᠬᠤ ᠪᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠢᠭᠲᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠪᠠ᠃ ᠣᠳᠣᠬᠠᠨ ᠳᠤ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠬᠠᠮᠲᠤ ᠳᠤ ᠨᠢ ᠬᠢᠨᠠᠵᠤ ᠨᠢᠭᠡᠳᠦᠯᠲᠡᠶ ᠰᠢᠢᠳᠪᠦᠷᠢᠯᠡᠬᠦ︾ ᠶᠢ ᠬᠡᠷᠡᠭᠵᠢᠭᠦᠯᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠶᠢᠮᠠᠭ ᠬᠤᠲᠠ ᠶᠢᠨ ᠱᠠᠲᠤᠨ ᠳᠤ ᠨᠢᠭᠡᠳᠦᠯᠲᠡᠶ ᠬᠠᠮᠢᠶᠠᠷᠬᠤ ᠶᠢ ᠪᠡᠶᠡᠯᠡᠭᠦᠯᠬᠦ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠥᠭᠡᠳ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶᠢᠨ᠎ᠠ᠃

5.jpg


    ᠴᠢᠨᠠᠷ ᠰᠠᠶᠢᠲᠠᠶ ᠪᠥᠭᠡᠳ ᠭᠦᠢᠴᠡᠳ ᠠᠵᠢᠯ ᠣᠯᠭᠤᠬᠤ ᠶᠢ ᠠᠬᠢᠭᠤᠯᠬᠤ ᠶᠢᠨ ᠲᠣᠭᠤᠷᠢᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠰᠠᠨᠠᠯ ᠤᠨ ᠨᠡᠶᠢᠲᠡᠯᠡᠭᠳᠡᠬᠦ ᠶᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠪᠣᠯᠬᠤ ᠬᠥᠮᠦᠰ ᠲᠤ ᠠᠵᠢᠯ ᠣᠯᠭᠤᠬᠤ ᠶᠢ ᠳᠡᠮᠵᠢᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠪᠡ︔ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠢᠳᠡᠪᠬᠢᠲᠡᠶ ᠨᠠᠮᠳᠠᠭᠤᠯᠪᠠ︔ ᠠᠵᠢᠯ ᠣᠯᠭᠤᠵᠤ ᠦᠢᠯᠡᠰ ᠴᠣᠭᠴᠠᠯᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠪᠡ᠃

