11 ᠳ᠋ᠦ᠋ᠭᠡᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠰᠡᠨ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ – – ︽ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠲᠤᠰᠬᠠᠢ ᠲᠠᠯᠠᠪᠤᠷ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠪᠠ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢ ᠤᠷᠢᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠪᠠᠶᠢᠭ᠎ᠠ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ
︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ
︽ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠪᠠ
ᠦ᠋ ᡁᠢ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠳᠠᠷᠤᠭ᠎ᠠ
ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠠᠴᠠ ᠳᠠᠷᠠᠭᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠪᠠᠶᠢᠨ᠎ᠠ᠃
ᠨᠢᠭᠡ ᠳᠤ ︽ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ᠎ᠠ᠃ ︽ᠣᠷᠣᠨ ᠪᠦᠰᠡ ᠪᠠᠷ ᠰᠠᠯᠠᠭ᠎ᠠ ᠮᠥᠴᠢᠷ ᠢ ᠨᠢᠭᠡᠳᠬᠡᠬᠦ︾ ᠶᠢ ᠬᠦᠴᠦᠯᠡᠨ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ︵ᠠᠵᠢᠯᠲᠠᠨ︶ ᠤᠨ ᠬᠤᠷᠢᠶᠠᠨ ᠤ ᠪᠠᠶᠢᠭᠤᠯᠤᠯᠲᠠ ᠶᠢ ᠴᠢᠩᠭᠠᠳᠬᠠᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠠᠵᠢᠯ ᠲᠦᠷᠦᠯ ᠤᠨ ᠨᠠᠮ ᠤᠨ ᠪᠠᠶᠢᠭᠤᠯᠤᠯᠲᠠ ᠪᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢ ᠣᠷᠣᠨ ᠪᠦᠰᠡᠴᠢᠯᠡᠭᠰᠡᠨ ᠨᠠᠮ ᠤᠨ ᠪᠠᠶᠢᠭᠤᠯᠤᠯᠲᠠ ᠲᠠᠢ ᠨᠢᠭᠡᠳᠦᠯᠲᠡᠢ ᠪᠠᠶᠢᠯᠭᠠᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠬᠦ ᠭᠤᠣᠯ ᠬᠠᠷᠢᠭᠤᠴᠠᠯᠭ᠎ᠠ ᠭᠤᠣᠯ ᠠᠵᠢᠯ ᠢ ᠠᠬᠢᠭᠤᠯᠤᠨ᠎ᠠ᠃
