11 ᠳ᠋ᠦ᠋ᠭᠡᠷ ᠰᠠᠷ᠎ᠠ ᠶᠢᠨ 4᠎ ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/11/4


      11 ᠳ᠋ᠦ᠋ᠭᠡᠷ ᠰᠠᠷ᠎ᠠ ᠶᠢᠨ 1᠎ ᠤ ᠡᠳᠦᠷ ᠠᠴᠠ 3᠎ ᠤ ᠡᠳᠦᠷ ᠪᠣᠯᠲᠠᠯ᠎ᠠ᠂ ︽2024 ᠣᠨ ᠤ ᠬᠤᠶᠠᠳᠤᠭᠠᠷ ᠬᠤᠭᠤᠴᠠᠭᠠᠨ ᠤ ᠪᠡᠭᠡᠵᠢᠩ ᠤᠨ ᠣᠯᠠᠨ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠦᠵᠡᠰᠬᠦᠯᠡᠩ︾᠎ ᠨᠢ ᠪᠡᠭᠡᠵᠢᠩ ᠤᠨ ᠦᠵᠡᠰᠬᠦᠯᠡᠩ ᠤᠨ ᠣᠷᠳᠣᠨ ᠳᠤ ᠶᠠᠪᠤᠭᠳᠠᠵᠤ᠂ ᠮᠠᠨ ᠤ ᠣᠷᠣᠨ ᠲᠤᠰᠬᠠᠢ ᠴᠢᠮᠡᠭᠯᠡᠭᠰᠡᠨ ᠦᠵᠡᠭᠦᠯᠭᠡ ᠶᠢᠨ ᠣᠷᠣᠨ ᠲᠣᠬᠢᠷᠠᠭᠤᠯᠵᠤ ᠦᠵᠡᠰᠬᠦᠯᠡᠩ ᠳᠤ ᠣᠷᠣᠯᠴᠠᠨ᠂ ᠥᠪᠥᠷ ᠮᠣᠩᠭᠤᠯ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠪᠡ᠃ ︵ᠰᠣᠶᠣᠯ ᠪᠠ ᠵᠢᠭᠤᠯᠴᠢᠯᠠᠯ ᠤᠨ ᠲᠢᠩᠬᠢᠮ︶
      10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠳᠠᠬᠢ ᠲᠣᠪᠴᠢᠶ᠎ᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ 146 ᠴᠣᠪᠣᠭ᠎ᠠ ᠡᠬᠢᠯᠡᠨ ᠠᠶᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 28 ᠴᠤᠪᠤᠭ᠎ᠠ ᠨᠡᠮᠡᠭᠳᠡᠨ᠂ 23.7%᠎ ᠪᠠᠷ ᠨᠡᠮᠡᠭᠳᠡᠪᠡ᠃ ᠡᠭᠦᠨ ᠳᠤ᠂ ᠬᠥᠬᠡᠬᠤᠲᠠ ᠠᠴᠠ ᠡᠬᠢᠯᠡᠨ ᠠᠶᠠᠯᠠᠭᠤᠯᠤᠭᠰᠠᠨ ᠨᠢ 80 ᠴᠤᠪᠤᠭ᠎ᠠ᠂ ᠤᠯᠠᠭᠠᠨᠴᠠᠪ ᠬᠤᠲᠠ ᠠᠴᠠ ᠡᠬᠢᠯᠡᠨ ᠠᠶᠠᠯᠠᠭᠤᠯᠤᠭᠰᠠᠨ ᠨᠢ 58 ᠴᠤᠪᠤᠭ᠎ᠠ᠂ ᠪᠠᠶᠠᠨᠨᠠᠭᠤᠷ ᠬᠤᠲᠠ ᠠᠴᠠ ᠡᠬᠢᠯᠡᠨ ᠠᠶᠠᠯᠠᠭᠤᠯᠤᠭᠰᠠᠨ ᠨᠢ 5 ᠴᠤᠪᠤᠭ᠎ᠠ᠂ ᠪᠤᠭᠤᠲᠤ ᠬᠤᠲᠠ ᠠᠴᠠ ᠡᠬᠢᠯᠡᠨ ᠠᠶᠠᠯᠠᠭᠤᠯᠤᠭᠰᠠᠨ ᠨᠢ 3 ᠴᠤᠪᠤᠭ᠎ᠠ ᠪᠠᠶᠢᠪᠠ᠃ ︵ᠬᠥᠬᠡᠬᠤᠲᠠ ᠲᠡᠮᠦᠷ ᠵᠠᠮ ᠤᠨ ᠲᠣᠪᠴᠢᠶ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