6.jpg


    ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠶᠢᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠳᠡᠰ ᠳᠠᠪᠬᠤᠷᠭ᠎ᠠ ᠣᠯᠠᠨ ᠲᠤᠯᠭᠠᠭᠤᠷᠢᠯᠠᠯ ᠲᠠᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠲᠤᠬᠠᠢ ᠰᠠᠨᠠᠯ︾ ᠢ ᠪᠥᠬᠦ ᠤᠯᠤᠰ ᠲᠤ ᠤᠷᠢᠳ ᠢᠶᠠᠷ ᠨᠡᠶᠢᠲᠡᠯᠡᠪᠡ︔ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶᠢᠲᠠᠶ ᠪᠠᠷ ᠬᠡᠪᠴᠢᠶ᠎ᠡ ᠶᠢ ᠨᠢ ᠥᠷᠭᠡᠳᠬᠡᠬᠦ ᠲᠤᠰᠬᠠᠶ ᠠᠵᠢᠯᠯᠠᠭᠠᠨ ᠢ ᠥᠷᠨᠢᠭᠦᠯᠵᠦ᠂ ᠠᠮᠢᠳᠤᠯᠢᠭ ᠢᠶᠠᠷ ᠠᠵᠢᠯ ᠣᠯᠤᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ ᠪᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠳᠤ ᠣᠷᠣᠯᠴᠠᠬᠤ ᠶᠢ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠬᠢᠭᠤᠯᠵᠤ᠂ ᠨᠥᠬᠦᠴᠡᠯ ᠲᠠᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠥᠷᠢ ᠣᠯᠭᠤᠬᠤ ᠠᠵᠢᠯ ᠥᠷᠨᠢᠭᠦᠯᠪᠡ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠶᠢ ᠳ᠋ᠢᠭᠢᠲᠴᠢᠯᠡᠭᠰᠡᠨ ᠬᠡᠯᠪᠡᠷᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ︽ᠬᠠᠮᠲᠤ ᠳᠤ ᠨᠢ ᠬᠢᠨᠠᠵᠤ ᠨᠢᠭᠡᠳᠦᠯᠲᠡᠶ ᠭᠦᠢᠴᠡᠳᠬᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠶᠢᠭᠡᠮ ᠤᠨ ᠳᠠᠭᠠᠳᠬᠠᠯ ᠤᠨ ᠰᠢᠯᠵᠢᠭᠦᠯᠵᠦ ᠦᠷᠭᠦᠯᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠭᠰᠠᠨ ᠰᠠᠭᠤᠭᠠᠯᠢ ᠠᠷᠠᠳ ᠤᠨ ᠦᠢᠯᠡᠴᠢᠯᠡᠭᠡᠨ ᠤ ︽ᠪᠦᠷᠢᠨ ᠴᠢᠳᠠᠮᠵᠢᠲᠤ ᠺᠠᠷᠲ︾ ᠤᠨ ᠬᠡᠷᠡᠭᠯᠡᠯᠲᠡ ᠶᠢᠨ ᠪᠠᠶᠢᠳᠠᠯ ᠢ ᠥᠷᠭᠡᠳᠬᠡᠪᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠭᠠᠷᠲᠠᠨ ᠭᠦᠢᠴᠡᠳᠬᠡᠯᠲᠡ᠂ ᠮᠡᠳᠡᠭᠡ ᠵᠠᠩᠭᠢ᠂ ᠬᠢᠨᠠᠯᠲᠠ ᠲᠠᠯᠪᠢᠯᠲᠠ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠰᠠᠭᠤᠷᠢ ᠮᠥᠩᠭᠦᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠰᠠᠭᠤᠷᠢ ᠮᠥᠩᠭᠦᠨ ᠤ ︽ᠠᠯᠳᠠᠭᠳᠠᠵᠤ ᠭᠡᠭᠡᠭᠳᠡᠵᠦ ᠰᠦᠢᠳᠴᠦ ᠬᠤᠬᠢᠷᠠᠬᠤ︾ ᠶᠢ ᠴᠢᠩᠭ᠎ᠠ ᠰᠡᠷᠭᠡᠶᠢᠯᠡᠪᠡ᠃

ᠥᠪᠥᠷ ᠮᠣᠩᠭᠤᠯ ᠤᠨ ︽ᠳᠤᠯᠠᠭᠠᠯᠠᠭ᠎ᠠ ᠶᠢᠨ ᠢᠨᠵᠧᠨᠧᠷᠢᠩ︾ ᠤᠨ 528 ᠲᠥᠷᠥᠯ ᠵᠦᠢᠯ ᠤᠨ ᠠᠵᠢᠯ ᠢᠶᠠᠨ ᠪᠥᠬᠦᠨ ᠢ ᠳᠠᠭᠤᠰᠬᠠᠪᠠ