ᠬᠤᠶᠠᠷ ᠲᠤ ︽ᠳᠠᠷᠤᠭᠠᠰᠤ ᠶᠢ ᠨᠢ ᠬᠥᠩᠭᠡᠯᠡᠨ ᠴᠢᠳᠠᠮᠵᠢ ᠣᠯᠭᠤᠬᠤ︾ ᠳᠤ ᠠᠩᠬᠠᠷᠤᠯ ᠢᠶᠠᠨ ᠲᠥᠪᠯᠡᠷᠡᠭᠦᠯᠦᠨ᠂ ︽ᠮᠣᠷᠢ ᠳᠣᠷᠪᠢᠲᠠᠢ ᠠᠴᠢᠶ᠎ᠠ ᠬᠥᠩᠭᠡᠨ︾ ᠪᠠᠶᠢᠬᠤ ᠶᠢ ᠠᠬᠢᠭᠤᠯᠤᠨ᠎ᠠ᠃ ᠥᠨᠥ ᠵᠢᠯ ᠠᠴᠠ ᠨᠠᠭᠠᠰᠢ᠂ ︽ᠴᠢᠳᠠᠯ ᠠᠴᠠ ᠨᠢ ᠬᠡᠲᠦᠷᠡᠭᠦᠯᠵᠦ ᠪᠠᠶᠢᠭ᠎ᠠ︾ ᠲᠣᠪᠣᠶᠢᠮ᠎ᠠ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠲᠤᠯᠠᠯᠲᠠ ᠶᠢᠨ ᠠᠵᠢᠯᠯᠠᠭ᠎ᠠ ᠶᠢ ᠬᠦᠴᠦᠲᠡᠢ ᠥᠷᠨᠢᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠵᠦᠢᠯ ᠤᠨ ᠵᠢᠷᠤᠮᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠷ᠎ᠡ ᠠᠴᠠ ᠳᠣᠷᠣᠭᠰᠢ ᠪᠠᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠷᠢᠭᠤᠴᠠᠯᠭ᠎ᠠ ᠭᠦᠢᠴᠡᠳᠬᠡᠬᠦ 51 ᠵᠦᠢᠯ᠂ ᠬᠠᠤᠯᠢ ᠶᠣᠰᠣᠭᠠᠷ ᠬᠠᠮᠵᠢᠯᠴᠠᠬᠤ 20 ᠵᠦᠢᠯ ᠪᠣᠯᠭᠠᠨ ᠲᠣᠳᠣᠷᠬᠠᠶᠢᠯᠠᠬᠤ ᠪᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠷᠤᠮᠵᠢᠯ ᠢ 3 ᠲᠥᠷᠥᠯ ᠪᠣᠯᠭᠠᠵᠤ᠂ ᠵᠢᠭᠰᠠᠭᠠᠯ ᠤᠨ ᠭᠠᠳᠠᠨᠠᠬᠢ ᠫᠠᠶᠢᠰᠠ ᠢᠯᠡᠷᠬᠡᠶᠢᠯᠡᠯ ᠢ 6 ᠵᠦᠢᠯ ᠠᠴᠠ ᠢᠯᠡᠭᠦᠦ ᠪᠠᠶᠢᠯᠭᠠᠬᠤ ᠦᠭᠡᠢ ᠪᠠᠷ ᠴᠣᠮᠬᠠᠳᠬᠠᠨ ᠬᠠᠰᠤᠵᠤ᠂ ᠭᠡᠷᠡᠴᠢᠯᠡᠬᠦ ᠵᠦᠢᠯᠡᠰ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ 20 ᠵᠦᠢᠯ᠂ ᠵᠥᠪ ᠲᠠᠯ᠎ᠠ ᠶᠢᠨ ᠨᠠᠷᠢᠨ ᠲᠠᠩᠰᠠ ᠶᠢ 8 ᠵᠦᠢᠯ ᠢᠶᠠᠷ ᠵᠢᠭᠰᠠᠭᠠᠨ ᠭᠠᠷᠭᠠᠬᠤ ᠶᠢᠨ ᠬᠠᠮᠲᠤ ᠵᠥᠪᠰᠢᠶᠡᠷᠡᠨ ᠣᠷᠣᠭᠤᠯᠬᠤ ᠳᠦᠷᠢᠮ ᠢ ᠪᠠᠶᠢᠭᠤᠯᠤᠨ᠎ᠠ᠃
ᠭᠤᠷᠪᠠ ᠳᠤ᠂ ︽ᠡᠩᠨᠡᠭᠡ ᠶᠢ ᠬᠦᠴᠦᠷᠬᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠬᠦᠴᠦᠨ ᠢ ᠪᠤᠵᠠᠭᠠᠶᠢᠷᠠᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠨᠢ ︽ᠨᠡᠶᠢᠭᠡᠮ ᠲᠣᠭᠤᠷᠢᠭ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠮᠤᠵᠢ ᠶᠢᠨ ᠱᠠᠲᠤᠨ ᠤ ᠬᠡᠪᠴᠢᠶᠡᠨ ᠳᠤ ᠬᠠᠮᠤᠭ ᠤᠨ ᠲᠡᠷᠢᠭᠦᠨ ᠳᠤ ᠨᠡᠶᠢᠲᠡᠯᠡᠵᠦ᠂ ᠵᠢᠷᠭᠤᠭᠠᠨ ᠲᠠᠯ᠎ᠠ ᠶᠢᠨ 40 ᠵᠤᠷᠪᠤᠰ ᠪᠣᠳᠠᠲᠠᠢ ᠠᠷᠭ᠎ᠠ ᠪᠠ ᠣᠯᠠᠨ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠳᠣᠬᠠᠨ ᠳᠤ᠂ ᠪᠥᠬᠦ ᠣᠷᠣᠨ ᠳᠠᠬᠢ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠲᠦᠮᠡᠨ ᠬᠥᠮᠥᠨ ᠠᠮᠠ ᠪᠦᠷᠢ ᠳᠤ ᠨᠡᠶᠢᠭᠡᠮ ᠲᠣᠭᠤᠷᠢᠭ ᠤᠨ ᠠᠵᠢᠯᠲᠠᠨ 18 ᠬᠥᠮᠥᠨ ᠠᠴᠠ ᠢᠯᠡᠭᠦᠦ ᠪᠠᠶᠢᠬᠤ ᠪᠠᠷᠢᠮᠵᠢᠶᠠᠨ ᠳᠤ ᠬᠦᠷᠴᠡᠢ᠃
