|
ᠮᠠᠨ ᠤ ᠣᠷᠣᠨ ᠬᠢᠭᠡᠳ ᠭᠤᠸᠠᠩᠳᠦ᠋ᠩ ᠮᠤᠵᠢ ᠯᠤᠭ᠎ᠠ ᠶᠢᠨ ᠨᠡᠮᠡᠭᠳᠡᠯ ᠬᠠᠰᠤᠭᠳᠠᠯ ᠢ ᠦᠯᠡᠳᠡᠪᠦᠷᠢ ᠭᠦᠢᠴᠡᠳᠬᠡᠯ ᠲᠤᠭ᠎ᠠ ᠲᠠᠢ ᠬᠤᠯᠪᠣᠭᠳᠠᠭᠤᠯᠤᠭᠰᠠᠨ ᠮᠤᠵᠢ | ᠠᠯᠤᠰᠯᠠᠭᠰᠠᠨ ᠠᠷᠠᠯᠵᠢᠶ᠎ᠠ ᠲᠡᠭᠦᠰ ᠠᠮᠵᠢᠯᠲᠠ ᠲᠠᠢ ᠥᠨᠳᠦᠷᠯᠡᠪᠡ ᠠᠷᠠᠯᠵᠢᠶᠠᠯᠠᠭᠰᠠᠨ ᠵᠣᠭᠤᠰᠤᠨ ᠤ ᠲᠤᠭ᠎ᠠ 22.152 ᠳ᠋ᠦᠩᠰᠢᠭᠤᠷ ᠲᠥᠭᠦᠷᠢᠭ ᠲᠤ | ᠬᠦᠷᠪᠡ |
|
|
ᠨᠡᠶᠢᠲᠡᠯᠡᠭᠰᠡᠨ ᠴᠠᠭ᠄
2024/11/5
|
|
2022 ᠣᠨ ᠤ 7 ᠳ᠋ᠤᠭᠠᠷ ᠰᠠᠷ᠎ᠠ ᠳᠤ᠂ ᠮᠠᠨ ᠤ ᠣᠷᠣᠨ ᠬᠢᠭᠡᠳ ᠭᠤᠸᠠᠩᠳᠦ᠋ᠩ ᠮᠤᠵᠢ ᠯᠤᠭ᠎ᠠ ᠶᠢᠨ ᠬᠤᠶᠠᠷ ᠮᠤᠵᠢ ᠣᠷᠣᠨ ᠤ ᠨᠡᠮᠡᠭᠳᠡᠯ ᠬᠠᠰᠤᠭᠳᠠᠯ ᠢ ᠭᠦᠢᠴᠡᠳᠬᠡᠯ ᠲᠤᠭ᠎ᠠ ᠲᠠᠢ ᠬᠤᠯᠪᠣᠭᠳᠠᠭᠤᠯᠤᠭᠰᠠᠨ ᠠᠷᠠᠯᠵᠢᠶ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠠᠷᠠᠯᠵᠢᠶ᠎ᠠ ᠶᠢᠨ ᠬᠡᠪᠴᠢᠶ᠎ᠡ 7384 ᠮᠦ᠂ ᠵᠣᠭᠤᠰᠤᠨ ᠤ ᠲᠤᠭ᠎ᠠ 22.152 ᠳ᠋ᠦᠩᠰᠢᠭᠤᠷ ᠲᠥᠭᠦᠷᠢᠭ ᠲᠤ ᠬᠦᠷᠪᠡ᠃ 2023 ᠣᠨ ᠤ 11 ᠳ᠋ᠦ᠋ᠭᠡᠷ ᠰᠠᠷ᠎ᠠ ᠳᠤ ᠬᠤᠶᠠᠷ ᠮᠤᠵᠢ ᠣᠷᠣᠨ ᠤ ᠮᠤᠵᠢ ᠣᠷᠣᠨ ᠠᠯᠤᠰᠯᠠᠭᠰᠠᠨ ᠭᠦᠢᠴᠡᠳᠬᠡᠯ ᠲᠣᠭᠠᠨ ᠤ ᠠᠷᠠᠯᠵᠢᠶ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢ ᠣᠯᠪᠠ᠃ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ᠂ ᠭᠤᠸᠠᠩᠳᠦ᠋ᠩ ᠮᠤᠵᠢ ᠶᠢᠨ ᠵᠠᠰᠠᠭ ᠤᠨ ᠣᠷᠳᠣᠨ ᠠᠴᠠ ᠮᠠᠨ ᠤ ᠣᠷᠣᠨ ᠳᠤ 22.152 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠰᠢᠯᠵᠢᠭᠦᠯᠦᠨ ᠥᠭᠪᠡ᠂ ᠡᠭᠦᠨ ᠳᠤ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ ᠳᠤ 1.386 ᠳ᠋ᠦᠩᠰᠢᠭᠤᠷ ᠲᠥᠭᠦᠷᠢᠭ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠳᠤ 1.302 ᠳ᠋ᠦᠩᠰᠢᠭᠤᠷ ᠲᠥᠭᠦᠷᠢᠭ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 8 ᠬᠤᠰᠢᠭᠤ ᠰᠢᠶᠠᠨ ᠳᠤ 4.944 ᠳ᠋ᠦᠩᠰᠢᠭᠤᠷ ᠲᠥᠭᠦᠷᠢᠭ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 4 ᠬᠤᠰᠢᠭᠤ ᠰᠢᠶᠠᠨ ᠳᠤ 14.52 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠭᠦᠭᠰᠡᠨ ᠪᠠᠶᠢᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|