7.jpg


    ᠭᠦᠸᠧ ᠢᠦᠶ ᠹᠧᠩ   ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ

    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠣᠯᠠᠨ ᠲᠦᠮᠡᠨ ᠤ ᠲᠤᠰᠬᠠᠯ ᠶᠡᠬᠡᠲᠡᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠴᠢ ᠡᠭᠦᠰᠬᠡᠭᠴᠢ᠂ ᠢᠯᠴᠢ ᠶᠢᠨ ᠲᠣᠤᠷ᠂ ᠢᠯᠴᠢ ᠶᠢᠨ ᠥᠷᠲᠡᠭᠡ᠂ ᠰᠠᠭᠤᠭᠠᠯᠢ ᠡᠷᠦᠬᠡ ᠵᠡᠷᠭᠡ ᠳᠤ ᠣᠯᠠᠨ ᠡᠭᠡᠯᠵᠢ ᠶᠢᠨ ᠪᠥᠬᠦ ᠬᠡᠯᠬᠢᠶᠡᠨ ᠤ ᠵᠢᠭᠰᠠᠭᠠᠨ ᠪᠠᠶᠢᠴᠠᠭᠠᠯᠲᠠ ᠬᠢᠵᠦ᠂ ᠢᠯᠴᠢ ᠬᠠᠩᠭᠠᠭᠰᠠᠨ ᠴᠤ ᠬᠠᠯᠠᠬᠤ ᠥᠬᠡᠶ ᠪᠠᠶᠢᠭ᠎ᠠ ︽ᠭᠡᠮ ᠤᠨ ᠦᠨᠳᠦᠰᠦ︾ ᠶᠢ ᠣᠨᠣᠪᠴᠢᠲᠠᠶ ᠡᠷᠢᠵᠦ ᠣᠯᠣᠭᠠᠳ᠂ ᠲᠥᠷᠥᠯ ᠵᠦᠢᠯ ᠤᠨ ᠨᠠᠷᠢᠨ ᠲᠠᠩᠰᠠ ᠶᠢ ᠪᠠᠶᠢᠭᠤᠯᠤᠨ᠂ 528 ᠲᠥᠷᠥᠯ ᠵᠦᠢᠯ ᠢ ᠲᠣᠭᠲᠠᠭᠠᠪᠠ᠃ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠪᠥᠬᠦ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 528 ᠲᠥᠷᠥᠯ ᠵᠦᠢᠯ ᠤᠨ ᠠᠵᠢᠯ ᠢᠶᠠᠨ ᠪᠦᠬᠦᠨ ᠢ ᠳᠠᠭᠤᠰᠬᠠᠵᠤ᠂ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠳᠤ ᠴᠠᠭ ᠲᠤᠬᠠᠢ ᠳᠤ ᠨᠢ ᠢᠯᠴᠢ ᠬᠠᠩᠭᠠᠪᠠ᠃ ᠣᠳᠣᠬᠠᠨ ᠳᠤ᠂ ᠪᠥᠬᠦ ᠣᠷᠣᠨ ᠤ ᠢᠯᠴᠢ ᠬᠠᠩᠭᠠᠬᠤ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠢᠯᠴᠢ ᠬᠠᠩᠭᠠᠬᠤ ᠶᠠᠰᠤ ᠴᠢᠨᠠᠷ ᠢᠯᠡᠳᠲᠡ ᠳᠡᠭᠡᠭᠰᠢᠯᠡᠪᠡ᠃

8.jpg


    ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠣᠷᠣᠨ ᠳᠠᠶᠠᠭᠠᠷ ᠤᠨ ᠢᠯᠴᠢ ᠬᠠᠩᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠂ ︽ᠳᠤᠯᠠᠭᠠᠯᠭ᠎ᠠ ᠶᠢᠨ ᠢᠨᠵᠧᠨᠧᠷᠢᠩ︾ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠥᠪᠥᠷ ᠮᠣᠩᠭᠤᠯ ︽ᠣᠨᠣᠴᠠᠲᠠᠶ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾ ᠶᠢ ᠬᠠᠶᠢᠨ ᠰᠦᠪᠡᠭᠴᠢᠯᠡᠪᠡ᠃