ᠳᠥᠷᠪᠡ ᠳᠤ᠂ ︽ᠬᠠᠮᠲᠤ ᠪᠠᠷ ᠵᠠᠰᠠᠵᠤ ᠬᠠᠮᠲᠤ ᠪᠠᠷ ᠬᠦᠷᠲᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠢᠭᠡ ᠬᠥᠯᠭᠡ ᠰᠢᠲᠠᠷ᠎ᠠ︾ ᠪᠠᠶᠢᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠵᠣᠬᠢᠴᠠᠭᠤᠯᠬᠤ ᠲᠣᠭᠲᠠᠴᠠ ᠶᠢ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃
ᠲᠠᠪᠤ ᠳᠤ ︽ᠦᠢᠯᠡᠳᠦᠯ ᠢᠶᠠᠨ ᠪᠠᠳᠠᠷᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡᠯᠢᠭ ᠵᠢᠱᠢᠶ᠎ᠡ ᠪᠠᠷ ᠵᠠᠮᠴᠢᠯᠠᠭᠤᠯᠬᠤ ᠶᠢ ᠴᠢᠩᠭᠠᠳᠬᠠᠨ᠎ᠠ᠃ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠬᠦ︾᠂ ︽ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ︾ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠳᠡᠯᠭᠡᠷᠡᠭᠦᠯᠦᠨ ᠬᠡᠷᠡᠭᠯᠡᠵᠦ ᠪᠠᠶᠢᠨ᠎ᠠ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠴᠢᠳᠠᠮᠠᠭᠠᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ
ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠪᠠ ᠦᠨᠳᠦᠰᠦᠨ ᠱᠠᠲᠤᠨ ᠤ
︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠨᠢ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ
ᠦ᠋ ᠰᠦ᠋ ᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ
ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠠᠷᠠᠳ ᠤᠨ ᠬᠦᠰᠡᠯ ᠱᠠᠭᠠᠷᠳᠠᠯᠭ᠎ᠠ ᠶᠢ ᠪᠢᠳᠡ ᠰᠢᠢᠳᠪᠦᠷᠢᠯᠡᠬᠦ᠂ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠪᠢᠳᠡ ᠭᠦᠢᠴᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠬᠦ᠂ ᠳ᠋ᠠᠶᠢᠲ᠋ᠠ ᠪᠠᠷ ᠴᠢᠳᠠᠮᠵᠢ ᠣᠯᠭᠤᠬᠤ ᠶᠢ ᠠᠬᠢᠭᠤᠯᠵᠤ᠂ ᠪᠦᠬᠦ ᠣᠷᠣᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠬᠢᠭᠡᠳ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠦᠷᠭᠦᠯᠵᠢᠯᠡᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃
ᠨᠢᠭᠡ ᠲᠠᠯ᠎ᠠ ᠪᠠᠷ᠂ ᠠᠵᠤ ᠠᠬᠤᠶᠢᠯᠠᠯ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠠᠯᠠᠮᠰᠢᠯ ᠤᠲᠠᠰᠤ 12345 ᠪᠠᠷ ᠢᠷᠡᠭᠦᠯᠦᠭᠰᠡᠨ ᠭᠤᠮᠣᠳᠠᠯ ᠲᠣᠭᠠᠴᠢᠯᠲᠠ ᠶᠢᠨ ᠠᠵᠢᠯ ᠤᠨ ᠳᠠᠩᠰᠠ ᠶᠢ ᠭᠦᠢᠴᠡᠳᠬᠡᠨ ᠰᠢᠢᠳᠪᠦᠷᠢᠯᠡᠬᠦ ᠠᠵᠢᠯ ᠢ ᠰᠢᠯᠢᠳᠡᠭᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠶᠠᠪᠤᠭᠤᠯᠵᠤ᠂ ᠮᠡᠳᠡᠯᠭᠡ ᠶᠢᠨ ᠬᠥᠮᠥᠷᠭᠡ ᠶᠢ ᠬᠥᠳᠡᠯᠦᠩᠭᠦᠢ ᠪᠠᠷ ᠰᠢᠨᠡᠳᠬᠡᠬᠦ ᠲᠣᠭᠲᠠᠴᠠ ᠶᠢ ᠪᠦᠷᠢᠨᠰᠢᠭᠦᠯᠬᠦ᠂ ᠤᠯᠠᠨ ᠲᠦᠮᠡᠨ ᠤ ᠵᠠᠭᠠᠯᠳᠤᠯᠭ᠎ᠠ ᠶᠢᠨ ᠲᠦᠷᠦᠯ ᠤᠨ ᠠᠵᠢᠯ ᠤᠨ ᠬᠠᠭᠤᠳᠠᠰᠤ ᠶᠢ ᠭᠦᠢᠴᠡᠳᠬᠡᠨ ᠰᠢᠢᠳᠪᠦᠷᠢᠯᠡᠬᠦ ᠠᠵᠢᠯ ᠤᠨ ᠶᠠᠪᠤᠴᠠ ᠶᠢ ᠲᠡᠭᠦᠯᠳᠡᠷᠵᠢᠭᠦᠯᠬᠦ ᠵᠡᠷᠭᠡ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠡᠢ᠃
ᠣᠳᠣᠬᠠᠨ ᠳᠤ᠂ ᠪᠥᠬᠦ ᠣᠷᠣᠨ ᠳᠤ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠲᠣᠭᠠᠴᠢᠯᠲᠠ ᠶᠢ ᠨᠡᠶᠢᠲᠡ 503 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠪᠡ᠂ ᠰᠢᠢᠳᠪᠦᠷᠢᠯᠡᠭᠰᠡᠨ ᠨᠣᠷᠮ᠎ᠠ ᠨᠢ 95% ᠠᠴᠠ ᠳᠡᠭᠡᠭᠰᠢ ᠳᠤ ᠬᠦᠷᠴᠡᠢ᠃
ᠨᠥᠭᠦᠭᠡ ᠲᠠᠯ᠎ᠠ ᠪᠠᠷ᠂ ᠦᠨᠳᠦᠰᠦᠨ ᠱᠠᠲᠤᠨ ᠤ ᠬᠦᠰᠦᠨᠦᠭᠲᠦ ᠲᠠᠭᠯᠠᠵᠤ ᠮᠡᠳᠡᠭᠦᠯᠬᠦ ᠲᠤᠭ᠎ᠠ ᠨᠢ ᠣᠯᠠᠨ᠂ ᠣᠯᠠᠨ ᠲᠠᠯ᠎ᠠ ᠠᠴᠠ ᠪᠢᠴᠢᠵᠦ ᠣᠷᠣᠭᠤᠯᠬᠤ᠂ ᠳᠠᠬᠢᠨ ᠳᠠᠪᠲᠠᠨ ᠲᠠᠭᠯᠠᠵᠤ ᠮᠡᠳᠡᠭᠦᠯᠬᠦ ᠠᠰᠠᠭᠤᠳᠠᠯ ᠳᠤ ᠴᠢᠭᠯᠡᠭᠦᠯᠦᠨ᠂ ᠦᠨᠳᠦᠰᠦᠨ ᠱᠠᠲᠤᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠢ ᠨᠢᠭᠡᠳᠦᠯᠲᠡᠢ ᠪᠠᠶᠢᠭᠤᠯᠪᠠ᠃ ᠰᠢᠰᠲ᠋ᠧᠮ ᠢ ᠥᠨᠥ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠪᠥᠬᠦ ᠣᠷᠣᠨ ᠤ ᠬᠡᠪᠴᠢᠶᠡᠨ ᠳᠤ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠪᠥᠬᠦ ᠤᠯᠤᠰ ᠲᠠᠬᠢ ᠨᠢᠭᠡᠨᠲᠡ ᠪᠠᠶᠢᠭᠤᠯᠤᠭᠳᠠᠭᠰᠠᠨ ᠠᠩᠬᠠᠳᠠᠭᠴᠢ ᠪᠥᠬᠦ ᠣᠷᠣᠨ ᠪᠦᠰᠡ ᠶᠢᠨ ᠪᠦᠬᠦᠶᠢᠯᠡ ᠬᠤᠰᠢᠭᠤ ᠰᠢᠶᠠᠨ ᠬᠤᠲᠠ ᠲᠣᠭᠤᠷᠢᠭ ᠢ ᠬᠠᠮᠤᠷᠤᠭᠰᠠᠨ ᠨᠢᠭᠡᠳᠦᠯᠲᠡᠢ ᠮᠡᠳᠡᠭᠦᠯᠬᠦ ᠬᠦᠰᠦᠨᠦᠭᠲᠦ ᠶᠢᠨ ᠲᠠᠪᠴᠠᠩ ᠪᠠᠶᠢᠵᠤ᠂ ᠬᠤᠰᠢᠭᠤ ᠰᠢᠶᠠᠨ ᠤ ᠨᠡᠶᠢᠲᠡ 3700 ᠭᠠᠷᠤᠢ ᠰᠠᠯᠠᠭ᠎ᠠ ᠮᠥᠴᠢᠷ ᠵᠢᠴᠢ ᠰᠢᠶᠠᠩ ᠵᠡᠭᠡᠯᠢ ᠶᠢᠨ ᠠᠵᠢᠯᠲᠠᠳ ᠲᠤ ᠰᠢᠰᠲ᠋ᠧᠮ ᠤᠨ ᠲᠠᠩᠰᠠᠨ ᠨᠣᠮᠧᠷ ᠢ 2.2 ᠲᠦᠮᠡ ᠭᠠᠷᠤᠢ ᠨᠡᠭᠡᠭᠡᠵᠦ ᠥᠭᠴᠡᠢ᠃