    ᠢᠯᠴᠢ ᠬᠠᠩᠭᠠᠬᠤ ᠬᠤᠭᠤᠴᠠᠭᠠᠨ ᠳᠠᠬᠢ ᠣᠨᠣᠴᠠᠲᠠᠢ ᠦᠢᠯᠡᠴᠢᠯᠡᠭᠡ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠰᠠᠭᠤᠭᠠᠯᠢ ᠠᠷᠠᠳ ᠤᠨ ᠬᠡᠷ ᠤᠨ ᠳᠤᠯᠠᠭᠠᠨ ᠢ ᠨᠢ ᠰᠦᠯᠵᠢᠶ᠎ᠡ ᠪᠠᠨ ᠬᠢᠨᠠᠨ ᠰᠢᠨᠵᠢᠬᠦ ᠰᠢᠰᠲ᠋ᠧᠮ ᠢ ᠭᠦᠢᠴᠡᠳ ᠠᠰᠢᠭᠯᠠᠨ᠂ ᠡᠳᠦᠷ ᠲᠤ ᠨᠢ ᠰᠤᠳᠤᠯᠤᠨ ᠮᠠᠭᠠᠳᠯᠠᠵᠤ ᠲᠡᠷᠡ ᠭᠠᠷᠠᠭ ᠲᠤ ᠨᠢ ᠲᠣᠬᠢᠷᠠᠭᠤᠯᠤᠯᠲᠠ ᠬᠢᠬᠦ ᠶᠢ ᠣᠨᠣᠪᠴᠢᠲᠠᠶ ᠥᠷᠨᠢᠭᠦᠯᠵᠦ᠂ ᠡᠯ᠎ᠡ ᠭᠠᠵᠠᠷ ᠤᠨ ᠢᠯᠴᠢ ᠬᠠᠩᠭᠠᠬᠤ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤ ᠨᠢ ᠡᠵᠡᠮᠰᠢᠵᠦ ᠪᠠᠶᠢᠨ᠎ᠠ᠃ ᠢᠯᠴᠢ ᠬᠠᠩᠭᠠᠬᠤ ᠦᠢᠯᠡᠴᠢᠯᠡᠭᠡᠨ ᠤ ᠲᠤᠰᠬᠠᠶ ᠤᠲᠠᠰᠤ᠂ ︽ᠬᠤᠤᠰ ᠬᠠᠮᠢᠶᠠᠷᠤᠭᠴᠢ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠵᠦ ᠪᠠᠶᠢᠨ᠎ᠠ᠃

    ᠢᠯᠴᠢ ᠬᠠᠩᠭᠠᠬᠤ ᠠᠵᠢᠯ ᠲᠥᠷᠥᠯ ᠤᠨ ᠬᠠᠮᠢᠶᠠᠷᠤᠯᠲᠠ ᠶᠢ ᠲᠠᠰᠤᠷᠠᠯᠲᠠ ᠤᠢᠭᠡᠢ ᠵᠢᠷᠤᠮᠵᠢᠭᠤᠯᠤᠨ᠂ ᠢᠯᠴᠢ ᠬᠠᠩᠭᠠᠬᠤ ᠡᠵᠡᠩᠨᠡᠯᠲᠡ ᠶᠢᠨ ᠵᠥᠪᠰᠢᠶᠡᠷᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ᠂ ᠣᠯᠠᠨᠲᠠ ᠱᠠᠭᠠᠷᠳᠠᠭᠰᠠᠨ ᠴᠤ ᠴᠡᠭᠴᠡᠯᠡᠨ ᠰᠠᠶᠢᠵᠢᠷᠠᠭᠤᠯᠤᠭᠰᠠᠨ ᠦᠭᠡᠶ ᠪᠠ ᠰᠢᠯᠭᠠᠨ ᠦᠨᠡᠯᠡᠭᠰᠡᠨ ᠦᠷ᠎ᠡ ᠳ᠋ᠦᠩ ᠨᠢ ᠦᠷᠭᠦᠯᠵᠢᠯᠡᠨ ᠬᠢᠷᠢ ᠲᠡᠩᠴᠡᠭᠰᠡᠨ ᠦᠭᠡᠶ ᠠᠵᠤ ᠠᠬᠤᠶᠢᠯᠠᠯ ᠢ ᠬᠠᠤᠯᠢ ᠶᠣᠰᠣᠭᠠᠷ ᠢᠯᠭᠠᠷᠠᠭᠤᠯᠤᠨ ᠪᠤᠴᠠᠭᠠᠨ᠎ᠠ᠃

9.jpg


    ︽ᠣᠨᠣᠴᠠᠲᠠᠶ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾ ᠰᠢᠨ᠎ᠡ ᠬᠡᠪ ᠵᠠᠭᠪᠤᠷ ᠢ ᠦᠷᠭᠦᠯᠵᠢᠯᠡᠨ ᠬᠠᠶᠢᠨ ᠰᠦᠪᠡᠭᠴᠢᠯᠡᠵᠦ᠂ ᠬᠥᠬᠡᠬᠤᠲᠠ᠂ ᠣᠷᠳᠣᠰ ᠬᠤᠲᠠ ᠵᠡᠷᠭᠡ 5 ᠠᠶᠢᠮᠠᠭ ᠬᠤᠲᠠ ᠶᠢᠨ ᠣᠶᠤᠨᠲᠤ ᠢᠯᠴᠢ ᠬᠠᠩᠭᠠᠬᠤ ᠲᠤᠷᠰᠢᠯᠲᠠ ᠶᠢᠨ ᠴᠡᠭ ᠤᠨ ᠠᠵᠢᠯ ᠢᠶᠠᠨ ᠦᠷᠭᠦᠯᠵᠢᠯᠡᠨ ᠥᠷᠨᠢᠭᠦᠯᠬᠦ ᠶᠢ ᠠᠬᠢᠭᠤᠯᠤᠨ᠂ ᠬᠢᠶ᠎ᠠ ᠪᠠᠭᠰᠢ ᠲᠣᠭᠤᠷᠢᠭ ᠢ ᠣᠶᠤᠨᠲᠤ ᠢᠯᠴᠢ ᠬᠠᠩᠭᠠᠬᠤ ᠬᠤᠰᠢᠭᠤᠴᠢ ᠲᠣᠭᠤᠷᠢᠭ ᠪᠣᠯᠭᠠᠵᠤ᠂ ᠪᠥᠬᠦ ᠣᠷᠣᠨ ᠪᠦᠰᠡ ᠶᠢᠨ ᠣᠶᠤᠨᠲᠤ ᠢᠯᠴᠢ ᠬᠠᠩᠭᠠᠬᠤ ᠵᠢᠱᠢᠶ᠎ᠡ ᠦᠵᠡᠭᠦᠯᠬᠦ ᠴᠡᠭ ᠢ ᠰᠦᠪᠡᠭᠴᠢᠯᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠤᠶᠤᠨᠲᠤ ᠢᠯᠴᠢ ᠬᠠᠩᠭᠠᠬᠤ ᠪᠠᠷᠢᠮᠵᠢᠶ᠎ᠠ ᠶᠢ ᠵᠡᠷᠭᠡ ᠳᠤ ᠨᠢ ᠰᠤᠳᠤᠯᠤᠨ ᠲᠣᠭᠲᠠᠭᠠᠵᠤ᠂ ︽ᠡᠭᠦᠰᠬᠡᠭᠴᠢ᠂ ᠲᠣᠣᠷ᠂ ᠥᠷᠲᠡᠭᠡ᠂ ᠡᠷᠦᠬᠡ︾ ᠶᠢᠨ ᠪᠥᠬᠦ ᠬᠡᠯᠬᠢᠶ᠎ᠡ ᠶᠢᠨ ᠣᠶᠤᠨᠲᠤ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠬᠠᠩᠭᠠᠬᠤ ᠬᠡᠮᠵᠢᠶ᠎ᠡ ᠪᠠᠷ ᠨᠢ ᠢᠯᠴᠢ ᠬᠠᠩᠭᠠᠵᠤ ᠰᠦᠢᠳᠬᠡᠯ ᠬᠤᠷᠢᠶᠠᠬᠤ᠂ ᠬᠠᠮᠢᠶᠠᠷᠬᠤ ᠪᠠ ᠤᠬᠠᠭᠤᠯᠬᠤ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ︽ᠣᠨᠣᠴᠠᠲᠠᠶ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠣᠨ᠎ᠠ᠃