ᠡᠮᠬᠢᠯᠡᠬᠦ ᠪᠠᠷ ᠳᠠᠮᠵᠢᠭᠤᠯᠤᠨ ᠬᠠᠮᠲᠤ ᠪᠠᠷ ᠬᠦᠷᠲᠡᠬᠦ ᠳ᠋ᠠᠶᠢᠲ᠋ᠠ ᠶᠢᠨ ᠡᠬᠡ ᠲᠠᠩᠰᠠ ᠶᠢ ᠪᠣᠶ ᠪᠣᠯᠭᠠᠭᠠᠳ᠂ ᠮᠡᠳᠡᠭᠦᠯᠬᠦ ᠬᠦᠰᠦᠨᠦᠭᠲᠦ ᠶᠢ 80% ᠰᠢᠬᠠᠮ ᠴᠣᠮᠬᠠᠳᠬᠠᠪᠠ᠃
ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ
ᠳᠦᠷᠢᠮ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠭᠰᠡᠭᠡᠷ ᠢᠷᠡᠵᠡᠢ
ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ
ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠣᠭᠤᠷᠢᠨ ᠳᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠠᠶᠢᠲᠤᠷ ᠬᠢᠵᠦ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ 10 ᠵᠦᠢᠯ ᠤᠨ ᠠᠵᠢᠯᠯᠠᠭ᠎ᠠ ᠥᠷᠨᠢᠭᠦᠯᠵᠦ᠂ 28 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ᠂ ᠦᠨᠳᠦᠰᠦᠲᠡᠨ ᠤ ᠠᠵᠢᠯ ᠶᠠᠪᠤᠳᠠᠯ ᠤᠳ ᠢ ᠬᠠᠤᠯᠢ ᠪᠠᠷ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶᠡᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠠᠶᠢᠨ᠎ᠠ᠃
ᠨᠢᠭᠡ ᠳᠤ ᠬᠠᠤᠯᠢ ᠪᠠᠷ ᠵᠠᠰᠠᠬᠤ ᠰᠠᠭᠤᠷᠢ ᠶᠢ ᠪᠠᠲᠤᠳᠬᠠᠵᠤ᠂ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠦᠷᠢᠨᠰᠢᠭᠦᠯᠵᠦ ᠪᠠᠶᠢᠨ᠎ᠠ᠃ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠣᠬᠢᠷᠠᠭᠤᠯᠤᠨ ᠲᠡᠭᠦᠯᠳᠡᠷᠵᠢᠭᠦᠯᠬᠦ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ᠲᠣᠭᠲᠠᠭᠠᠬᠤ᠂ ᠵᠠᠰᠠᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ︾ ᠠᠵᠢᠯ ᠢ ᠦᠷᠭᠦᠯᠵᠢᠯᠡᠨ ᠠᠬᠢᠭᠤᠯᠵᠤ᠂ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠷᠭ᠎ᠠ ᠶᠢ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ︽ᠪᠠᠲᠤᠳᠬᠠᠬᠤ︾ ᠤᠷᠢᠳᠠᠴᠢ ᠬᠢᠨᠠᠨ ᠬᠠᠷᠭᠤᠭᠤᠯᠬᠤ ᠠᠵᠢᠯ ᠤᠨ ᠵᠦᠭᠯᠡᠭᠦᠷ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ 63 ᠬᠤᠪᠢ ᠪᠢᠴᠢᠭ ᠮᠠᠲ᠋ᠧᠷᠢᠶᠠᠯ ᠤᠨ ᠤᠷᠢᠳᠠᠴᠢ ᠬᠢᠨᠠᠨ ᠬᠠᠷᠭᠤᠭᠤᠯᠤᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠬᠠᠤᠯᠢ ᠪᠠᠷ ᠵᠠᠰᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃
ᠬᠤᠶᠠᠷ ᠲᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠶᠠᠪᠤᠳᠠᠯ ᠢ ᠬᠠᠤᠯᠢ ᠶᠣᠰᠣᠭᠠᠷ ᠵᠠᠰᠠᠬᠤ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ᠣᠨᠣᠯ ᠤᠨ ᠰᠤᠳᠤᠯᠭᠠᠨ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠤᠳᠤᠯᠭᠠᠨ ᠤ ︵ᠪᠣᠶᠢᠵᠢᠭᠤᠯᠬᠤ︶ ᠰᠠᠭᠤᠷᠢᠨ ᠭᠠᠵᠠᠷ ᠢ 8 ᠪᠠᠶᠢᠭᠰᠠᠨ ᠠᠴᠠ ᠪᠠᠨ ᠨᠡᠮᠡᠭᠳᠡᠭᠦᠯᠦᠭᠡᠳ 19 ᠪᠣᠯᠭᠠᠵᠠᠢ᠃
ᠭᠤᠷᠪᠠ ᠳᠤ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠬᠠᠷᠢᠯᠴᠠᠨ ᠰᠢᠬᠢᠳᠬᠡᠯ ᠬᠡᠯᠪᠡᠷᠢᠲᠦ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠠᠰ ᠳᠡᠪᠰᠢᠭᠦᠯᠦᠭᠰᠡᠨ ᠵᠠᠭᠪᠤᠷ ᠢ ᠦᠷᠭᠦᠯᠵᠢᠯᠡᠨ ᠪᠣᠶ ᠪᠣᠯᠭᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠥᠷᠨᠢᠭᠦᠯᠦᠨ᠂ ᠦᠨᠳᠦᠰᠦᠨ ᠱᠠᠲᠤᠨ ᠤ ᠡᠭᠦᠳᠦᠨ ᠪᠠᠶᠢᠭᠤᠯᠬᠤ ᠠᠵᠢᠯ ᠤᠨ ᠨᠠᠷᠠᠲᠤ ᠲᠥᠷᠥᠯ ᠲᠡᠮᠳᠡᠭ ᠢ 396 ᠭᠠᠷᠭᠠᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠤ ᠲᠦᠰᠢᠭᠯᠡᠬᠦ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳᠴᠢᠯᠠᠯ ᠢᠶᠠᠷ ᠵᠥᠪᠳᠡᠯᠴᠡᠬᠦ᠂ ᠨᠡᠶᠢᠭᠡᠮ ᠤᠨ ᠬᠢᠨ ᠵᠣᠬᠢᠴᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠪᠠ᠃
ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ
ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ ᠲᠡᠭᠦᠯᠳᠡᠷᠵᠢᠭᠦᠯᠵᠦ
ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠥᠭᠭᠦᠨ᠎ᠡ
ᠵᠠᠩ ᠶᠢᠨ ᠫᠢᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ
ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠨᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠲᠠᠪᠤᠨ ᠱᠠᠲᠤᠨ ᠤ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠨᠡᠪᠲᠡᠷᠡᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ᠂ ᠬᠤᠰᠢᠭᠤ ᠰᠢᠶᠠᠨ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ ᠵᠠᠮ ᠢ ᠨᠡᠪᠲᠡᠷᠡᠭᠦᠯᠦᠨ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠰᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ ᠤᠯᠠᠨ ᠲᠦᠮᠡᠨ ᠤ ᠭᠤᠮᠣᠳᠠᠯ ᠲᠣᠭᠠᠴᠢᠯᠲᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠵᠦ︾ ᠪᠠᠶᠢᠭᠰᠠᠨ ᠢ ︽ᠤᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠭᠠᠵᠤ᠂ ︽ᠵᠥᠷᠢᠴᠡᠯ ᠢ ᠰᠠᠨᠠᠭᠠᠴᠢᠯᠭᠠᠲᠤ ᠪᠤᠰᠤ ᠪᠠᠷ ᠠᠷᠢᠯᠭᠠᠵᠤ︾ ᠪᠠᠶᠢᠭᠰᠠᠨ ᠢ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠤᠳ ᠢ ᠴᠠᠭ ᠲᠤᠬᠠᠢ ᠳᠤ ᠨᠢ ᠭᠡᠷ ᠲᠤ ᠨᠢ ᠰᠢᠢᠳᠪᠦᠷᠢᠯᠡᠵᠦ ᠥᠭᠬᠦ ᠪᠣᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠪᠠ᠃
ᠨᠢᠭᠡ ᠳᠤ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢᠨ ︽ᠳᠣᠣᠷ᠎ᠠ ᠠᠴᠠ ᠳᠡᠭᠡᠭᠰᠢ︾᠂ ᠭᠤᠣᠯᠳᠠᠯᠭ᠎ᠠ ᠲᠠᠢ ᠵᠦᠢᠯᠡᠰ ᠤᠨ ︽ᠳᠡᠭᠡᠷ᠎ᠡ ᠠᠴᠠ ᠳᠣᠷᠣᠭᠰᠢ︾ ᠪᠠᠶᠢᠬᠤ ᠣᠷᠣᠯᠠᠨ ᠭᠦᠢᠴᠡᠳᠬᠡᠬᠦ ᠠᠷᠭ᠎ᠠ ᠵᠠᠮ ᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠨᠢᠭᠡᠨᠲᠡ ᠴᠥᠮ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 40 ᠲᠢᠩᠬᠢᠮ ᠲᠣᠪᠴᠢᠶ᠎ᠠ᠂ ᠨᠢᠭᠡᠴᠢ ᠨᠦᠭᠦᠳ ᠲᠣᠰᠪᠤᠷᠢ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠠᠮ ᠱᠤᠭᠤᠮ ᠢ ᠱᠠᠲᠤ ᠳᠠᠷᠠᠭᠠᠯᠠᠨ ᠨᠡᠪᠲᠡᠷᠡᠭᠦᠯᠪᠡ᠃
ᠬᠤᠶᠠᠷ ᠲᠤ᠂ ᠲᠠᠪᠤᠨ ᠱᠠᠲᠤᠨ ᠤ ᠬᠤᠣᠰ ᠴᠢᠭᠯᠡᠯ ᠢᠶᠠᠷ ᠨᠡᠪᠲᠡᠷᠡᠭᠦᠯᠦᠭᠰᠡᠨ ᠣᠷᠣᠯᠠᠨ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠎ᠡ᠃ ᠭᠤᠮᠣᠳᠠᠯ ᠲᠣᠭᠠᠴᠢᠯᠲᠠ ᠨᠢ ᠳᠥᠭᠦᠮᠬᠡᠨ ᠪᠠᠶᠢᠳᠠᠭ ᠣᠷᠣᠯᠠᠨ ᠭᠦᠢᠴᠡᠳᠬᠡᠬᠦ ᠵᠦᠢᠯᠡᠰ ᠤᠨ ᠣᠷᠣᠯᠠᠨ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠰᠢᠶᠠᠩ ᠲᠣᠰᠬᠤᠨ ᠬᠤᠶᠠᠷ ᠱᠠᠲᠤᠨ ᠤ ᠣᠷᠣᠯᠠᠨ ᠭᠦᠢᠴᠡᠳᠭᠡᠭᠴᠢ ᠡᠶᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠵᠣᠬᠢᠴᠠᠭᠤᠯᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠬᠠᠷᠢᠭᠤᠯᠲᠠ ᠥᠭᠭᠦᠨ᠎ᠡ︔ ᠪᠠᠶᠢᠳᠠᠯ ᠨᠢ ᠪᠤᠳᠤᠯᠢᠶᠠᠨᠲᠠᠢ ᠣᠷᠣᠯᠠᠨ ᠭᠦᠢᠴᠡᠳᠬᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠣᠶᠤᠨᠴᠢ ᠲᠤᠰᠠᠯᠠᠬᠤ ᠰᠢᠰᠲ᠋ᠧᠮ ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ︾ ᠬᠡᠰᠡᠭ ᠲᠤ ᠲᠦᠰᠢᠭᠯᠡᠨ᠂ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠵᠢᠷᠤᠮᠵᠢᠭᠤᠨ ᠰᠢᠢᠳᠪᠦᠷᠢᠯᠡᠵᠦ᠂ ᠴᠠᠭ ᠲᠤᠬᠠᠢ ᠳᠤ ᠨᠢ ᠪᠠᠶᠢᠴᠠᠭᠠᠨ ᠯᠠᠪᠯᠠᠵᠤ ᠪᠣᠯᠬᠤ᠂ ᠮᠥᠷᠳᠡᠵᠦ ᠪᠣᠯᠬᠤ᠂ ᠰᠢᠮᠳᠠᠭᠤᠯᠤᠨ ᠰᠢᠢᠳᠪᠦᠷᠢᠯᠡᠭᠦᠯᠵᠦ ᠪᠣᠯᠬᠤ ᠶᠢ ᠪᠡᠶᠡᠯᠡᠭᠦᠯᠦᠨ᠎ᠡ᠃
ᠭᠤᠷᠪᠠ ᠳᠤ ᠦᠨᠡᠨ ᠬᠦ ᠣᠷᠣᠯᠠᠨ ᠭᠦᠢᠴᠡᠳᠬᠡᠵᠦ᠂ ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃ ᠥᠨᠥ ᠵᠢᠯ ᠠᠴᠠ ᠨᠠᠭᠠᠰᠢ᠂ ᠡᠯ᠎ᠡ ᠭᠠᠵᠠᠷ ᠤᠨ ᠬᠢᠨ ︽ᠭᠤᠮᠣᠳᠠᠯ ᠲᠣᠭᠠᠴᠢᠭᠰᠠᠨ ᠦᠭᠡᠢ ᠪᠠᠶᠢᠲᠠᠯ᠎ᠠ ᠤᠷᠢᠳ ᠢᠶᠠᠷ ᠰᠢᠢᠳᠪᠦᠷᠢᠯᠡᠭᠰᠡᠨ ᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠵᠤ᠂ ᠰᠠᠭᠠᠳ ᠦᠭᠡᠢ ᠨᠡᠪᠲᠡᠷᠡᠬᠦ ᠵᠠᠮ ᠢᠶᠠᠷ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶᠢᠬᠠᠨ ᠰᠢᠢᠳᠪᠦᠷᠢᠯᠡᠵᠦ᠂ ᠳᠡᠭᠡᠭᠰᠢ ᠳᠣᠷᠣᠭᠰᠢ ᠨᠡᠪᠲᠡᠷᠡᠬᠦ ᠶᠢ ᠲᠥᠷᠥᠯ ᠬᠤᠪᠢᠶᠠᠨ ᠣᠷᠣᠯᠠᠨ ᠭᠦᠢᠴᠡᠳᠬᠡᠵᠦ︾᠂ ᠠᠵᠢᠯ ᠤᠨ ᠠᠬᠢᠴᠠ ᠶᠢᠨ ᠳᠠᠭᠠᠤ ᠳᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠵᠢᠯ ᠤᠨ ᠣᠷᠣᠨ ᠪᠠᠶᠢᠷᠢ ᠪᠠᠨ ᠴᠠᠭ ᠲᠤᠬᠠᠢ ᠳᠤ ᠨᠢ ᠬᠤᠪᠢᠷᠠᠭᠤᠯᠵᠤ᠂ ᠨᠢᠭᠡ ᠪᠦᠯᠦᠭ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯᠡᠰ ᠢ ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠦᠨᠡᠨ ᠬᠦ ᠠᠬᠢᠭᠤᠯᠵᠠᠢ᠂ ᠥᠨᠥ ᠵᠢᠯ ᠠᠴᠠ ᠨᠠᠭᠠᠰᠢ᠂ ᠪᠥᠬᠦ ᠣᠷᠣᠨ ᠳᠤ ᠡᠯ᠎ᠡ ᠲᠥᠷᠥᠯ ᠤᠨ ᠵᠦᠢᠯᠡᠰ ᠢ ᠨᠢᠭᠡᠨᠲᠡ 2.5 ᠲᠦᠮᠡ ᠭᠠᠷᠤᠢ ᠣᠷᠣᠯᠠᠨ ᠭᠦᠢᠴᠡᠳᠬᠡᠭᠰᠡᠨ ᠪᠠᠶᠢᠨ᠎ᠠ᠃