ᠭᠠᠷᠠᠭ ᠪᠦᠷᠢ ᠤᠷᠤᠨ ᠤ ᠭᠠᠳᠠᠨᠠᠬᠢ 530 ᠭᠠᠷᠤᠢ ᠮᠡᠷᠭᠡᠵᠢᠯᠳᠡᠨ ᠢᠷᠡᠵᠦ ᠡᠮᠨᠡᠨ ᠵᠠᠰᠠᠬᠤ ᠪᠣᠯᠣᠭᠰᠠᠨ ᠢᠶᠠᠷ

ᠤᠯᠠᠨ ᠲᠦᠮᠡᠨ ︽ᠭᠡᠷ ᠤᠨ ᠢᠶᠠᠨ ᠡᠭᠦᠳᠡᠨ ᠳᠤ ᠨᠡᠷᠡᠳᠤ ᠡᠮᠴᠢ ᠪᠠᠷ ᠡᠪᠡᠳᠴᠢᠨ ᠢᠶᠠᠨ ᠦᠵᠡᠭᠦᠯᠬᠦ︾ ᠶᠢ ᠪᠡᠶᠡᠯᠡᠭᠦᠯᠪᠡ

10.jpg


    ᠯᠢᠦ ᠶᠦᠩ   ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ

11.jpg


    ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠡᠪᠡᠳᠴᠢᠨ ᠢᠶᠠᠨ ᠡᠮᠨᠡᠭᠦᠯᠵᠦ ᠵᠠᠰᠠᠬᠤ ᠳᠤ ᠬᠠᠮᠤᠭ ᠠᠴᠠ ᠰᠡᠳᠬᠢᠯ ᠲᠠᠯᠪᠢᠵᠤ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 9 ᠲᠠᠯ᠎ᠠ ᠶᠢᠨ ᠭᠤᠤᠯ ᠪᠣᠯᠬᠤ ᠡᠭᠦᠷᠭᠡ᠂ 35 ᠵᠦᠢᠯ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠪᠦᠬᠦᠨ ᠢ ᠡᠬᠢᠯᠡᠨ ᠬᠡᠷᠡᠭᠵᠢᠭᠦᠯᠵᠦ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ ︽ᠲᠠᠷᠠᠬᠠᠢ ᠴᠡᠭ ᠲᠤ ᠪᠠᠶᠢᠴᠠᠭᠠᠵᠤ᠂ ᠲᠥᠪᠯᠡᠷᠡᠩᠭᠦᠢ ᠴᠡᠭ ᠲᠤ ᠣᠨᠣᠰᠢᠯᠠᠬᠤ︾᠂ ᠠᠰᠠᠷᠠᠵᠤ ᠰᠠᠭᠠᠲᠠᠭᠤᠯᠬᠤ ᠦᠢᠯᠡᠴᠢᠯᠡᠭᠡᠨ ᠤ ᠣᠷᠣ ᠨᠡᠮᠡᠬᠦ ᠵᠡᠷᠭᠡ ᠡᠭᠦᠷᠭᠡ ᠶᠢᠨ ᠣᠨ ᠤ ᠬᠠᠷᠠᠯᠲᠠ ᠪᠠᠨ ᠤᠷᠢᠳᠴᠢᠯᠠᠨ ᠪᠡᠶᠡᠯᠡᠭᠦᠯᠪᠡ᠃

    ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠦᠷᠢᠮ︾ ᠳᠤ ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠬᠤ ᠠᠷᠭ᠎ᠠ ᠶᠢ ᠰᠠᠨᠠᠭᠠᠴᠢᠯᠠᠨ᠂ ᠡᠷᠡᠭᠦᠯ ᠮᠡᠨᠳᠦ ᠶᠢ ᠨᠥᠯᠥᠭᠡᠯᠡᠬᠦ ᠭᠤᠤᠯ ᠬᠦᠴᠦᠨ ᠵᠦᠢᠯ ᠪᠠ ᠬᠦᠨᠳᠦ ᠶᠡᠭᠡ ᠡᠪᠡᠳᠴᠢᠨ ᠡᠮᠭᠡᠭ ᠢ ᠴᠢᠷᠮᠠᠶᠢᠨ ᠬᠤᠷᠢᠭᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ 29.18% ᠳᠤ ᠬᠦᠷᠦᠭᠦᠯᠵᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.4 ᠵᠠᠭᠤᠨ ᠤ ᠴᠡᠭ ᠢᠶᠠᠷ ᠥᠨᠳᠥᠷ ᠪᠣᠯᠭᠠᠪᠠ᠃

    ᠤᠯᠤᠰ ᠤᠨ ᠣᠷᠣᠨ ᠪᠦᠰᠡ ᠶᠢᠨ ᠡᠮᠴᠢᠯᠡᠭᠡᠨ ᠤ 4 ᠲᠥᠪ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠂ ᠡᠭᠦᠨ ᠳᠤ ᠬᠥᠬᠡᠬᠤᠲᠠ ᠳᠤ 2᠂ ᠤᠯᠠᠭᠠᠨᠬᠠᠳᠠ᠂ ᠪᠠᠶᠠᠨᠨᠠᠭᠤᠷ ᠲᠤ ᠲᠣᠰ ᠪᠦᠷᠢ 1 ᠪᠠᠶᠢᠵᠤ᠂ ︽ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠤᠯ᠂ ᠬᠠᠮᠢᠶᠠᠷᠤᠯᠲᠠ︾ ᠶᠢᠨ ᠠᠭᠤᠰᠤᠯᠴᠠᠵᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠪᠥᠬᠦ ᠣᠷᠣᠨ ᠤ ᠡᠮᠴᠢᠯᠡᠭᠡᠨ ᠤ ᠥᠨᠳᠦᠷᠯᠢᠭ ᠢ ᠪᠦᠲᠦᠭᠡᠪᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ 4 ᠲᠥᠪ ᠲᠤ ᠴᠥᠮ ᠣᠷᠳᠣ ᠬᠤᠭᠤᠴᠠᠭ᠎ᠠ ᠪᠠᠷ ᠲᠣᠮᠢᠯᠠᠨ ᠰᠠᠭᠤᠯᠭᠠᠭᠰᠠᠨ ᠲᠤᠰᠬᠠᠶ ᠮᠡᠷᠭᠡᠵᠢᠯᠲᠡᠨ ᠲᠠᠢ᠂ ᠰᠠᠷ᠎ᠠ ᠪᠦᠷᠢ ᠪᠠᠷᠤᠭ 8 ᠲᠦᠮᠡᠨ ᠡᠪᠡᠳᠴᠢᠲᠡᠨ ᠳᠤ ᠦᠢᠯᠡᠴᠢᠯᠡᠳᠡᠭ᠃

    ᠪᠡᠭᠡᠵᠢᠩ ᠥᠪᠥᠷ ᠮᠣᠩᠭᠤᠯ᠂ ᠱᠠᠩᠬᠠᠶ ᠥᠪᠥᠷ ᠮᠣᠩᠭᠤᠯ᠂ ᠯᠢᠶᠣᠤᠨᠢᠩ ᠥᠪᠥᠷ ᠮᠣᠩᠭᠤᠯ᠂ ᠲᠢᠶᠠᠨᠵᠢᠨ ᠥᠪᠥᠷ ᠮᠣᠩᠭᠤᠯ ᠵᠡᠷᠭᠡ ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠤ ᠭᠠᠳᠠᠨᠠᠬᠢ ᠥᠨᠳᠥᠷ ᠬᠢᠷᠢ ᠲᠦᠪᠰᠢᠨ ᠪᠥᠬᠦᠶ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ 44 ᠡᠮᠨᠡᠯᠭᠡ ᠶᠢᠨ ᠬᠤᠷᠢᠶ᠎ᠠ ᠶᠢ ᠬᠠᠮᠤᠷᠪᠠ᠂ ᠭᠠᠷᠠᠭ ᠪᠦᠷᠢ ᠣᠷᠣᠨ ᠤ ᠭᠠᠳᠠᠨᠠᠬᠢ 530 ᠭᠠᠷᠤᠢ ᠲᠤᠰᠬᠠᠶ ᠮᠡᠷᠭᠡᠵᠢᠯᠲᠡᠨ ᠡᠮᠨᠡᠨ ᠵᠠᠰᠠᠬᠤ ᠪᠣᠯᠣᠭᠰᠠᠨ ᠢᠶᠠᠷ᠂ ᠣᠯᠠᠨ ᠲᠦᠮᠡᠨ ︽ᠬᠡᠷ ᠤᠨ ᠢᠶᠠᠨ ᠡᠭᠦᠳᠡᠨ ᠳᠤ ᠨᠠᠷᠠᠲᠤ ᠡᠮᠴᠢ ᠪᠠᠷ ᠡᠪᠡᠳᠴᠢᠨ ᠢᠶᠠᠨ ᠦᠵᠡᠭᠦᠯᠬᠦ︾ ᠶᠢ ᠪᠡᠶᠡᠯᠡᠭᠦᠯᠪᠡ᠃

11.jpg

 

    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠪᠡᠳᠴᠢᠲᠡᠳ ᠣᠷᠣᠨ ᠤ ᠭᠠᠳᠠᠨ᠎ᠠ ᠡᠪᠡᠳᠴᠢᠨ ᠢᠶᠠᠨ ᠦᠵᠡᠭᠦᠯᠬᠦ ᠳᠤ ᠭᠤᠤᠯ ᠰᠣᠩᠭᠤᠵᠤ ᠪᠠᠶᠢᠬᠤ ᠮᠤᠵᠢ ᠬᠤᠲᠠ ᠣᠷᠣᠨ ᠯᠤᠭ᠎ᠠ ᠨᠢ ᠬᠠᠷᠢᠴᠠᠭᠤᠯᠤᠨ᠂ ᠣᠷᠣᠨ ᠤ ᠭᠠᠳᠠᠨᠠᠬᠢ ᠨᠠᠩ ᠣᠯᠠᠨ᠂ ᠨᠠᠩ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠨ᠎ᠠ︔ ᠡᠭᠦᠨ ᠤ ᠬᠠᠮᠲᠤ᠂ ᠣᠷᠣᠨ ᠤ ᠭᠠᠳᠠᠨᠠᠬᠢ ᠲᠤᠰᠬᠠᠶ ᠮᠡᠷᠭᠡᠵᠢᠯᠲᠡᠨ ᠳᠠᠭᠠᠭᠤᠯᠵᠤ ᠵᠢᠭᠠᠨ ᠰᠤᠷᠭᠠᠬᠤ᠂ ᠭᠠᠳᠠᠭᠰᠢ ᠲᠣᠮᠢᠯᠠᠨ ᠪᠣᠯᠪᠠᠰᠤᠷᠠᠭᠤᠯᠬᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰ ᠨᠤᠲᠤᠭ ᠣᠷᠣᠨ ᠤ ᠨᠠᠩ ᠣᠯᠠᠨ ᠲᠤᠰᠬᠠᠶ ᠮᠡᠷᠭᠡᠵᠢᠯᠲᠡᠨ ᠢ ᠴᠢᠷᠮᠠᠶᠢᠨ ᠬᠥᠮᠦᠵᠢᠭᠦᠯᠵᠦ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠰᠠᠨᠠᠭ᠎ᠠ ᠶᠢ ᠨᠢ ᠠᠮᠤᠷ ᠲᠠᠶᠢᠪᠤᠭᠤ ᠪᠣᠯᠭᠠᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠᠰᠠ ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ︽ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ︾ ᠶᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ᠂ ᠬᠢᠲᠠᠳ ᠡᠮ ᠡᠮᠨᠡᠯᠭᠡ ᠶᠢ ᠤᠯᠠᠮᠵᠢᠯᠠᠨ ᠰᠢᠨ᠎ᠡ ᠶᠢ ᠡᠭᠦᠳᠴᠦ ᠬᠥᠭᠵᠢᠭᠦᠯᠬᠦ ᠲᠣᠭᠲᠠᠴᠠ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠢ ᠦᠨᠡᠨ ᠬᠦ ᠳᠡᠭᠡᠭᠰᠢᠯᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